ᠴᠠᠰᠤᠨ ᠳᠤ ᠴᠠᠨᠠᠯᠠᠬᠤ ᠨᠢ ᠰᠡᠳᠬᠢᠯ ᠰᠠᠨᠠᠭ᠎ᠠ ᠶᠢ ᠳᠠᠶᠢᠪᠤᠰᠢᠷᠠᠭᠤᠯᠵᠤ ᠪᠤᠯᠬᠤ ᠪᠦᠬᠡᠳ ᠪᠡᠶ᠎ᠡ ᠮᠠᠬᠠᠪᠤᠳ ᠢ | ᠴᠤ ᠪᠤᠯᠪᠠᠰᠤᠷᠠᠭᠤᠯᠳᠠᠭ᠃ ᠴᠠᠰᠤᠨ ᠳᠤ ᠴᠠᠨᠠᠯᠠᠨ ᠨᠠᠭᠠᠳᠤᠨ ᠳᠤᠭᠯᠠᠵᠤ᠂ ᠪᠠᠶᠠᠷ ᠴᠡᠩᠬᠡᠯ ᠢ ᠡᠳ᠋ᠯᠡᠬᠦ ᠶᠢᠨ ᠬᠠᠮᠳᠤ | ᠪᠠᠰᠠ ᠠᠮᠤᠷ ᠲᠦᠪᠰᠢᠨ ᠢ ᠠᠩᠬᠠᠷᠬᠤ ᠬᠡᠷᠡᠭᠳᠡᠢ ᠰᠢᠤ︕ | ᠴᠠᠰᠤᠨ ᠳᠤ ᠴᠠᠨᠠᠯᠠᠬᠤ ᠠᠴᠠ ᠡᠮᠤᠨ᠎ᠡ ᠠᠩᠬᠠᠷᠬᠤ ᠵᠦᠢᠯ | ᠴᠠᠰᠤᠨ ᠳᠤ ᠴᠠᠨᠠᠯᠠᠬᠤ ᠠᠴᠠ ᠡᠮᠤᠨ᠎ᠡ ᠰᠡᠷᠬᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠠᠨ ᠰᠠᠶᠢᠳᠤᠷ ᠬᠢᠵᠤ᠂ | ᠳᠤᠰᠬᠠᠢ ᠮᠡᠷᠬᠡᠵᠢᠯ ᠤᠨ ᠬᠤᠪᠴᠠᠰᠤ ᠬᠤᠨᠠᠷ᠂ ᠬᠠᠮᠠᠭᠠᠯᠠᠯᠳᠠ ᠶᠢᠨ ᠬᠡᠷᠡᠭᠰᠡᠯ ᠵᠡᠬᠦᠨ᠎ᠡ᠂ ᠴᠠᠰᠤᠨ ᠰᠢᠯ ᠵᠡᠬᠦᠪᠡᠯ | ᠴᠠᠰᠤᠨ ᠬᠠᠷᠠᠯᠭᠠᠨ ᠡᠬᠦᠰᠬᠦ ᠠᠴᠠ ᠰᠡᠷᠬᠡᠶᠢᠯᠡᠨ᠎ᠡ᠃ | ᠳᠠᠮᠢᠷ ᠤᠨ ᠬᠦᠳᠡᠯᠬᠡᠬᠡᠨ ᠬᠢᠬᠦ ᠠᠴᠠ ᠡᠮᠤᠨ᠎ᠡ ᠪᠡᠶ᠎ᠡ ᠪᠠᠨ ᠬᠦᠢᠴᠡᠳ ᠬᠠᠯᠠᠭᠤᠯᠤᠨ᠎ᠠ᠂ ᠤᠨᠴᠠᠭᠠᠶᠢᠯᠠᠨ | ᠨᠢᠷᠤᠭᠤ ᠪᠠ ᠬᠦᠯ ᠤᠨ ᠬᠦᠳᠡᠯᠬᠡᠬᠡᠨ ᠬᠢᠨ᠎ᠡ᠃ | ᠳᠤᠰᠬᠠᠢ ᠮᠡᠷᠬᠡᠵᠢᠯ ᠤᠨ ᠪᠤᠯᠪᠠᠰᠤᠷᠠᠯ ᠬᠢᠵᠤ ᠦᠩᠬᠡᠷᠡᠭᠰᠡᠨ ᠦᠬᠡᠢ ᠡᠩ ᠤᠨ ᠬᠦᠮᠦᠰ ᠴᠠᠰᠤᠨ ᠳᠤ | ᠴᠠᠨᠠᠯᠠᠬᠤ ᠠᠴᠠ ᠡᠮᠤᠨ᠎ᠡ ᠵᠠᠪᠠᠯ ᠳᠤᠰᠬᠠᠢ ᠮᠡᠷᠬᠡᠵᠢᠯ ᠤᠨ ᠮᠡᠳᠡᠯᠬᠡ ᠶᠢ ᠡᠵᠡᠮᠰᠢᠬᠦ ᠬᠡᠷᠡᠭᠳᠡᠢ᠃ | ᠬᠡᠷᠪᠡ ᠡᠩ ᠤᠨ ᠦᠶ᠎ᠡ ᠳᠤ ᠬᠦᠳᠡᠯᠬᠡᠬᠡᠨ ᠬᠢᠬᠦ ᠨᠢ ᠴᠦᠬᠡᠨ ᠪᠤᠯ ᠬᠡᠨᠡᠳᠳᠡ ᠰᠢᠷᠦᠬᠦᠨ ᠬᠦᠳᠡᠯᠬᠡᠬᠡᠨ ᠬᠢᠬᠦ | ᠳᠤ ᠠᠮᠠᠷᠬᠠᠨ ᠰᠢᠷᠬᠠᠳᠤᠳᠠᠭ᠃ | ᠴᠠᠰᠤᠨ ᠳᠤ ᠴᠠᠨᠠᠯᠠᠭᠠᠳ ᠦᠢᠴᠢᠪᠡᠯ | ᠴᠠᠰᠤᠨ ᠳᠤ ᠴᠠᠨᠠᠯᠠᠬᠤ ᠶᠠᠪᠤᠴᠠ ᠳᠤ ᠰᠠᠭᠠᠳ ᠲᠠᠢ ᠪᠠᠶᠢᠪᠠᠯ᠂ ᠦᠪᠡᠷ ᠢᠶᠠᠨ ᠦᠢᠴᠢᠬᠤ ᠠᠴᠠ ᠪᠢᠰᠢ | ᠮᠦᠷᠬᠦᠯᠳᠦᠵᠤ ᠪᠤᠯᠬᠤ ᠦᠬᠡᠢ᠂ ᠤᠴᠢᠷ ᠨᠢ ᠮᠦᠷᠬᠦᠯᠳᠦᠬᠦ ᠠᠶᠤᠯ ᠨᠢ ᠦᠢᠴᠢᠬᠤ ᠠᠴᠠ ᠬᠤᠯᠠ ᠶᠡᠭᠡ ᠪᠠᠶᠢᠳᠠᠭ᠃ | ᠬᠡᠷᠪᠡ ᠴᠠᠰᠤᠨ ᠳᠤ ᠴᠠᠨᠠᠯᠠᠬᠤ ᠳᠤ ᠪᠠᠨ ᠦᠢᠴᠢᠵᠤ ᠰᠢᠷᠬᠠᠳᠤᠭᠰᠠᠨ ᠪᠠᠶᠢᠪᠠᠯ᠂ ᠤᠷᠢᠳ ᠢᠶᠠᠷ ᠪᠠᠭᠠᠵᠢ | ᠬᠡᠷᠡᠭᠰᠡᠯ ᠢᠶᠠᠨ ᠵᠤᠬᠢᠬᠤ ᠬᠡᠮᠵᠢᠶ᠎ᠡ ᠪᠠᠷ ᠰᠤᠯᠠᠷᠠᠭᠤᠯᠵᠤ᠂ ᠰᠢᠷᠬᠠᠳᠤᠭᠰᠠᠨ ᠭᠠᠵᠠᠷ ᠢᠶᠠᠨ ᠠᠵᠢᠭᠯᠠᠵᠤ᠂ ᠴᠠᠭ ᠳᠤᠬᠠᠢ | ᠳᠤᠨᠢ ᠠᠪᠤᠷᠠᠨ ᠳᠤᠰᠠᠯᠠᠯᠳᠠ ᠭᠤᠶᠤᠴᠢᠯᠠᠬᠤ ᠬᠡᠷᠡᠭᠳᠡᠢ᠃ | ᠰᠢᠷᠬᠠᠳᠤᠭᠰᠠᠨ ᠤ ᠳᠠᠷᠠᠭ᠎ᠠ ᠳᠠᠬᠢᠵᠤ ᠰᠢᠷᠬᠠᠳᠤᠬᠤ ᠠᠴᠠ ᠪᠤᠯᠭᠤᠮᠵᠢᠯᠠᠵᠤ ᠭᠤᠯᠭᠤᠯᠳᠠ ᠶᠢᠨ ᠵᠠᠮ ᠠᠴᠠ | ᠵᠠᠶᠢᠳᠠᠭᠤ ᠪᠠᠶᠢᠬᠤ ᠬᠡᠷᠡᠭᠳᠡᠢ᠃ ᠬᠡᠷᠪᠡ ᠰᠢᠷᠬ᠎ᠠ ᠨᠢ ᠬᠦᠨᠳᠤ ᠪᠢᠰᠢ ᠪᠤᠯ ᠰᠢᠷᠬᠠᠳᠤᠭᠰᠠᠳ ᠢ ᠲᠦᠷᠬᠡᠨ ᠭᠤᠯᠭᠤᠯᠳᠠ | ᠶᠢᠨ ᠵᠠᠮ ᠤᠨ ᠬᠤᠶᠠᠷ ᠳᠠᠯ᠎ᠠ ᠳᠤ ᠰᠢᠯᠵᠢᠬᠦᠯᠦᠨ᠎ᠡ᠃ |