ᠨᠢᠭᠤᠷ ᠴᠢᠷᠠᠢ ᠪᠠᠨ ᠬᠠᠮᠠᠭᠠᠯᠠᠶ᠎ᠠ
ᠨᠡᠶᠢᠲᠡᠯᠡᠭᠰᠡᠨ ᠴᠠᠭ᠄
2024/12/2
      ᠡᠪᠤᠯ ᠤᠨ ᠤᠯᠠᠷᠢᠯ ᠳᠤ ᠠᠭᠤᠷ ᠠᠮᠢᠰᠬᠤᠯ ᠬᠠᠭᠤᠷᠠᠢ ᠬᠦᠢᠳᠡᠨ᠂ ᠰᠠᠯᠬᠢ ᠶᠡᠬᠡᠳᠡᠢ ᠪᠠᠶᠢᠳᠠᠭ ᠤᠴᠢᠷ ᠠᠴᠠ ᠵᠠᠷᠢᠮ ᠬᠦᠮᠦᠨ ᠤ ᠨᠢᠭᠤᠷ ᠤᠨ ᠠᠷᠠᠰᠤ ᠬᠠᠭᠤᠷᠠᠶᠢᠰᠢᠬᠤ᠂ ᠤᠯᠠᠶᠢᠬᠤ᠂ ᠵᠠᠭᠠᠳᠤᠨᠠᠬᠤ ᠵᠡᠷᠬᠡ ᠪᠠᠶᠢᠳᠠᠯ ᠢᠯᠡᠷᠡᠳᠡᠭ᠃ ᠳᠠᠨᠠᠷ ᠲᠤ ᠨᠢᠭᠤᠷ ᠴᠢᠷᠠᠢ ᠪᠠᠨ ᠬᠠᠮᠠᠭᠠᠯᠠᠬᠤ ᠠᠷᠭ᠎ᠠ ᠠᠴᠠ ᠬᠤᠪᠢᠶᠠᠯᠴᠠᠶ᠎ᠠ︕       ᠡᠪᠤᠯ ᠤᠨ ᠤᠯᠠᠷᠢᠯ ᠳᠤ ᠴᠤ ᠬᠡᠰᠡᠨ ᠨᠠᠷᠠᠨ ᠳᠤ ᠰᠢᠷᠬᠠᠳᠠᠬᠤ ᠠᠴᠠ ᠰᠡᠷᠬᠡᠶᠢᠯᠡᠬᠦ ᠪᠦᠳᠦᠬᠡᠭᠳᠡᠬᠦᠨ ᠢ ᠬᠡᠷᠡᠭᠯᠡᠪᠡᠯ ᠵᠤᠬᠢᠨ᠎ᠠ᠃ ᠭᠠᠳᠠᠭᠰᠢ ᠭᠠᠷᠬᠤ ᠠᠴᠠ ᠪᠠᠨ 15 ᠮᠢᠨᠦ᠋ᠲ ᠤᠨ ᠡᠮᠤᠨ᠎ᠡ ᠲᠦᠷᠬᠢᠨ᠎ᠡ᠂ ᠡᠩ ᠤᠨ ᠪᠠᠶᠢᠳᠠᠯ  ᠳᠤ ᠨᠠᠷᠠᠨ ᠳᠤ ᠰᠢᠷᠬᠠᠳᠠᠬᠤ ᠶᠢ ᠰᠡᠷᠬᠡᠶᠢᠯᠡᠬᠦ ᠴᠢᠳᠠᠮᠵᠢ ᠨᠢ SPF 15᠂ PA + ᠪᠠᠶᠢᠪᠠᠯ ᠪᠤᠯᠴᠢᠬᠠᠨ᠎ᠠ᠂ ᠬᠡᠷ  ᠤᠨ ᠭᠠᠳᠠᠨᠠᠬᠢ ᠬᠦᠳᠡᠯᠬᠡᠬᠡᠨ ᠪᠤᠶᠤ ᠵᠢᠭᠤᠯᠴᠢᠯᠠᠬᠤ ᠵᠡᠷᠬᠡ ᠨᠠᠷᠠᠨ ᠳᠤ ᠤᠳᠠᠭᠠᠨ ᠰᠢᠷᠬᠠᠳᠠᠬᠤ ᠦᠶ᠎ᠡ ᠳᠤ SPF 20᠂ PA+ + ᠶᠢ ᠬᠡᠷᠡᠭᠯᠡᠪᠡᠯ ᠵᠤᠬᠢᠨ᠎ᠠ᠃       ᠨᠢᠭᠤᠷ ᠤᠨ ᠠᠷᠠᠰᠤ ᠪᠠᠨ ᠴᠢᠬᠢᠭᠯᠢᠭ ᠪᠠᠶᠢᠯᠭᠠᠬᠤ ᠬᠡᠷᠡᠭᠳᠡᠢ᠃ ᠵᠤᠨ ᠤ ᠤᠯᠠᠷᠢᠯ ᠳᠤ ᠬᠡᠷᠡᠭᠯᠡᠳᠡᠭ ᠳᠤᠰᠤ ᠠᠷᠢᠯᠭᠠᠬᠤ ᠴᠢᠳᠠᠮᠵᠢ ᠪᠠᠷ ᠨᠡᠯᠢᠶᠡᠳ ᠰᠠᠶᠢᠨ ᠨᠢᠭᠤᠷ ᠤᠬᠢᠶᠠᠬᠤ ᠪᠦᠳᠦᠬᠡᠭᠳᠡᠬᠦᠨ ᠢ ᠬᠡᠷᠡᠭᠯᠡᠬᠦ ᠦᠬᠡᠢ᠂ ᠰᠤᠯᠠ ᠬᠦᠴᠢᠯᠯᠢᠭ᠂ ᠨᠢᠭᠤᠷ ᠤᠨ ᠠᠷᠠᠰᠤᠨ ᠳᠤ ᠡᠬᠡᠯᠢᠳᠡᠢ ᠪᠦᠳᠦᠬᠡᠭᠳᠡᠬᠦᠨ ᠢ ᠰᠤᠩᠭᠤᠬᠤ ᠬᠡᠷᠡᠭᠳᠡᠢ᠃ ᠪᠠᠰᠠ ᠨᠢᠭᠤᠷ ᠤᠨ ᠠᠷᠠᠰᠤᠨ ᠤ ᠴᠢᠬᠢᠭ ᠢ ᠬᠠᠳᠠᠭᠠᠯᠠᠬᠤ ᠦᠢᠯᠡᠳᠤᠯ ᠢᠶᠠᠷ ᠰᠠᠶᠢᠨ ᠨᠢᠭᠤᠷ ᠤᠨ ᠳᠤᠰᠤ ᠶᠢ ᠬᠡᠷᠡᠭᠯᠡᠪᠡᠯ ᠵᠤᠬᠢᠨ᠎ᠠ᠃
ᠢᠷᠡᠯᠲᠡ᠄ NMTV ᠰᠤᠶᠤᠯ