| 1928 ᠣᠨ ᠳᠤ᠂ ᠳ᠋ᠦᠩᠱᠧᠩ ᠤᠨ ᠲᠡᠦᠬᠡᠨ ᠳᠠᠬᠢ ᠠᠩᠬᠠᠳᠠᠭᠴᠢ ᠠᠯᠪᠠᠨ ᠠᠴᠠ ᠡᠷᠬᠢᠯᠡᠭᠰᠡᠨ ᠪᠠᠭ᠎ᠠ ᠰᠤᠷᠭᠠᠭᠤᠯᠢ ᠮᠡᠨᠳᠦᠯᠡᠪᠡ᠃ ᠡᠨᠡ ᠨᠢ ᠳᠠᠷᠤᠢ | ᠳ᠋ᠦᠩᠱᠧᠩ ᠲᠣᠭᠤᠷᠢᠭ ᠤᠨ ᠨᠢᠭᠡᠳᠦᠭᠡᠷ ᠪᠠᠭ᠎ᠠ ᠰᠤᠷᠭᠠᠭᠤᠯᠢ ᠶᠢᠨ ᠠᠩᠬᠠᠨ ᠤ ᠲᠦᠷᠬᠦ ᠪᠣᠯᠣᠨ᠎ᠠ᠃ ᠲᠠᠶᠢᠨ ᠤ ᠭᠠᠯ ᠳᠦᠷᠡᠯᠵᠡᠭᠰᠡᠨ ᠵᠢᠯ ᠤᠳ ᠲᠤ᠂ ᠳ᠋ᠦᠩᠱᠧᠩ | ᠤᠨ ᠰᠤᠷᠭᠠᠨ ᠬᠥᠮᠦᠵᠢᠯ ᠤᠨ ᠦᠷ ᠤᠨ ᠴᠤᠯᠮᠤᠨ ᠰᠢᠭ ᠬᠡᠷᠡᠯᠳᠤᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠡᠨ ᠤ ᠲᠠᠷᠠᠭ᠎ᠠ ᠰᠤᠷᠭᠠᠨ ᠬᠥᠮᠦᠵᠢᠯ ᠤᠨ | ᠬᠥᠭᠵᠢᠯᠲᠡ ᠰᠢᠨᠡᠴᠢᠯᠡᠯᠲᠡ ᠶᠢᠨ ᠰᠠᠷᠠᠭᠤᠯ ᠳᠠᠷᠳᠠᠩ ᠵᠠᠮ ᠢ ᠨᠡᠭᠡᠭᠡᠵᠡᠢ᠃ 75 ᠵᠢᠯ ᠤᠨ ᠰᠢᠨᠲᠠᠷᠠᠰᠢ ᠦᠭᠡᠢ ᠰᠢᠷᠭᠠᠭᠤ ᠴᠢᠷᠮᠠᠶᠢᠯᠭ᠎ᠠ ᠪᠠᠷ᠂ ᠳ᠋ᠦᠩᠱᠧᠩ ᠤᠨ | ᠰᠤᠷᠭᠠᠨ ᠬᠥᠮᠦᠵᠢᠯ ᠬᠦᠭᠵᠢᠨ ᠮᠠᠨᠳᠤᠵᠤ᠂ ᠬᠦᠮᠦᠵᠢᠬᠦᠯᠦᠭᠰᠡᠨ ᠰᠤᠷᠤᠭᠴᠢᠳ ᠨᠢ ᠬᠦᠪᠴᠢᠨ ᠲᠡᠯᠡᠬᠡᠢ ᠳᠤ ᠲᠦᠬᠡᠪᠠ᠃ ᠥᠪᠡᠷᠲᠡᠭᠡᠨ ᠵᠠᠰᠠᠬᠤ ᠣᠷᠣᠨ ᠤ | ᠠᠩᠬᠠᠳᠠᠭᠴᠢ ᠦᠨᠳᠦᠷ ᠬᠢᠷᠢ ᠲᠦᠪᠰᠢᠨ᠂ ᠦᠨᠳᠦᠷ ᠴᠢᠨᠠᠷ ᠴᠢᠨᠰᠠᠭ᠎ᠠ ᠪᠠᠷ ᠶᠢᠰᠦᠨ ᠵᠢᠯ ᠤᠨ ᠠᠯᠪᠡᠨ ᠵᠢᠷᠤᠮ ᠤᠨ ᠰᠤᠷᠭᠠᠨ ᠬᠦᠮᠦᠵᠢᠯ ᠢ ᠲᠦᠬᠡᠮᠡᠯᠵᠢᠬᠦ ᠬᠤᠰᠢᠭᠤ | ᠲᠣᠭᠤᠷᠢᠭ᠂ ᠪᠦᠬᠦ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠠᠵᠢᠯ ᠤᠨ ᠲᠡᠷᠢᠭᠦᠨ ᠤ ᠭᠠᠵᠠᠷ | ᠣᠷᠣᠨ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠲᠡᠷᠢᠭᠦᠨ ᠤ ᠬᠤᠰᠢᠭᠤ ᠲᠣᠭᠤᠷᠢᠭ᠂ ᠰᠤᠷᠭᠠᠨ ᠬᠥᠮᠦᠵᠢᠯ ᠤᠨ ᠶᠠᠮᠤᠨ ᠤ | ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢᠨ ᠲᠣᠭᠤᠷᠢᠭ ᠁ ᠳ᠋ᠦᠩᠱᠧᠩ ᠤᠨ ᠰᠤᠷᠭᠠᠨ ᠬᠥᠮᠦᠵᠢᠯ ᠤᠨ | ᠢᠷᠡᠬᠡᠳᠦᠢ ᠨᠡᠩ ᠭᠡᠷᠡᠯ ᠰᠠᠴᠤᠷᠠᠩᠭᠤᠢ ᠪᠤᠯᠬᠤ ᠨᠢ ᠯᠠᠪᠳᠠᠢ︕ | ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠡᠨ 75 ᠵᠢᠯ ᠤᠨ ᠣᠶ ᠶᠢ ᠪᠡᠯᠬᠡᠯᠡᠬᠦ ᠰᠢᠷᠢᠰ ᠤᠬᠤᠷ ᠸᠢᠳᠢᠤ᠋ ︽ᠴᠠᠭ ᠦᠶ᠎ᠠ ᠶᠢᠨ ᠲᠠᠭᠤᠯᠠᠯ · ᠮᠠᠨ ᠤ 75 | ᠵᠢᠯ︾ ᠤᠨ ᠥᠨᠥᠳᠥᠷ ᠤᠨ ᠠᠭᠤᠯᠭ᠎ᠠ ︽ᠲᠡᠷᠡ᠂ ᠳᠠᠶᠢᠨ ᠤ ᠳᠤᠮᠳᠠ ᠮᠡᠨᠳᠦᠯᠡᠵᠡᠢ︾ ᠲᠠ ᠨᠠᠷ ᠲᠠᠢ ᠵᠤᠯᠭᠠᠵᠤ ᠪᠠᠶᠢᠨ᠎ᠠ᠃ | | https://mp.weixin.qq.com/s/oOLJkj-MDQ8Rp9sJMefdAg | | | |