ᠭᠤᠤ ᠢ ᠳ᠋ᠦᠩ ᠳᠤᠮᠳᠠᠳᠤ ᠤᠯᠤᠰ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠡᠯᠲᠡᠰ ᠤᠨ ᠡᠷᠬᠢᠯᠡᠭᠴᠢ ᠶᠠᠩ ᠺᠠᠢ ᠬᠤᠸᠠ ᠲᠠᠢ ᠠᠭᠤᠯᠵᠠᠪᠠ
ᠨᠡᠶᠢᠲᠡᠯᠡᠭᠰᠡᠨ ᠴᠠᠭ᠄
2024/12/19
    12 ᠰᠠᠷ᠎ᠠ ᠶᠢᠨ 18 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠸ ᠢ ᠳ᠋ᠦᠩ ᠳᠤᠮᠳᠠᠳᠤ ᠤᠯᠤᠰ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠬᠡᠯᠲᠡᠰ ᠤᠨ ᠡᠷᠬᠢᠯᠡᠭᠴᠢ ᠶᠠᠩ ᠺᠠᠢ ᠬᠤᠸᠠ ᠨᠠᠷ ᠲᠠᠢ ᠠᠭᠤᠯᠵᠠᠪᠠ᠃      ᠭᠤᠤ ᠢ ᠳ᠋ᠦᠩ᠂ ᠶᠠᠩ ᠺᠠᠢ ᠬᠤᠸᠠ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ ᠳᠤᠮᠳᠠᠳᠤ ᠤᠯᠤᠰ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠦᠷᠢᠶᠡᠨ ᠳᠤ ᠦᠵᠡᠬᠦᠯᠦᠭᠰᠡᠨ ᠬᠤᠪᠢ ᠨᠡᠮᠡᠷᠢ ᠶᠢ ᠳᠡᠭᠡᠳᠦ ᠬᠡᠮᠵᠢᠶ᠎ᠡ ᠪᠠᠷ ᠮᠠᠭᠲᠠᠨ ᠪᠠᠭ᠋ᠠᠳᠤᠵᠤ ᠪᠠᠶᠢᠬᠤ ᠪᠠᠨ ᠢᠯᠡᠳᠬᠡᠪᠡ᠃ ᠲᠡᠷᠡ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠪᠣᠯᠣᠨ ᠳ᠋ᠦᠩᠱᠧᠩ ᠲᠣᠭᠤᠷᠢᠭ ᠤᠨ ᠬᠢᠨ ᠶᠠᠭ ᠠᠵᠤ ᠦᠢᠯᠡᠰ ᠤᠨ ᠪᠦᠲᠦᠴᠡ ᠶᠢ ᠡᠷᠴᠢᠳᠠᠢ ᠪᠠᠷ ᠰᠢᠯᠢᠳᠡᠭᠵᠢᠭᠦᠯᠵᠦ᠂ ᠪᠣᠬᠢᠷᠲᠤᠯ ᠦᠭᠡᠢ ᠲᠤᠤᠷ᠎ᠠ ᠨᠡᠬᠦᠷᠡᠰᠦᠳᠦ᠋ᠷᠦᠭᠴᠢᠳᠤ ᠬᠥᠭᠵᠢᠯᠲᠡ ᠶᠢ ᠠᠬᠢᠭᠤᠯᠤᠨ᠂ ᠣᠨᠴᠠᠭᠠᠶᠢᠯᠠᠨ ᠰᠢᠨ᠎ᠡ ᠡᠨᠧᠷᠭᠢ ᠪᠣᠯᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠪᠠᠷ ᠲᠤᠯᠭᠠᠮ᠎ᠠ ᠬᠡᠷᠡᠭᠴᠡᠭᠡ ᠪᠣᠯᠣᠨ ᠥᠷᠭᠡᠨ ᠳᠡᠯᠭᠡᠷ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ ᠺᠤᠮᠫᠠᠨᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ᠂ ᠠᠮᠢ ᠠᠬᠤᠢ ᠶᠢ ᠰᠡᠷᠭᠦᠭᠡᠬᠦ ᠪᠠ ᠪᠣᠬᠢᠷᠲᠤᠯ ᠦᠭᠡᠢ ᠠᠵᠤ ᠦᠢᠯᠡᠰ ᠢ ᠬᠥᠭᠵᠢᠭᠦᠯᠬᠦ ᠵᠡᠷᠭᠡ ᠲᠠᠯ᠎ᠠ  ᠪᠠᠷ ᠡᠯᠪᠡᠭ ᠪᠠᠶᠠᠯᠢᠭ ᠲᠤᠷᠰᠢᠯᠭ᠎ᠠ ᠪᠠ ᠲᠡᠷᠢᠭᠦᠨ ᠤ ᠮᠡᠷᠭᠡᠵᠢᠯ ᠤᠨ ᠪᠣᠳᠠᠲᠤ ᠬᠦᠴᠦᠨ ᠲᠠᠢ ᠪᠠᠶᠢᠵᠤ᠂ ᠲᠤᠰ ᠺᠤᠮᠫᠠᠨᠢ ᠨᠡᠭᠦᠷᠡᠰᠦᠨ ᠮᠠᠰᠢᠨ ᠤ ᠠᠵᠤ ᠦᠢᠯᠡᠰ ᠤᠨ ᠳᠡᠰ ᠳᠡᠪᠰᠢᠬᠦ᠂ ᠤᠰᠤᠨ ᠤ ᠠᠮᠢ ᠠᠬᠤᠢ ᠶᠢᠨ ᠵᠠᠰᠠᠯᠲᠠ ᠶᠢ ᠰᠢᠯᠢᠳᠡᠭᠵᠢᠭᠦᠯᠬᠦ᠂ ᠰᠢᠨ᠎ᠡ ᠡᠨᠧᠷᠭᠢ ᠶᠢᠨ ᠠᠵᠤ ᠦᠢᠯᠡᠰ ᠢ ᠥᠷᠭᠡᠳᠬᠡᠬᠦ᠂ ᠶᠡᠭᠡ ᠡᠷᠡᠭᠦᠯ ᠮᠡᠨᠳᠦ ᠶᠢᠨ ᠠᠵᠤ ᠦᠢᠯᠡᠰ ᠤᠨ ᠴᠣᠭᠴᠠᠯᠠᠯᠲᠠ᠂ ᠰᠢᠨ᠎ᠡ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠰᠢᠪᠲᠤᠯᠤᠯᠲᠠ᠂ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠢᠴᠢ ᠣᠶᠤᠨᠴᠢ ᠠᠵᠤ ᠦᠢᠯᠡᠰ ᠤᠨ ᠳᠡᠰ ᠳᠡᠪᠰᠢᠬᠦ ᠵᠡᠷᠭᠡ ᠤᠯᠠᠨ ᠵᠠᠩᠭᠢᠯᠠᠭ᠎ᠠ ᠶᠢᠨ ᠬᠦᠷᠢᠶᠡᠨ ᠤ ᠲᠣᠭᠤᠷᠢᠨ ᠳᠤ ᠨᠢᠭᠲᠠ ᠤᠶᠠᠯᠳᠤᠭᠤᠯᠤᠨ᠂ ᠨᠡᠩ ᠢᠯᠡᠭᠦᠦ ᠬᠠᠨᠳᠤᠯᠭᠠᠲᠤ ᠴᠢᠨᠠᠷ ᠪᠠ ᠪᠠᠷᠠᠭᠠᠯᠠᠯᠳᠤ ᠴᠢᠨᠠᠷ ᠲᠠᠢ ᠬᠠᠮᠲᠤᠷᠠᠯᠴᠠᠭᠠᠨ ᠤ ᠲᠥᠰᠥᠯ ᠢ ᠨᠠᠷᠢᠨ ᠨᠢᠮᠪᠠᠢ ᠲᠥᠯᠥᠪᠯᠡᠨ ᠳᠤᠷᠠᠳᠴᠤ᠂ ᠲᠥᠪ ᠪᠠ ᠣᠷᠣᠨ ᠨᠤᠲᠤᠭ ᠤᠨ ᠬᠠᠮᠲᠤᠷᠠᠯᠴᠠᠭᠠᠨ ᠤ ᠦᠯᠢᠭᠡᠷ ᠳᠠᠭᠤᠷᠢᠶᠠᠯ ᠤᠨ ᠲᠦᠷᠦᠯ ᠵᠤᠶᠢᠯ ᠢ ᠬᠠᠮᠲᠤ ᠪᠠᠷ ᠪᠤᠢ ᠪᠣᠯᠭᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠳᠡᠬᠦ᠂ ᠬᠠᠮᠲᠤ ᠪᠠᠷ ᠬᠥᠭᠵᠢᠬᠦ ᠶᠢ ᠪᠡᠶᠡᠯᠡᠬᠦᠯᠬᠦ ᠶᠢ ᠬᠦᠰᠡᠵᠤ ᠪᠠᠶᠢᠨ᠎ᠠ ᠬᠡᠵᠡᠢ᠃     ᠶᠠᠩ ᠺᠠᠢ ᠬᠤᠸᠠ ᠳᠤᠮᠳᠠᠳᠤ ᠤᠯᠤᠰ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠵᠢᠴᠢ ᠢᠨᠵᠧᠨᠧᠷᠢᠩ ᠤᠨ ᠮᠡᠷᠭᠡᠵᠢᠯ ᠵᠡᠷᠭᠡ ᠣᠯᠠᠨ ᠬᠦᠷᠢᠶᠡᠨ ᠳᠠᠬᠢ ᠬᠠᠮᠤᠭ ᠤᠨ ᠰᠢᠨ᠎ᠡ ᠦᠷ᠎ᠡ ᠪᠦᠲᠦᠭᠡᠯ ᠢ ᠨᠠᠷᠢᠨ ᠲᠠᠨᠢᠯᠴᠠᠭᠤᠯᠵᠠᠢ᠃ ᠲᠡᠷᠡ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠠ ᠶᠢᠨ ᠲᠤᠭᠤᠷᠢᠭ ᠪᠣᠯᠣᠨ ᠳ᠋ᠦᠩᠱᠧᠩ ᠲᠣᠭᠤᠷᠢᠭ ᠤᠨ ᠡᠬᠢ ᠪᠠᠶᠠᠯᠢᠭ ᠡᠯᠪᠡᠭ ᠳᠡᠯᠪᠡᠭ᠂ ᠬᠥᠭᠵᠢᠯᠲᠡ ᠶᠢᠨ ᠳᠠᠯᠳᠠ ᠬᠦᠴᠦᠨ ᠯᠤᠲᠤ ᠶᠡᠭᠡ ᠪᠠᠶᠢᠵᠤ᠂  ᠺᠤᠮᠫᠠᠨᠢ ᠶᠢᠨ ᠲᠤᠬᠠᠶᠢᠯᠠᠭᠰᠠᠨ ᠠᠵᠢᠯ ᠤᠨ ᠪᠠᠶᠢᠷᠢᠰᠢᠭᠤᠯᠤᠯᠲᠠ ᠲᠠᠢ ᠮᠠᠰᠢ ᠶᠡᠭᠡ ᠲᠣᠬᠢᠷᠠᠯᠴᠠᠭ᠎ᠠ ᠲᠠᠢ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠠᠯᠤᠰ ᠢᠷᠡᠭᠡᠳᠦᠢ ᠶᠢ ᠬᠦᠰᠡᠨ ᠬᠦᠯᠢᠶᠡᠵᠦ ᠪᠠᠶᠢᠨ᠎ᠠ᠃ ᠳᠤᠮᠳᠠᠳᠤ ᠤᠯᠤᠰ ᠤᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠦᠯᠦᠭᠯᠡᠯ ᠤᠨ ᠬᠢᠵᠠᠭᠠᠷᠲᠤ ᠺᠣᠮᠫᠠᠨᠢ ᠨᠢ ᠣᠷᠣᠨ ᠨᠤᠲᠤᠭ ᠤᠨ ᠵᠠᠰᠠᠭ ᠤᠨ ᠣᠷᠳᠣᠨ ᠤ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠭᠠᠵᠠᠷ ᠣᠷᠣᠨ ᠤ ᠪᠣᠳᠠᠲᠤ ᠬᠡᠷᠡᠭᠴᠡᠭᠡ ᠲᠠᠢ ᠨᠢᠭᠲᠠ ᠤᠶᠠᠯᠳᠤᠭᠤᠯᠤᠨ᠂ ᠠᠵᠤ ᠠᠬᠤᠶᠢᠯᠠᠯ ᠤᠨ ᠠᠮᠢ ᠠᠬᠤᠢ ᠶᠢᠨ ᠣᠷᠴᠢᠨ ᠨᠥᠬᠦᠴᠡᠯ ᠤᠨ ᠵᠠᠰᠠᠯᠲᠠ ᠶᠢᠨ ᠲᠠᠯ᠎ᠠ ᠪᠠᠷ ᠬᠢ ᠰᠢᠨ᠎ᠡ ᠮᠡᠷᠭᠡᠵᠢᠯ᠂ ᠰᠢᠨ᠎ᠡ ᠤᠷᠠᠯᠠᠯ᠂ ᠰᠢᠨ᠎ᠡ ᠦᠷ᠎ᠡ ᠪᠦᠲᠦᠭᠡᠯ ᠢ ᠭᠦᠢᠴᠡᠳ ᠪᠠᠳᠠᠷᠠᠭᠤᠯᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠠ ᠶᠢᠨ ᠲᠤᠭᠤᠷᠢᠭ ᠪᠠ ᠳ᠋ᠦᠩᠱᠧᠩ ᠲᠣᠭᠤᠷᠢᠭ ᠯᠤᠭ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠭᠠᠵᠠᠷ ᠣᠷᠣᠨ ᠤ ᠠᠮᠢ ᠠᠬᠤᠢ ᠣᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠠᠮᠳᠤ ᠪᠠᠷ ᠠᠬᠢᠭᠤᠯᠤᠨ᠎ᠠ ᠬᠡᠵᠡᠢ᠃     ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠤᠳᠤᠷᠢᠳᠤᠯᠭ᠎ᠠ ᠯᠢᠦ ᠬᠤᠢ ᠪᠢᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ