ᠳᠠᠮᠢᠷ ᠤᠨ ᠬᠦᠳᠡᠯᠬᠡᠬᠡᠨ ᠤ ᠡᠮᠤᠨ᠎ᠡ ᠪᠤᠶᠤ ᠬᠤᠶᠢᠨ᠎ᠠ ᠬᠤᠭᠤᠯᠠ ᠢᠳᠡᠬᠦ ᠴᠢᠬᠤᠯᠠ ᠲᠠᠢ ᠤᠤ︖
ᠨᠡᠶᠢᠲᠡᠯᠡᠭᠰᠡᠨ ᠴᠠᠭ᠄
2024/11/25
      ᠦᠯᠦᠰᠬᠦᠯᠡᠩ ᠢᠶᠠᠷ ᠳᠠᠮᠢᠷ ᠤᠨ ᠬᠦᠳᠡᠯᠬᠡᠬᠡᠨ ᠬᠢᠬᠦ ᠶᠢᠨ ᠨᠦᠯᠦᠬᠡ᠄       ᠦᠯᠦᠰᠬᠦᠯᠡᠩ ᠪᠠᠶᠢᠳᠠᠯ ᠳᠤᠤᠷ᠎ᠠ ᠰᠢᠷᠦᠬᠦᠨ ᠳᠠᠮᠢᠷ ᠤᠨ ᠪᠤᠯᠪᠠᠰᠤᠷᠠᠯ ᠬᠢᠪᠡᠯ ᠴᠢᠰᠤᠨ ᠰᠢᠬᠢᠷ ᠳᠤᠤᠷ᠎ᠠ ᠪᠤᠯᠬᠤ᠂ ᠳᠤᠯᠤᠭᠠᠢ ᠡᠷᠬᠢᠬᠦ᠂  ᠬᠦᠢᠳᠡᠨ ᠬᠦᠯᠦᠰᠤ ᠭᠠᠷᠬᠤ᠂ ᠴᠢᠨᠠᠭᠰᠢᠯᠠᠪᠠᠯ ᠮᠠᠨᠠᠷᠠᠬᠤ ᠢᠯᠡᠷᠡᠯ ᠭᠠᠷᠤᠨ᠎ᠠ᠃       ᠬᠦᠩᠬᠡᠨ ᠳᠠᠮᠢᠷ ᠤᠨ ᠬᠦᠳᠡᠯᠬᠡᠬᠡᠨ ᠬᠢᠬᠦ ᠠᠴᠠ ᠡᠮᠤᠨ᠎ᠡ ᠬᠤᠭᠤᠯᠠ ᠢᠳᠡᠬᠦ ᠴᠢᠬᠤᠯᠠᠳᠠᠢ ᠤᠤ︖       ᠠᠯᠬᠤᠬᠤ᠂ ᠠᠭᠠᠵᠢᠮ ᠤᠮᠪᠠᠭ᠋ᠤ ᠵᠡᠷᠬᠡ ᠬᠦᠩᠬᠡᠨ ᠳᠠᠮᠢᠷ ᠤᠨ ᠬᠦᠳᠡᠯᠬᠡᠬᠡᠨ ᠬᠢᠬᠦ ᠳᠤ ᠪᠠᠨ ᠬᠤᠶᠠᠷ ᠡᠷᠢᠨ  ᠤ ᠬᠤᠭᠤᠯᠠᠨ ᠤ ᠵᠠᠪᠰᠠᠷ ᠪᠤᠯᠪᠠᠰᠤᠷᠠᠪᠠᠯ ᠢᠳᠡᠬᠦ ᠴᠢᠬᠤᠯᠠ ᠦᠬᠡᠢ᠂ ᠪᠠᠭ᠎ᠠ ᠬᠡᠮᠵᠢᠶᠡᠨ ᠤ ᠤᠰᠤ ᠤᠤᠭᠤᠪᠠᠯ ᠪᠤᠯᠴᠢᠬᠠᠨ᠎ᠠ᠃       ᠰᠢᠷᠦᠬᠦᠨ ᠳᠠᠮᠢᠷ ᠤᠨ ᠬᠦᠳᠡᠯᠬᠡᠬᠡᠨ ᠬᠢᠬᠦ ᠠᠴᠠ ᠡᠮᠤᠨ᠎ᠡ ᠦᠯᠦᠰᠪᠡᠯ ᠶᠠᠭᠠᠬᠢᠬᠤ ᠪᠤᠢ︖       ᠰᠦ᠂ ᠳᠠᠯᠬ᠎ᠠ ᠵᠡᠷᠬᠡ ᠰᠢᠩᠬᠡᠬᠦ ᠳᠤ ᠠᠮᠠᠷᠬᠠᠨ ᠢᠳᠡᠬᠡᠨ ᠢᠳᠡᠨ᠎ᠡ᠂ ᠪᠠᠭ᠎ᠠ ᠢᠳᠡᠬᠦ ᠶᠢ ᠠᠩᠬᠠᠷᠬᠤ ᠬᠡᠷᠡᠭᠳᠡᠢ       ᠳᠠᠮᠢᠷ ᠤᠨ ᠬᠦᠳᠡᠯᠬᠡᠬᠡᠨ ᠬᠢᠬᠦ ᠠᠴᠠ ᠡᠮᠤᠨ᠎ᠡ ᠬᠡᠳᠤ ᠢᠳᠡᠬᠦ ᠶᠢᠨ ᠨᠦᠯᠦᠬᠡ᠄       ᠳᠠᠮᠢᠷ ᠤᠨ ᠬᠦᠳᠡᠯᠬᠡᠬᠡᠨ ᠬᠢᠬᠦ ᠦᠶ᠎ᠡ ᠳᠤ ᠬᠤᠳᠤᠭᠤᠳᠤ ᠬᠠᠪᠤ ᠦᠬᠡᠢ ᠪᠤᠯᠤᠨ᠎ᠠ᠂ ᠡᠪᠡᠳᠬᠦ᠂ ᠬᠡᠢ ᠲᠦᠬᠦᠷᠬᠦ᠂ ᠳᠤᠳᠤᠷ᠎ᠠ ᠡᠪ ᠦᠬᠡᠶᠢᠷᠡᠬᠦ ᠵᠡᠷᠬᠡ ᠢᠯᠡᠷᠡᠯ ᠭᠠᠷᠤᠨ᠎ᠠ᠃       ᠳᠠᠮᠢᠷ ᠤᠨ ᠬᠦᠳᠡᠯᠬᠡᠬᠡᠨ ᠬᠢᠭᠰᠡᠨ ᠤ ᠳᠠᠷᠠᠭ᠎ᠠ ᠤᠰᠤ ᠤᠤᠭᠤᠬᠤ ᠳᠤ ᠠᠩᠬᠠᠷᠬᠤ ᠵᠦᠢᠯ᠄       ᠳᠠᠮᠢᠷ ᠤᠨ ᠬᠦᠳᠡᠯᠬᠡᠬᠡᠨ ᠬᠢᠬᠡᠳ ᠶᠡᠭᠡ ᠬᠦᠯᠦᠰᠤ ᠭᠠᠷᠤᠭᠰᠠᠨ ᠪᠤᠯ ᠤᠰᠤ ᠨᠦᠬᠦᠪᠤᠷᠢᠯᠡᠬᠦ ᠴᠢᠬᠤᠯᠠᠳᠠᠢ᠂ ᠬᠡᠪᠡᠴᠤ ᠪᠠᠭ᠎ᠠ ᠪᠠᠭ᠎ᠠ ᠪᠠᠷ ᠤᠤᠭᠤᠬᠤ ᠬᠡᠷᠡᠭᠳᠡᠢ᠂ ᠨᠢᠬᠡ ᠯᠠ ᠳᠤᠤᠷ᠎ᠠ ᠶᠡᠭᠡ ᠬᠡᠮᠵᠢᠶ᠎ᠡ ᠪᠠᠷ ᠤᠤᠭᠤᠵᠤ ᠪᠤᠯᠬᠤ ᠦᠬᠡᠢ᠃       ᠳᠠᠮᠢᠷ ᠤᠨ ᠬᠦᠳᠡᠯᠬᠡᠬᠡᠨ ᠬᠢᠭᠰᠡᠨ ᠤ ᠳᠠᠷᠠᠭ᠎ᠠ ᠰᠢᠮ᠎ᠡ ᠳᠡᠵᠢᠬᠡᠯ ᠨᠦᠬᠦᠪᠤᠷᠢᠯᠡᠬᠦ ᠳᠤ ᠠᠩᠬᠠᠷᠬᠤ ᠵᠦᠢᠯ᠄       ᠳᠠᠮᠢᠷ ᠤᠨ ᠬᠦᠳᠡᠯᠬᠡᠬᠡᠨ ᠤ ᠳᠠᠷᠠᠭ᠎ᠠ ᠬᠠᠭᠠᠰ ᠴᠠᠭ ᠤᠨ ᠳᠤᠳᠤᠷ᠎ᠠ ᠵᠤᠬᠢᠬᠤ ᠬᠡᠮᠵᠢᠶᠡᠨ ᠤ ᠤᠭᠤᠷᠠᠭ᠂ ᠰᠢᠬᠢᠷ ᠤᠨ ᠲᠦᠷᠦᠯ ᠵᠡᠷᠬᠡ ᠶᠢ ᠨᠦᠬᠦᠪᠤᠷᠢᠯᠡᠵᠤ ᠪᠤᠯᠤᠨ᠎ᠠ᠂ ᠵᠢᠱᠢᠶᠡᠯᠡᠪᠡᠯ ᠵᠢᠮᠢᠰ᠂ ᠦᠨᠳᠡᠭᠡ ᠵᠡᠷᠬᠡ ᠶᠢ ᠢᠳᠡᠵᠤ ᠪᠤᠯᠤᠨ᠎ᠠ᠂ ᠬᠡᠪᠡᠴᠤ ᠬᠡᠳᠤ ᠢᠳᠡᠵᠤ ᠪᠤᠯᠬᠤ ᠦᠬᠡᠢ᠃
ᠢᠷᠡᠯᠲᠡ᠄ ︽ᠦᠪᠦᠷ ᠮᠤᠩᠭᠤᠯ ᠤᠨ ᠡᠮᠡᠭᠳᠡᠶᠢᠴᠤᠳ︾ ᠰᠡᠳᠬᠦᠯ