12 ᠰᠠᠷ᠎ᠠ ᠶᠢᠨ 23 ᠤ ᠡᠳᠦᠷ᠂ ᠤᠷᠳᠤᠰ ᠤᠨ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠠ ᠶᠢᠨ ᠲᠣᠭᠤᠷᠢᠭ ᠤᠨ ᠨᠠᠮ ᠤᠨ ᠠᠵᠢᠯᠯᠠᠬᠤ | ᠬᠤᠷᠢᠶ᠎ᠠ ᠶᠢᠨ ᠱᠦᠵᠢ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠡᠭ ᠸᠠᠨ ᠳ᠋ᠠ ᠠᠭᠤᠳᠠᠮ ᠲᠠᠯᠠᠪᠠᠢ ᠶᠢᠨ ᠬᠤᠶᠠᠳᠤᠭᠠᠷ | ᠬᠤᠭᠤᠴᠠᠭᠠᠨ ᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠳᠤ ᠠᠶᠤᠯᠭᠦᠢ ᠦᠢᠯᠡᠳᠪᠤᠷᠢᠯᠠᠯ ᠤᠨ ᠠᠵᠢᠯ ᠢ | ᠪᠠᠶᠢᠴᠠᠭᠠᠪᠠ᠃ | ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ᠂ ᠭᠤᠤ ᠢ ᠳ᠋ᠦᠩ ᠪᠦᠳᠦᠭᠡᠨ ᠪᠠᠶᠢᠭᠤᠯᠤᠯᠲᠠ ᠶᠢᠨ ᠠᠬᠢᠴᠠ᠂ ᠡᠵᠡᠩᠨᠡᠯᠲᠡ ᠶᠢᠨ | ᠬᠡᠯᠪᠡᠷᠢ ᠪᠠᠶᠢᠳᠠᠯ ᠤᠨ ᠪᠠᠶᠢᠷᠢᠯᠠᠭᠤᠯᠤᠯᠲᠠ᠂ ᠬᠤᠳᠠᠯᠳᠤᠭᠠᠨ ᠤ ᠲᠠᠯᠠᠪᠠᠢ ᠶᠢᠨ ᠠᠷᠠᠯᠵᠢᠶᠠᠴᠢᠨ ᠤᠷᠢᠬᠤ᠂ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ᠂ ᠠᠮᠤᠷ | ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠤᠨ ᠲᠦᠷᠦᠯ ᠵᠦᠢᠯ ᠢ ᠠᠬᠢᠭᠤᠯᠬᠤ | ᠳᠤᠮᠳᠠ ᠲᠤᠯᠭᠠᠷᠠᠭᠰᠠᠨ ᠬᠦᠴᠢᠷ ᠠᠰᠠᠭᠤᠳᠠᠯ ᠪᠣᠯᠤᠨ ᠬᠡᠷᠡᠭᠴᠡᠭᠡ ᠶᠢ ᠨᠠᠷᠢᠨ ᠬᠢᠨᠠᠮᠠᠭᠠᠢ ᠰᠣᠨᠣᠰᠴᠠᠢ᠃ | ᠭᠤᠤ ᠢ ᠳ᠋ᠦᠩ᠂ ᠸᠠᠨ ᠳ᠋ᠠ ᠠᠭᠤᠳᠠᠮ ᠲᠠᠯᠠᠪᠠᠶ ᠶᠢᠨ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠨᠢ ᠳ᠋ᠦᠩᠱᠧᠩ ᠲᠣᠭᠤᠷᠢᠭ ᠤᠨ ᠭᠤᠣᠯᠳᠠᠯᠭ᠎ᠠ ᠲᠠᠢ | ᠬᠤᠳᠠᠯᠳᠤᠭᠠᠨ ᠤ ᠲᠥᠷᠥᠯ ᠵᠦᠢᠯ ᠪᠣᠯᠤᠭᠰᠠᠨ ᠤ ᠬᠤᠪᠢ ᠳᠤ᠂ ᠣᠷᠣᠨ ᠪᠦᠰᠡ ᠶᠢᠨ ᠴᠢᠳᠠᠮᠵᠢ ᠶᠢᠨ ᠢᠵᠢ ᠪᠦᠷᠢᠳᠦᠬᠦᠯᠬᠦ ᠶᠢ ᠤᠯᠠᠮ ᠨᠢᠭᠡ ᠠᠯᠬᠤᠮ | ᠳᠡᠬᠦᠯᠳᠡᠷᠵᠢᠬᠦᠯᠬᠦ᠂ ᠬᠤᠲᠠ ᠶᠢᠨ ᠶᠠᠰᠤ ᠴᠢᠨᠠᠷ ᠢ ᠳᠡᠭᠡᠭᠰᠢᠯᠡᠬᠦᠯᠬᠦ᠂ ᠬᠡᠷᠡᠭᠯᠡᠭᠡᠨ ᠤ ᠲᠠᠰ ᠳᠡᠪᠰᠢᠬᠦ ᠶᠢ ᠠᠬᠢᠭᠤᠯᠬᠤ᠂ ᠣᠷᠣᠨ ᠪᠦᠰᠡ ᠶᠢᠨ ᠠᠵᠤ ᠠᠬᠤᠢ ᠶᠢᠨ | ᠬᠥᠭᠵᠢᠯᠲᠡ ᠶᠢ ᠳᠠᠶᠢᠴᠢᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠴᠠᠭ ᠬᠤᠭᠤᠴᠠᠭ᠎ᠠ ᠪᠠ | ᠬᠠᠷᠠᠯᠲᠠᠲᠤ ᠡᠭᠦᠷᠭᠡ ᠶᠢ ᠴᠢᠩᠭ᠎ᠠ ᠠᠳᠬᠤᠵᠤ᠂ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠭᠰᠠᠨ ᠤᠷᠢᠲᠠᠯ ᠳᠣᠣᠷ᠎ᠠ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠪᠥᠬᠦ ᠬᠦᠴᠦᠨ ᠢᠶᠠᠷ ᠢᠶᠠᠨ ᠲᠦᠷᠭᠡᠳᠬᠡᠵᠦ᠂ ᠲᠥᠷᠥᠯ ᠵᠦᠢᠯ ᠢ ᠲᠣᠭᠲᠠᠭᠰᠠᠨ ᠬᠤᠭᠤᠴᠠᠭᠠᠨ ᠳᠤ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠤᠳᠠᠯᠳᠤᠭᠠᠨ ᠤ ᠲᠣᠭᠤᠷᠢᠭ ᠤᠨ ᠵᠠᠮ ᠤᠨ ᠪᠠᠶᠢᠷᠢᠯᠠᠭᠤᠯᠤᠯᠲᠠ ᠪᠠ | ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠲᠥᠯᠦᠪᠵᠢᠭᠦᠯᠭᠡ ᠶᠢ ᠨᠠᠷᠢᠨ ᠬᠢᠨᠠᠮᠠᠭᠠᠢ ᠰᠤᠳᠤᠯᠤᠨ ᠰᠢᠯᠢᠳᠡᠭᠵᠢᠭᠦᠯᠵᠦ᠂ ᠲᠡᠷᠭᠡ ᠵᠤᠭᠰᠤᠭᠠᠬᠤ ᠳᠤ ᠬᠦᠴᠢᠷ ᠪᠠᠶᠢᠬᠤ | ᠠᠰᠠᠭᠤᠳᠠᠯ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠰᠢᠢᠳᠪᠤᠷᠢᠯᠡᠨ᠂ ᠠᠮᠤᠷ ᠲᠦᠪᠰᠢᠨ ᠡᠮᠬᠢ ᠵᠢᠷᠤᠮ ᠲᠠᠢ ᠵᠠᠮ ᠬᠠᠷᠢᠯᠴᠠᠭᠠᠨ ᠤ ᠵᠣᠬᠢᠶᠠᠨ ᠪᠠᠶᠢᠭᠤᠯᠤᠯᠲᠠ | ᠪᠠ ᠳᠥᠭᠦᠮ ᠳᠥᠲᠡ ᠥᠨᠳᠥᠷ ᠪᠦᠲᠦᠮᠵᠢᠲᠡᠶ ᠲᠡᠷᠭᠡ ᠵᠤᠭᠰᠤᠭᠠᠬᠤ ᠬᠠᠮᠢᠶᠠᠷᠤᠯᠲᠠ ᠶᠢᠨ ᠦᠢᠯᠡᠴᠢᠯᠡᠭᠡ ᠪᠠᠷ ᠣᠯᠠᠨ ᠲᠦᠮᠡᠨ ᠤ ᠪᠠᠷᠠᠭ᠎ᠠ ᠬᠤᠳᠠᠯᠳᠤᠨ ᠠᠪᠬᠤ᠂ | ᠶᠠᠪᠤᠵᠤ ᠰᠠᠭᠤᠬᠤ ᠬᠡᠷᠡᠭᠴᠡᠭᠡ ᠶᠢ ᠨᠠᠩ ᠰᠠᠶᠢᠳᠤᠷ ᠬᠠᠩᠭᠠᠬᠤ ᠬᠡᠷᠡᠭᠲᠡᠢ᠃ ᠵᠢᠷᠤᠭ ᠲᠥᠯᠥᠪᠯᠡᠭᠡ ᠶᠢ ᠨᠢᠭᠡᠳᠦᠯᠲᠡᠢ ᠲᠥᠯᠥᠪᠵᠢᠭᠦᠯᠵᠦ᠂ ᠬᠤᠳᠠᠯᠳᠤᠭᠠᠨ ᠤ | ᠲᠣᠭᠤᠷᠢᠭ ᠤᠨ ᠣᠷᠴᠢᠨ ᠲᠣᠭᠤᠷᠢᠨ ᠢ ᠪᠤᠢ ᠪᠤᠯᠭᠠᠬᠤ᠂ ᠬᠡᠷᠡᠭᠯᠡᠭᠡᠨ ᠤ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠣᠷᠣᠭᠤᠯᠤᠨ ᠠᠪᠴᠢᠷᠠᠬᠤ᠂ ᠤᠯᠠᠨ ᠡᠰᠢᠲᠦ | ᠬᠡᠷᠡᠭᠯᠡᠭᠡᠨ ᠤ ᠰᠢᠨ᠎ᠡ ᠪᠠᠶᠢᠳᠠᠯ ᠢ ᠡᠭᠦᠳᠬᠦ ᠵᠡᠷᠭᠡ ᠲᠠᠯ᠎ᠠ ᠪᠠᠷ ᠬᠦᠴᠦ ᠣᠷᠣᠭᠤᠯᠵᠤ᠂ ᠬᠦᠮᠦᠰ ᠤᠨ ᠬᠦᠷᠢᠶᠡᠯᠡᠯ᠂ ᠠᠵᠢᠯᠯᠠᠭ᠎ᠠ᠂ ᠨᠡᠷᠡᠳᠤ ᠳᠡᠮᠳᠡᠭᠳᠤ᠂ ᠦᠢᠯᠡᠴᠢᠯᠡᠭᠡ | ᠵᠡᠷᠭᠡ ᠶᠢ ᠢᠳᠡᠪᠬᠢᠳᠠᠢ ᠳᠦᠪᠯᠡᠷᠡᠬᠦᠯᠦᠨ᠂ ᠬᠤᠳᠠ ᠶᠢᠨ ᠠᠷᠠᠳ ᠤᠨ ᠬᠡᠷᠡᠭᠯᠡᠭᠡᠨ ᠤ ᠪᠡᠶᠡᠴᠢᠯᠡᠨ ᠣᠶᠢᠯᠠᠭᠠᠬᠤ ᠲᠥᠷᠥᠭᠳᠡᠯ ᠢ ᠦᠨᠡᠨᠬᠦ ᠳᠡᠭᠡᠭᠰᠢᠯᠡᠭᠦᠯᠵᠦ᠂ | ᠬᠤᠳᠠ ᠶᠢᠨ ᠠᠵᠤ ᠠᠬᠤᠢ ᠶᠢᠨ ᠰᠢᠨ᠎ᠡ ᠬᠥᠳᠡᠯᠭᠡᠭᠦᠷ ᠢ ᠡᠭᠦᠳᠬᠦ ᠬᠡᠷᠡᠭᠲᠡᠢ᠃ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠢᠯᠡᠴᠢᠯᠡᠭᠡ ᠪᠠᠨ ᠴᠠᠭ ᠲᠤᠬᠠᠢ ᠳᠤᠨᠢ | ᠮᠦᠷᠳᠡᠨ ᠳᠠᠭᠠᠭᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠪᠥᠬᠦ ᠲᠠᠯ᠎ᠠ ᠪᠠᠷ᠂ ᠣᠯᠠᠨ | ᠠᠷᠭ᠎ᠠ ᠵᠠᠮ ᠢᠶᠠᠷ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠪᠠ᠃ | ᠲᠣᠭᠤᠷᠢᠭ ᠤᠨ ᠤᠳᠤᠷᠢᠳᠤᠯᠭ᠎ᠠ ᠳ᠋ᠦ᠋ ᠵᠢᠢ ᠺᠤᠸᠠᠨ᠂ ᠸᠠᠩ ᠬᠤᠢ ᠴᠦᠨ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | |