ᠡᠪᠤᠯ ᠤᠨ ᠤᠯᠠᠷᠢᠯ ᠳᠤ ᠤᠷᠮ᠎ᠠ ᠰᠡᠳᠬᠢᠯᠬᠡ ᠪᠠᠨ ᠪᠠᠳᠠᠷᠠᠩᠭᠤᠢ ᠪᠠᠶᠢᠯᠭᠠᠬᠤ ᠠᠷᠭ᠎ᠠ
ᠨᠡᠶᠢᠲᠡᠯᠡᠭᠰᠡᠨ ᠴᠠᠭ᠄
2024/12/12
       ᠡᠩ ᠳᠡᠷᠢᠬᠦᠨ ᠳᠤ᠂ ᠤᠯᠠᠷᠢᠯ ᠤᠨ ᠬᠤᠪᠢᠷᠠᠯᠳᠠ ᠨᠢ ᠬᠦᠮᠦᠨ ᠤ ᠪᠡᠶ᠎ᠡ ᠶᠢᠨ ᠠᠮᠢᠳᠤ ᠪᠤᠳᠠᠰ ᠤᠨ ᠴᠠᠭ ᠢ ᠨᠦᠯᠦᠬᠡᠯᠡᠬᠦ ᠶᠢᠨ ᠤᠯᠠᠮ ᠠᠴᠠ ᠤᠨᠳᠠᠯᠭ᠎ᠠ ᠶᠢᠨ ᠴᠢᠨᠠᠷ ᠢ ᠨᠦᠯᠦᠬᠡᠯᠡᠵᠤ᠂ ᠤᠷᠮ᠎ᠠ ᠰᠡᠳᠬᠢᠯᠬᠡ ᠶᠢ ᠳᠤᠭᠳᠠᠭᠤᠨ ᠪᠤᠰᠤ ᠪᠤᠯᠭᠠᠳᠠᠭ᠃       ᠳᠠᠷᠠᠭ᠎ᠠ ᠳᠤᠨᠢ᠂ ᠡᠪᠤᠯ ᠤᠨ ᠤᠯᠠᠷᠢᠯ ᠳᠤ ᠡᠳᠷ ᠤᠬᠤᠷ ᠰᠦᠨᠢ ᠤᠷᠳᠤ ᠪᠤᠯᠬᠤᠷ ᠨᠠᠷᠠᠨ ᠤ ᠬᠡᠷᠡᠯ ᠤᠨ ᠳᠤᠰᠤᠯᠳᠠ ᠪᠠᠭᠠᠰᠳᠠᠭ᠃ ᠬᠦᠮᠦᠨ ᠤ ᠤᠷᠮ᠎ᠠ ᠰᠡᠳᠬᠢᠯᠬᠡ ᠨᠢ ᠬᠡᠷᠡᠯ ᠤᠨ ᠳᠤᠰᠤᠯᠳᠠ ᠲᠠᠢ ᠨᠢᠠᠠᠳᠠ ᠬᠠᠷᠢᠴᠠᠭ᠎ᠠ  ᠲᠠᠢ ᠪᠠᠶᠢᠳᠠᠭ᠃       ᠡᠬᠦᠨ ᠠᠴᠠ ᠭᠠᠳᠠᠨ᠎ᠠ᠂ ᠬᠠᠬᠢᠷ ᠬᠦᠢᠳᠡᠨ ᠠᠭᠤᠷ ᠠᠮᠢᠰᠬᠤᠯ ᠨᠢ ᠬᠦᠮᠦᠰ ᠤᠨ ᠬᠡᠷ ᠤᠨ ᠭᠠᠳᠠᠨ᠎ᠠ ᠬᠦᠳᠡᠯᠬᠡᠬᠡᠨ ᠬᠢᠬᠦ ᠶᠢ ᠪᠠᠭᠠᠰᠬᠠᠵᠤ᠂ ᠨᠡᠶᠢᠬᠡᠮ ᠤᠨ ᠬᠠᠷᠢᠯᠴᠠᠭ᠎ᠠ ᠴᠦᠬᠡᠷᠡᠨ᠂ ᠭᠠᠭᠴᠠᠭᠠᠷᠳᠠᠬᠤ ᠰᠡᠳᠬᠢᠯᠬᠡ ᠶᠢ ᠨᠢ ᠬᠦᠨᠳᠤᠷᠡᠬᠦᠯᠳᠡᠭ᠃       ᠡᠶᠢᠮᠦ ᠠᠴᠠ ᠬᠦᠮᠦᠰ ᠡᠪᠤᠯ ᠤᠨ ᠤᠯᠠᠷᠢᠯ ᠳᠤ ᠠᠮᠠᠷᠬᠠᠨ ᠰᠦᠷ ᠰᠦᠯᠳᠡ ᠦᠬᠡᠢ᠂ ᠰᠡᠳᠬᠢᠯ ᠰᠠᠨᠠᠭ᠎ᠠ ᠦᠢᠮᠤᠷᠠᠬᠤ᠂ ᠭᠤᠨᠢᠵᠤ ᠭᠤᠳᠤᠬᠤ᠂ ᠭᠠᠭᠴᠠᠭᠠᠷᠳᠠᠬᠤ ᠪᠠ ᠤᠷᠮ᠎ᠠ ᠰᠡᠳᠬᠢᠯᠬᠡ ᠮᠠᠭᠤᠳᠠᠬᠤ ᠵᠡᠷᠬᠡ ᠪᠠᠶᠢᠳᠠᠯ ᠢᠯᠡᠷᠡᠨ᠎ᠡ᠃ ᠳᠡᠬᠡᠪᠡᠯ ᠤᠷᠮ᠎ᠠ ᠰᠡᠳᠬᠢᠯᠬᠡ ᠪᠠᠨ ᠬᠡᠷᠬᠢᠨ ᠰᠡᠷᠬᠦᠬᠡᠬᠦ ᠪᠤᠢ︖       ᠨᠠᠷᠠᠨ ᠳᠤ ᠡᠬᠡᠬᠡᠨ᠎ᠡ       ᠳᠤᠩᠭᠠᠯᠠᠭ ᠡᠳᠤᠷ ᠢᠯᠡᠬᠦᠬᠡᠨ ᠭᠠᠳᠠᠭᠰᠢ ᠭᠠᠷᠴᠤ ᠬᠦᠳᠡᠯᠬᠡᠬᠡᠨ ᠬᠢᠨ᠎ᠡ᠂ ᠵᠢᠱᠢᠶᠡᠯᠡᠪᠡᠯ ᠦᠳᠡ ᠶᠢᠨ ᠬᠤᠶᠢᠨ᠎ᠠ ᠰᠡᠯᠡᠬᠦᠴᠡᠨ ᠠᠯᠬᠤᠨ᠎ᠠ᠃ ᠬᠡᠷ ᠦᠷᠦᠬᠡ ᠪᠠᠨ ᠬᠡᠬᠡᠨ ᠪᠠᠶᠢᠯᠭᠠᠵᠤ᠂ ᠴᠤᠩᠬᠤ ᠪᠠᠨ ᠦᠷᠬᠦᠯᠵᠢ ᠨᠡᠬᠡᠬᠡᠨ᠎ᠡ᠃       ᠪᠤᠰᠤᠳ ᠲᠠᠢ ᠢᠯᠡᠬᠦᠬᠡᠨ ᠬᠠᠷᠢᠯᠴᠠᠨ᠎ᠠ       ᠲᠦᠷᠦᠯ ᠰᠠᠳᠤᠨ ᠨᠠᠶᠢᠵᠠ ᠨᠦᠬᠦᠳ ᠲᠠᠢ ᠪᠠᠨ ᠬᠠᠷᠢᠯᠴᠠᠵᠤ᠂ ᠤᠯᠠᠨ ᠬᠦᠮᠦᠨ ᠤ ᠬᠦᠳᠡᠯᠬᠡᠬᠡᠨ ᠳᠤ ᠤᠷᠤᠯᠴᠠᠨ᠎ᠠ᠃ ᠳᠤᠭᠳᠠᠮᠠᠯ ᠬᠤᠭᠤᠴᠠᠭ᠎ᠠ ᠲᠠᠢ ᠪᠠᠷ ᠬᠡᠷ ᠤᠨ ᠬᠦᠮᠦᠰ᠂ ᠨᠠᠶᠢᠵᠠ ᠨᠦᠬᠦᠳ ᠲᠠᠢ ᠪᠠᠨ ᠬᠠᠷᠢᠯᠴᠠᠬᠤ  ᠨᠢ ᠴᠦᠮ ᠤᠷᠮ᠎ᠠ ᠰᠡᠳᠬᠢᠯᠬᠡ ᠪᠠᠨ ᠰᠡᠷᠬᠦᠬᠡᠬᠦ ᠴᠢᠬᠤᠯᠠ ᠠᠷᠭ᠎ᠠ ᠵᠠᠮ ᠮᠦᠨ᠃       ᠪᠡᠶ᠎ᠡ ᠪᠠᠨ ᠪᠤᠯᠪᠠᠰᠤᠷᠠᠨ᠎ᠠ      ᠵᠤᠬᠢᠰᠳᠠᠢ ᠪᠡᠶ᠎ᠡ ᠶᠢᠨ ᠳᠠᠮᠢᠷ ᠤᠨ ᠪᠤᠯᠪᠠᠰᠤᠷᠠᠯ ᠬᠢᠬᠦ ᠶᠢ ᠪᠠᠷᠢᠮᠳᠠᠯᠠᠬᠤ ᠨᠢ ᠪᠤᠬᠢᠨᠢᠳᠤᠯ ᠢ ᠳᠠᠶᠠᠭᠳᠠᠨ ᠤᠷᠮ᠎ᠠ ᠰᠡᠳᠬᠢᠯᠬᠡ ᠶᠢ ᠰᠠᠶᠢᠵᠢᠷᠠᠭᠤᠯᠬᠤ ᠳᠤ ᠠᠰᠢᠭᠳᠠᠢ ᠶᠤᠮ᠃       ᠬᠤᠭᠤᠯᠠ ᠤᠮᠳᠠ ᠪᠠᠨ ᠳᠡᠩᠴᠡᠬᠦᠯᠦᠨ᠎ᠡ       ᠰᠢᠮ᠎ᠡ ᠳᠡᠵᠢᠬᠡᠯ ᠢ ᠳᠤᠬᠢᠷᠠᠭᠤᠯᠬᠤ ᠶᠢ ᠴᠢᠬᠤᠯᠠᠴᠢᠯᠠᠵᠤ᠂ ᠪᠠᠨᠠᠨᠠ᠂ ᠵᠦᠷᠵᠢ᠂ ᠰᠢᠨ᠎ᠡ ᠰᠤᠷᠭᠤᠭ ᠨᠤᠭᠤᠭ᠎ᠠ ᠵᠡᠷᠬᠡ ᠶᠢ ᠢᠯᠡᠬᠦᠬᠡᠨ ᠢᠳᠡᠵᠤ᠂ ᠳᠤᠰᠤᠯᠢᠭ ᠢᠳᠡᠬᠡᠨ᠂ ᠬᠡᠳᠤ ᠱᠤᠷᠪᠤᠭ᠂ ᠬᠡᠳᠤ ᠰᠢᠬᠢᠷᠯᠢᠭ ᠢᠳᠡᠬᠡᠨ ᠤ ᠵᠦᠢᠯ ᠢ ᠢᠳᠡᠬᠦ ᠶᠢ ᠴᠡᠬᠡᠷᠯᠡᠨ᠎ᠡ᠃       ᠬᠦᠢᠴᠡᠳ ᠤᠨᠳᠠᠨ᠎ᠠ       ᠬᠦᠢᠴᠡᠳ ᠤᠨᠳᠠᠵᠤ᠂ ᠤᠶᠤᠨ ᠰᠠᠨᠠᠭᠠᠨ ᠤ ᠳᠠᠷᠤᠭᠠᠰᠤ ᠪᠠᠨ ᠬᠦᠩᠬᠡᠷᠡᠬᠦᠯᠦᠨ᠎ᠡ᠃ ᠡᠪᠤᠯ ᠤᠨ ᠤᠯᠠᠷᠢᠯ  ᠳᠤ ᠡᠷᠳᠡᠬᠡᠨ ᠤᠨᠳᠠᠵᠤ᠂ ᠰᠦᠨᠢᠵᠢᠨ ᠰᠠᠭᠤᠬᠤ ᠠᠴᠠ ᠵᠠᠶᠢᠯᠠᠰᠬᠢᠨ᠎ᠡ᠃       ᠳᠤᠷ᠎ᠠ ᠪᠠᠬ᠎ᠠ ᠲᠠᠢ ᠵᠦᠢᠯᠡᠰ ᠢᠶᠠᠨ ᠬᠢᠨ᠎ᠡ       ᠦᠪᠡᠷ ᠤᠨ ᠳᠤᠷᠠᠳᠠᠢ ᠵᠦᠢᠯ ᠢᠶᠠᠨ ᠬᠢᠪᠡᠯ ᠪᠠᠶᠠᠰᠤᠩᠭᠤᠢ ᠰᠡᠳᠬᠢᠯᠬᠡ ᠲᠠᠢ ᠪᠠᠶᠢᠬᠤ ᠶᠢ ᠪᠠᠳᠤᠯᠠᠵᠤ ᠳᠡᠶᠢᠯᠦᠬᠡ᠃ ᠡᠬᠦᠨ ᠠᠴᠠ ᠭᠠᠳᠠᠨ᠎ᠠ ᠬᠦᠨ ᠠᠮᠢᠰᠬᠤᠬᠤ ᠵᠡᠷᠬᠡ ᠠᠷᠭ᠎ᠠ ᠬᠡᠯᠪᠡᠷᠢ ᠨᠢ ᠮᠦᠨ ᠴᠤ ᠰᠡᠳᠬᠢᠯ ᠰᠠᠨᠠᠭ᠎ᠠ  ᠶᠢ ᠳᠠᠶᠢᠪᠤᠰᠢᠷᠠᠭᠤᠯᠬᠤ᠂ ᠤᠷᠮ᠎ᠠ ᠰᠡᠳᠬᠢᠯᠬᠡ ᠪᠠᠨ ᠰᠠᠶᠢᠵᠢᠷᠠᠭᠤᠯᠬᠤ ᠪᠦᠳᠦᠮᠵᠢᠳᠡᠢ ᠠᠷᠭ᠎ᠠ ᠶᠤᠮ᠃
ᠢᠷᠡᠯᠲᠡ᠄ NMTV ᠰᠤᠶᠤᠯ