ᠳ᠋ᠦᠩᠱᠧᠩ ᠲᠤᠭᠤᠷᠢᠭ ᠴᠠᠰᠤ ᠲᠠᠢ ᠡᠳᠦᠷ ᠤᠨ ᠰᠠᠭᠠᠳ ᠦᠬᠡᠢ ᠨᠡᠪᠳᠡᠷᠡᠬᠦ ᠶᠢ ᠪᠠᠳᠤᠯᠠᠨ᠎ᠠ
ᠨᠡᠶᠢᠲᠡᠯᠡᠭᠰᠡᠨ ᠴᠠᠭ᠄
2024/11/25
    11 ᠰᠠᠷ᠎ᠠ ᠶᠢᠨ 24 ᠤ ᠡᠳᠦᠷ᠂ ᠳ᠋ᠦᠩᠱᠧᠩ ᠲᠣᠭᠤᠷᠢᠭ ᠲᠤ ᠠᠩᠬᠠᠨ ᠤ ᠴᠠᠰᠤ ᠣᠷᠣᠵᠤ᠂ ᠬᠤᠲᠠ ᠶᠢᠨ ᠠᠷᠠᠳ ᠲᠤ ᠡᠪᠦᠯ ᠤᠨ ᠰᠠᠶᠢᠬᠠᠨ ᠦᠵᠡᠮᠵᠢ ᠶᠢ ᠠᠪᠴᠢᠷᠠᠭᠰᠡᠨ ᠪᠤᠯᠪᠠᠴᠦ ᠶᠠᠪᠤᠵᠤ ᠰᠠᠭᠤᠬᠤ ᠳᠤ ᠳᠥᠭᠦᠮ ᠦᠭᠡᠢ ᠪᠣᠯᠭᠠᠵᠠᠢ᠃ ᠳ᠋ᠦᠩᠱᠧᠩ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠥᠪ ᠤᠨ ᠬᠢᠨ ᠴᠠᠰᠤ ᠴᠡᠪᠡᠷᠯᠡᠬᠦ ᠲᠥᠰᠥᠯ ᠢ ᠦᠳᠲᠡᠷ ᠲᠦᠷᠭᠡᠨ ᠡᠬᠢᠯᠡᠭᠦᠯᠵᠦ᠂ ᠬᠥᠮᠥᠨ ᠲᠣᠮᠢᠯᠠᠨ ᠴᠠᠰᠤ ᠴᠡᠪᠡᠷᠯᠡᠬᠦ ᠮᠠᠰᠢᠨ ᠲᠡᠷᠭᠡ ᠪᠠᠷ ᠴᠠᠰᠤ ᠴᠡᠪᠡᠷᠯᠡᠬᠦ ᠠᠵᠢᠯᠯᠠᠭ᠎ᠠ ᠶᠢ ᠥᠷᠨᠢᠭᠦᠯᠵᠦ᠂ ᠬᠤᠳᠠ ᠶᠢᠨ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠪᠠ᠃
 
5.6.jpg
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ