ᠮᠦᠩᠬᠦᠨ ᠡᠪᠤᠯ ᠤᠨ ᠴᠠᠰᠤ ᠮᠦᠰᠦᠨ ᠤ ᠰᠤᠶᠤᠯ ᠵᠢᠭᠤᠯᠴᠢᠯᠠᠯ ᠤᠨ ᠤᠯᠡᠷᠢᠯ ᠡᠬᠢᠯᠡᠯ᠎ᠡ
ᠨᠡᠶᠢᠲᠡᠯᠡᠭᠰᠡᠨ ᠴᠠᠭ᠄
2024/12/22
    ᠠᠷᠪᠡᠨ ᠲᠦᠷᠪᠡᠳᠦᠬᠡᠷ ᠬᠤᠭᠤᠴᠠᠭᠠᠨ ᠤ ᠤᠷᠳᠤᠰ ᠤᠨ ᠴᠠᠰᠤ ᠮᠦᠰᠦᠨ ᠤ ᠰᠤᠶᠤᠯ ᠵᠢᠭᠤᠯᠴᠢᠯᠠᠯ ᠤᠨ ᠤᠯᠠᠷᠢᠯ ᠵᠢᠴᠢ ᠠᠷᠪᠡᠨ ᠨᠢᠬᠡᠳᠦᠬᠡᠷ ᠬᠤᠭᠤᠴᠠᠭᠠᠨ ᠤ ᠪᠦᠬᠦ ᠤᠯᠤᠰ ᠤᠨ ᠤᠯᠠᠨ ᠲᠦᠮᠡᠨᠴᠢ ᠴᠠᠰᠤ ᠮᠦᠰᠦᠨ ᠤ ᠤᠯᠠᠷᠢᠯ 12 ᠰᠠᠷ᠎ᠠ ᠶᠢᠨ 21 ᠤ ᠡᠳᠦᠷ  ᠵᠢᠦ ᠴᠧᠩ ᠬᠦᠩ ᠰᠤᠶᠤᠯ ᠵᠢᠭᠤᠯᠴᠢᠯᠠᠯ ᠤᠨ ᠤᠷᠤᠨ ᠳᠤ ᠡᠬᠢᠯᠡᠭᠰᠡᠨ ᠪᠠᠶᠢᠨ᠎ᠠ᠃     ᠲᠤᠰ ᠤᠳᠠᠭᠠᠨ ᠤ ᠠᠵᠢᠯᠯᠠᠭ᠎ᠠ ᠶᠢ ᠬᠤᠳᠠ ᠶᠢᠨ ᠰᠤᠶᠤᠯ ᠪᠠ ᠵᠢᠭᠤᠯᠴᠢᠯᠠᠯ ᠤᠨ ᠲᠤᠪᠴᠢᠶ᠎ᠠ᠂ ᠬᠤᠳᠠ ᠶᠢᠨ ᠰᠤᠷᠭᠠᠨ ᠬᠦᠮᠦᠵᠢᠯ ᠪᠠ ᠪᠡᠶ᠎ᠡ ᠶᠢᠨ ᠲᠠᠮᠢᠷ ᠤᠨ ᠲᠤᠪᠴᠢᠶ᠎ᠠ᠂ ᠳ᠋ᠥᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠭᠤᠤᠯᠯᠠᠨ ᠡᠷᠬᠢᠯᠡᠵᠡᠢ᠃ ᠠᠵᠢᠯᠯᠠᠭ᠎ᠠ ᠳᠤ ᠪᠦᠬᠦ ᠤᠯᠤᠰ ᠤᠨ ᠤᠶᠤᠳᠠᠨ ᠰᠤᠶᠤᠯ ᠵᠢᠭᠤᠯᠴᠢᠯᠠᠯ ᠤᠨ ᠲᠡᠯᠬᠡᠷᠡᠬᠦᠯᠦᠨ ᠲᠡᠨᠢᠯᠴᠠᠭᠤᠯᠤᠭᠴᠢ ᠳᠤ ᠦᠨᠡᠮᠯᠡᠯ ᠭᠠᠷᠳᠠᠭᠤᠯᠤᠭᠰᠡᠨ ᠪᠠᠶᠢᠨ᠎ᠠ᠃     ᠠᠬᠤᠢ ᠲᠠᠯᠠᠪᠠᠢ ᠳᠤ ᠭᠤᠶᠢᠳᠠ ᠰᠠᠶᠢᠬᠠᠨ ᠴᠠᠰᠤᠨ ᠴᠠᠨᠠᠯᠠᠯᠳᠠ ᠶᠢᠨ ᠲᠤᠭᠯᠠᠯᠳᠠ ᠶᠢ ᠰᠤᠨᠢᠷᠬᠠᠭᠤᠯᠵᠤ᠂ ᠠᠮᠳᠠᠳᠤ ᠢᠳᠡᠬᠡᠨ ᠤ ᠰᠡᠯᠡᠬᠦᠴᠡᠯ ᠵᠢᠭᠤᠯᠴᠢᠯᠠᠯ ᠤᠨ ᠵᠡᠬᠡᠯᠢ ᠳᠤ ᠮᠢᠩᠭᠠᠨ ᠬᠦᠮᠦᠨ ᠤ ᠪᠡᠩᠰᠢ᠂ ᠮᠢᠩᠭᠠᠨ ᠬᠦᠮᠦᠨ ᠤ ᠰᠠᠭᠠᠭ ᠤᠨ ᠭᠤᠯᠢᠷ ᠤᠨ ᠬᠤᠭᠤᠯᠠ᠂ ᠮᠢᠩᠭᠠᠨ ᠬᠦᠮᠦᠨ ᠤ ᠰᠢᠷᠠᠯᠠᠭ᠎ᠠ ᠵᠡᠷᠬᠡ ᠤᠨᠴᠠᠯᠢᠭᠳᠤ ᠢᠳᠡᠬᠡᠨ ᠢ ᠠᠮᠰᠠᠬᠤ ᠠᠵᠢᠯᠯᠠᠭ᠎ᠠ ᠶᠠᠪᠤᠭᠳᠠᠪᠠ᠃ ᠠᠵᠢᠯᠯᠠᠭ᠎ᠠ ᠨᠢ ︽ᠠᠶᠠᠯᠭᠤᠳᠤ ᠵᠢᠭᠤᠯᠴᠢᠯᠠᠯ ᠦᠪᠦᠷ ᠮᠤᠩᠭᠤᠯ ᠲᠤᠯᠠᠭᠠᠨ ᠬᠤᠳᠠ ᠶᠢᠨ ᠴᠠᠰᠤ ᠮᠦᠰᠦᠨ ᠤ ᠤᠯᠠᠷᠢᠯ︾ ᠢᠶᠠᠷ ᠭᠤᠤᠯ ᠰᠡᠳᠤᠪ ᠢᠶᠠᠨ ᠪᠤᠯᠭᠠᠵᠤ᠂ 6 ᠶᠡᠭᠡ ᠲᠦᠷᠦᠯ ᠤᠨ 20 ᠭᠠᠷᠤᠢ ᠵᠤᠶᠢᠯ ᠤᠨ ᠴᠠᠰᠤ ᠮᠦᠰᠦᠨ ᠤ ᠨᠠᠭᠠᠳᠤᠮ ᠤᠨ ᠠᠵᠢᠯᠯᠠᠭ᠎ᠠ ᠦᠷᠨᠢᠬᠦᠯᠦᠨ᠂ ᠮᠦᠰᠦ ᠴᠠᠰᠤᠨ ᠤ ᠵᠢᠭᠤᠯᠴᠢᠯᠠᠯ ᠤᠨ ᠤᠯᠠᠷᠢᠯ ᠢ ᠨᠡᠩ ᠬᠦᠷ ᠬᠦᠭᠵᠢᠶᠠᠨ ᠢᠶᠠᠷ ᠪᠢᠯᠬᠠᠭᠤᠯᠪᠠ᠃
 
ᠢᠷᠡᠯᠲᠡ᠄ ᠤᠷᠳᠤᠰ ᠡᠳᠦᠷ ᠤᠨ ᠰᠤᠨᠢᠨ