ᠳᠤᠯᠠᠭᠠᠴᠠᠭᠤᠷ ᠤᠨ ᠠᠮᠤᠷ ᠲᠦᠪᠰᠢᠨ ᠢ ᠠᠩᠬᠠᠷᠴᠤ᠂ ᠤᠨᠳᠠᠬᠤ ᠠᠴᠠ ᠪᠠᠨ ᠡᠮᠤᠨ᠎ᠡ ᠳᠤᠯᠠᠭᠠᠴᠠᠭᠤᠷ ᠤᠨ | ᠨᠡᠬᠡᠬᠡᠯᠬᠡ ᠪᠠᠨ ᠬᠠᠭᠠᠬᠤ ᠬᠡᠷᠡᠭᠳᠡᠢ᠃ ᠳᠤᠯᠠᠭᠠᠴᠠᠭᠤᠷ ᠰᠤᠩᠭᠤᠬᠤ ᠳᠤ ᠪᠠᠨ ᠤᠯᠤᠰ ᠤᠨ ᠠᠮᠤᠷ ᠲᠦᠪᠰᠢᠨ ᠤ | ᠦᠨᠡᠮᠯᠡᠯ ᠲᠠᠢ᠂ ᠶᠠᠰᠤ ᠴᠢᠨᠠᠷ ᠨᠢ ᠬᠢᠷᠢ ᠳᠡᠩᠴᠡᠭᠰᠡᠨ ᠪᠦᠳᠦᠬᠡᠭᠳᠡᠬᠦᠨ ᠢ ᠰᠤᠩᠭᠤᠨ ᠠᠪᠤᠨ᠎ᠠ᠃ | ᠴᠢᠶ᠋ᠢᠤ᠂ ᠨᠡᠬᠦᠷᠡᠰᠤᠨ ᠳᠤᠰᠤ᠂ ᠰᠫᠢᠷᠲ ᠵᠡᠷᠬᠡ ᠨᠤᠴᠤᠮᠠᠳᠠᠭᠠᠢ ᠡᠳ᠋ ᠢᠶᠠᠷ ᠭᠠᠯ ᠨᠤᠴᠤᠭᠠᠵᠤ ᠳᠤᠯᠠᠭᠠᠯᠠᠬᠤ | ᠶᠢ ᠳᠡᠪᠴᠢᠵᠤ᠂ ᠬᠡᠷ ᠳᠤᠳᠤᠷᠠᠬᠢ ᠠᠭᠠᠷ ᠰᠠᠯᠬᠢ ᠶᠢ ᠨᠡᠪᠳᠡᠷᠡᠬᠦᠯᠦᠨ᠂ ᠨᠡᠬᠦᠷᠡᠰᠤᠳᠦ᠋ᠷᠦᠭᠴᠢ ᠶᠢᠨ ᠳᠠᠩ ᠢᠰᠤᠯ ᠳᠤ | ᠬᠤᠤᠷᠳᠠᠭᠳᠠᠬᠤ ᠠᠴᠠ ᠰᠡᠷᠬᠡᠶᠢᠯᠡᠬᠦ ᠬᠡᠷᠡᠭᠳᠡᠢ᠃ | ᠡᠪᠤᠯ ᠤᠨ ᠤᠯᠠᠷᠢᠯ ᠳᠤ ᠠᠭᠤᠷ ᠠᠮᠢᠰᠬᠤᠯ ᠬᠠᠭᠤᠷᠠᠢ ᠪᠤᠯᠬᠤᠷ᠂ ᠨᠠᠷᠠᠪᠴᠢ᠂ ᠠᠰᠠᠷ ᠤᠨ ᠬᠤᠩᠬᠢᠯ ᠵᠡᠷᠬᠡ | ᠭᠠᠵᠠᠷ ᠤᠨ ᠠᠮᠠᠷᠬᠠᠨ ᠰᠢᠳᠠᠬᠤ ᠪᠤᠳᠠᠰ ᠢ ᠴᠠᠭ ᠳᠤᠬᠠᠢ ᠳᠤᠨᠢ ᠴᠡᠪᠡᠷᠯᠡᠵᠤ᠂ ᠭᠠᠯ ᠤᠨ ᠠᠶᠤᠯ ᠭᠠᠷᠬᠤ ᠠᠴᠠ | ᠤᠷᠢᠳᠴᠢᠯᠠᠨ ᠰᠡᠷᠬᠡᠶᠢᠯᠡᠬᠦ ᠬᠡᠷᠡᠭᠳᠡᠢ᠃ | ᠬᠡᠤᠬᠡᠳ ᠢ ᠭᠠᠯ ᠢᠶᠠᠷ ᠨᠠᠭᠠᠳᠤᠭᠤᠯᠵᠤ ᠪᠤᠯᠬᠤ ᠦᠬᠡᠢ᠃ ᠳᠠᠮᠠᠬᠢᠨ ᠶᠤᠵᠤᠭᠤᠷ᠂ ᠴᠦᠳᠡᠩ ᠪᠤᠶᠤ ᠪᠤᠰᠤᠳ | ᠭᠠᠯ ᠤᠨ ᠵᠦᠢᠯ ᠢ ᠳᠤᠷ᠎ᠠ ᠪᠠᠷ ᠬᠠᠶᠠᠵᠤ ᠪᠤᠯᠬᠤ ᠦᠬᠡᠢ᠃ ᠭᠠᠳᠠᠭᠰᠢ ᠭᠠᠷᠬᠤ ᠳᠤ ᠪᠠᠨ ᠡᠷᠬᠡᠪᠰᠢ ᠰᠢᠳᠠᠮᠠᠬᠠᠢ ᠬᠡᠢ | ᠶᠢᠨ ᠨᠡᠬᠡᠬᠡᠯᠬᠡ ᠶᠢ ᠬᠠᠭᠠᠬᠤ ᠬᠡᠷᠡᠭᠳᠡᠢ᠃ | ᠨᠢᠬᠡ ᠤᠭᠯᠠᠭᠤᠷᠭ᠎ᠠ ᠳᠡᠬᠡᠷ᠎ᠡ ᠤᠯᠠᠨ ᠵᠦᠢᠯ ᠤᠨ ᠶᠡᠭᠡ ᠴᠢᠳᠠᠮᠵᠢᠳᠤ ᠴᠠᠬᠢᠯᠭᠠᠨ ᠬᠡᠷᠡᠭᠰᠡᠯ ᠢ ᠵᠡᠷᠬᠡ ᠪᠠᠷ | ᠬᠡᠷᠡᠭᠯᠡᠬᠦ ᠦᠬᠡᠢ᠂ ᠴᠠᠬᠢᠯᠭᠠᠨ ᠢ ᠳᠠᠭᠠᠭᠠᠴᠠ ᠠᠴᠠ ᠬᠡᠳᠤᠷᠡᠬᠦᠯᠦᠨ ᠬᠡᠷᠡᠭᠯᠡᠬᠦ ᠦᠬᠡᠢ᠂ ᠬᠠᠭᠤᠴᠢᠷᠠᠭᠰᠠᠨ ᠴᠠᠬᠢᠯᠭᠠᠨ | ᠬᠡᠷᠡᠭᠰᠡᠯ ᠤᠨ ᠳᠤᠨᠤᠭ ᠲᠦᠬᠦᠬᠡᠷᠦᠮᠵᠢ ᠶᠢ ᠴᠠᠭ ᠳᠤᠬᠠᠢ ᠳᠤᠨᠢ ᠰᠤᠯᠢᠨ᠎ᠠ᠃ |