ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠶᠠᠪᠤᠳᠠᠯ ᠢ ᠮᠤᠩᠭᠤᠯ ᠬᠡᠯᠡᠨ ᠤ ᠰᠦᠯᠵᠢᠶ᠎ᠡ ᠨᠡᠶᠢᠬᠡᠮ ᠲᠤᠭᠤᠷᠢᠭ ᠲᠤ ᠬᠦᠨᠵᠡᠬᠡᠶᠢᠷᠡᠨ ᠤᠬᠠᠭᠤᠯᠤᠨ ᠲᠡᠯᠬᠡᠷᠡᠬᠦᠯᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/26
    ᠨᠠᠮ ᠤᠨ ᠬᠤᠷᠢᠳᠤᠭᠠᠷ ᠶᠡᠭᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ  ᠶᠢ ᠤᠯᠠᠮ ᠨᠢᠭᠡ ᠠᠯᠬᠤᠮ ᠰᠤᠷᠤᠯᠴᠠᠨ ᠲᠤᠤᠱᠯᠠᠭᠤᠯᠵᠤ ᠤᠬᠠᠭᠤᠯᠬᠤ ᠶᠢᠨ ᠲᠥᠯᠥᠭᠡ᠂ 12 ᠰᠠᠷ᠎ᠠ ᠶᠢᠨ 25 ᠤ ᠡᠳᠦᠷ᠂ ᠳ᠋ᠦᠩᠱᠧᠩ ᠲᠣᠭᠤᠷᠢᠭ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠢᠦᠢ ᠼᠠᠢ ᠨᠡᠶᠢᠭᠡᠮ ᠲᠣᠭᠤᠷᠢᠭ ᠲᠤ ᠬᠦᠷᠴᠦ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠭᠤᠣᠯ ᠰᠡᠳᠦᠪᠲᠦ ᠤᠬᠠᠭᠤᠯᠭ᠎ᠠ ᠪᠣᠯᠣᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ ᠵᠢᠴᠢ ᠸᠢᠴᠠᠲ ᠲᠠᠪᠴᠠᠩ ᠢ ᠤᠬᠠᠭᠤᠯᠤᠨ ᠲᠡᠯᠬᠡᠷᠡᠬᠦᠯᠬᠦ ᠠᠵᠢᠯᠯᠠᠭ᠎ᠠ ᠦᠷᠨᠢᠬᠦᠯᠪᠠ᠃
微信图片_20241223093015.jpg
       ᠠᠵᠢᠯᠯᠠᠭ᠎ᠠ ᠶᠢᠨ ᠳᠤᠮᠳᠠ᠂ ᠢᠦᠢ ᠼᠠᠢ ᠨᠡᠶᠢᠭᠡᠮ ᠲᠣᠭᠤᠷᠢᠭ ᠤᠨ ᠣᠯᠠᠨ ᠲᠦᠮᠡᠨ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠴᠤᠭᠴᠠᠯᠠᠬᠤ ᠤᠬᠠᠭᠤᠯᠭ᠎ᠠ ᠶᠢᠨ ᠭᠠᠷ ᠳᠡᠪᠲᠡᠷ᠂ ᠳ᠋ᠦᠩᠱᠧᠩ ᠲᠣᠭᠤᠷᠢᠭ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠲᠠᠷᠬᠠᠭᠠᠬᠤ ᠵᠡᠷᠬᠡ ᠠᠷᠭ᠎ᠠ ᠬᠡᠯᠪᠡᠷᠢ ᠪᠠᠷ ᠲᠠᠮᠵᠢᠨ᠂ ᠣᠯᠠᠨ ᠲᠦᠮᠡᠨ ᠢᠶᠠᠷ ᠸᠢᠴᠠᠲ ᠲᠠᠪᠴᠠᠩ ᠤᠨ ᠬᠤᠶᠠᠷ ᠬᠡᠮᠵᠢᠯᠲᠦ ᠲᠡᠮᠳᠡᠭ ᠢ ᠰᠢᠷᠪᠢᠭᠦᠯᠵᠦ᠂ ᠳ᠋ᠦᠩᠱᠧᠩ ᠲᠤᠭᠤᠷᠢᠭ ᠤᠨ ᠵᠠᠰᠠᠭ ᠤᠨ ᠣᠷᠳᠣᠨ ᠤ ᠮᠣᠩᠭᠤᠯ ᠬᠡᠯᠡᠨ ᠤ ᠰᠦᠯᠵᠢᠶ᠎ᠡ ᠶᠢ ᠬᠠᠯᠠᠭᠤᠨ ᠢᠶᠠᠷ ᠬᠠᠯᠠᠰᠢᠷᠠᠯ ᠦᠭᠡᠢ ᠤᠬᠠᠭᠤᠯᠪᠠ᠃
微信图片_20241223093048.jpg
     ᠲᠣᠰ ᠤᠳᠠᠭᠠᠨ ᠤ ᠠᠵᠢᠯᠯᠠᠭ᠎ᠠ ᠳᠤ ᠨᠡᠶᠢᠲᠡ 100 ᠭᠠᠷᠤᠢ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠦᠲᠦᠮᠵᠢᠲᠡᠶ ᠪᠣᠶ ᠪᠤᠯᠭᠠᠵᠤ᠂ ᠣᠯᠠᠨ ᠨᠡᠶᠢᠲᠡ ᠶᠢᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠪᠠ ᠸᠢᠴᠠᠲ ᠶᠢᠨ ᠲᠠᠪᠴᠠᠩ ᠲᠤᠬᠠᠢ ᠲᠠᠨᠢᠯᠲᠠ ᠪᠠ ᠬᠡᠷᠡᠭᠯᠡᠯᠲᠡ ᠶᠢᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠳᠠᠮᠵᠢᠭᠤᠯᠭ᠎ᠠ ᠶᠢ ᠨᠠᠩ ᠥᠷᠭᠡᠨ ᠳᠡᠯᠭᠡᠷ ᠪᠣᠯᠭᠠᠪᠠ᠃
微信图片_20241223093027.jpg
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ