ᠬᠦᠮᠦᠰ ᠤᠨ ᠠᠵᠢᠯ ᠠᠮᠢᠳᠤᠷᠠᠯ ᠤᠨ ᠠᠶᠢᠵᠠᠮ ᠲᠦᠷᠬᠡᠰᠬᠦ ᠶᠢ ᠳᠠᠭᠠᠯᠳᠤᠨ᠂ ᠨᠤᠶᠢᠷ ᠬᠤᠯᠵᠢᠬᠤ ᠪᠠᠶᠢᠳᠠᠯ | ᠵᠦᠩᠳᠡᠬᠡᠨ ᠢᠯᠡᠷᠡᠳᠡᠭ᠃ ᠡᠶᠢᠮᠦᠷᠬᠦᠦ ᠢᠯᠡᠷᠡᠯ ᠨᠢ ᠬᠦᠮᠦᠰ ᠤᠨ ᠡᠳᠤᠷ ᠳᠤᠳᠤᠮ ᠤᠨ ᠠᠵᠢᠯ ᠠᠮᠢᠳᠤᠷᠠᠯ ᠢ | ᠨᠦᠯᠦᠬᠡᠯᠡᠬᠦ ᠪᠠᠷ ᠪᠠᠷᠠᠬᠤ ᠦᠬᠡᠢ᠂ ᠪᠡᠶ᠎ᠡ ᠰᠡᠳᠬᠢᠯ ᠤᠨ ᠡᠷᠡᠬᠦᠯ ᠮᠡᠨᠳᠤ ᠶᠢ ᠴᠤ ᠨᠦᠯᠦᠬᠡᠯᠡᠨ᠎ᠡ᠃ ᠳᠡᠬᠡᠪᠡᠯ ᠤᠷᠳᠤ | ᠬᠤᠭᠤᠴᠠᠭ᠎ᠠ ᠪᠠᠷ ᠨᠤᠶᠢᠷ ᠬᠤᠯᠵᠢᠬᠤ ᠨᠢ ᠬᠦᠮᠦᠨ ᠤ ᠪᠡᠶ᠎ᠡ ᠮᠠᠬᠠᠪᠤᠳ ᠲᠤ ᠶᠠᠮᠠᠷ ᠨᠦᠯᠦᠬᠡ ᠲᠠᠢ ᠪᠤᠯ︖ ᠡᠬᠦᠨ ᠢ | ᠬᠡᠷᠬᠢᠨ ᠰᠡᠷᠬᠡᠶᠢᠯᠡᠪᠡᠯ ᠵᠤᠬᠢᠬᠤ ᠪᠤᠢ︖ | ᠤᠷᠳᠤ ᠬᠤᠭᠤᠴᠠᠭ᠎ᠠ ᠪᠠᠷ ᠨᠤᠶᠢᠷ ᠬᠤᠯᠵᠢᠬᠤ ᠶᠢᠨ ᠨᠦᠯᠦᠬᠡ | ᠳᠠᠯ᠎ᠠ ᠳᠤᠯᠤᠭᠠᠢ ᠡᠪᠡᠳᠬᠦ ᠡᠪᠡᠳᠴᠢᠨ ᠳᠤ ᠨᠡᠷᠪᠡᠭᠳᠡᠬᠦ ᠲᠦᠭᠰᠢᠬᠦᠷᠢ ᠶᠢ ᠨᠡᠮᠡᠭᠳᠡᠬᠦᠯᠦᠨ᠎ᠡ᠃ | ᠳᠠᠷᠢᠬᠢ ᠴᠢᠰᠤᠨ ᠰᠤᠳᠠᠯ ᠤᠨ ᠡᠪᠡᠳᠴᠢᠨ ᠳᠤ ᠨᠡᠷᠪᠡᠭᠳᠡᠬᠦ ᠲᠦᠭᠰᠢᠬᠦᠷᠢ ᠶᠢ ᠨᠡᠮᠡᠭᠳᠡᠬᠦᠯᠦᠨ᠎ᠡ᠃ | ᠰᠡᠳᠬᠢᠴᠡ ᠶᠢᠨ ᠡᠷᠡᠬᠦᠯ ᠮᠡᠨᠳᠤ ᠶᠢ ᠨᠦᠯᠦᠬᠡᠯᠡᠨ᠎ᠡ᠃ | ᠶᠡᠭᠡ ᠳᠠᠷᠢᠬᠢᠨ ᠤ ᠦᠳᠡᠯᠬᠦ ᠶᠢ ᠲᠦᠷᠬᠡᠳᠬᠡᠨ᠎ᠡ᠃ | ᠠᠮᠠᠷᠬᠠᠨ ᠮᠠᠷᠢᠶᠠᠯᠠᠨ᠎ᠠ᠃ | ᠳᠤᠬᠢᠷᠠᠮᠵᠢᠳᠡᠢ ᠤᠨᠳᠠᠯᠭ᠎ᠠ ᠶᠢᠨ ᠤᠷᠴᠢᠨ ᠢ ᠰᠤᠩᠭᠤᠨ᠎ᠠ | ᠤᠨᠳᠠᠯᠭ᠎ᠠ ᠶᠢᠨ ᠦᠷᠦᠬᠡᠨ ᠳᠤ ᠪᠠᠨ ᠬᠡᠷᠡᠯ ᠢ ᠬᠠᠯᠭᠠᠯᠠᠬᠤ ᠵᠤᠵᠠᠭᠠᠨ ᠴᠤᠩᠬᠤᠨ ᠤ ᠪᠦᠳᠦᠬᠡᠯᠬᠡ ᠶᠢ | ᠬᠡᠷᠡᠭᠯᠡᠨ᠂ ᠠᠯᠢ ᠴᠢᠳᠠᠬᠤ ᠪᠠᠷ ᠡᠯᠧᠺᠲᠷᠤᠨ ᠪᠦᠳᠦᠬᠡᠭᠳᠡᠬᠦᠨ ᠳᠠᠯᠪᠢᠬᠤ ᠦᠬᠡᠢ ᠪᠤᠯ ᠰᠠᠶᠢᠨ᠂ ᠵᠢᠱᠢᠶᠡᠯᠡᠪᠡᠯ ᠭᠠᠷ | ᠤᠳᠠᠰᠤ ᠪᠠᠨ ᠳᠠᠷᠠ ᠶᠢᠨ ᠬᠠᠵᠠᠭᠤ ᠳᠤ ᠪᠠᠨ ᠳᠠᠯᠪᠢᠬᠤ ᠦᠬᠡᠢ᠃ | ᠰᠡᠳᠬᠢᠯ ᠰᠠᠨᠠᠭ᠎ᠠ ᠪᠠᠨ ᠠᠭᠤᠵᠢᠭᠤ ᠳᠠᠯᠪᠢᠨ᠎ᠠ | ᠦᠪᠡᠷ ᠤᠨ ᠰᠡᠳᠬᠢᠯ ᠰᠠᠨᠠᠭ᠎ᠠ ᠪᠠᠨ ᠳᠤᠭᠳᠠᠭᠤᠨ ᠪᠠᠶᠢᠯᠭᠠᠵᠤ᠂ ᠤᠨᠳᠠᠬᠤ ᠠᠴᠠ ᠪᠠᠨ ᠡᠮᠤᠨ᠎ᠡ ᠢᠳᠡᠪᠬᠢ | ᠪᠤᠰᠤ ᠵᠦᠢᠯᠡᠰ ᠢ ᠪᠤᠳᠤᠬᠤ ᠦᠬᠡᠢ ᠪᠤᠯ ᠵᠤᠬᠢᠨ᠎ᠠ᠃ | ᠪᠦᠯᠢᠶᠡᠨ ᠤᠰᠤ ᠪᠠᠷ ᠪᠡᠶ᠎ᠡ ᠪᠠᠨ ᠤᠬᠢᠶᠠᠨ᠎ᠠ | ᠤᠨᠳᠠᠬᠤ ᠠᠴᠠ ᠪᠠᠨ ᠡᠮᠤᠨ᠎ᠡ ᠪᠦᠯᠢᠶᠡᠨ ᠤᠰᠤ ᠪᠠᠷ ᠪᠡᠶ᠎ᠡ ᠪᠠᠨ ᠤᠬᠢᠶᠠᠪᠠᠯ ᠪᠡᠶ᠎ᠡ ᠮᠠᠬᠠᠪᠤᠳ ᠳᠠᠯᠪᠢᠭᠤᠷᠠᠵᠤ | ᠨᠡᠩ ᠠᠮᠠᠷᠬᠠᠨ ᠤᠨᠳᠠᠵᠤ ᠳᠡᠶᠢᠯᠦᠨ᠎ᠡ᠃ | ᠵᠤᠬᠢᠰᠳᠠᠢ ᠬᠦᠳᠡᠯᠬᠡᠬᠡᠨ ᠬᠢᠨ᠎ᠡ | ᠬᠦᠳᠡᠯᠬᠡᠬᠡᠨ ᠬᠢᠬᠦ ᠴᠠᠭ ᠪᠠ ᠬᠦᠨᠳᠤᠴᠡ ᠶᠢ ᠦᠪᠡᠷ ᠤᠨ ᠪᠡᠶ᠎ᠡ ᠶᠢᠨ ᠪᠠᠶᠢᠳᠠᠯ ᠢᠶᠠᠨ ᠦᠨᠳᠤᠰᠤᠯᠡᠨ᠂ | ᠬᠦᠴᠢᠯᠳᠦ᠋ᠷᠦᠭᠴᠢᠳᠤ ᠳᠠᠮᠢᠷ ᠢ ᠢᠯᠡᠬᠦᠬᠡᠨ ᠬᠢᠪᠡᠯ ᠵᠤᠬᠢᠨ᠎ᠠ᠃ | |