1 - 11 ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠬᠤᠪᠢᠶᠠᠷᠢ ᠠᠵᠢᠯ ᠲᠥᠷᠥᠯ ᠤᠨ ᠨᠡᠮᠡᠭᠳᠡᠯ ᠥᠷᠲᠡᠭ ᠤᠨ ᠨᠡᠮᠡᠭᠳᠡᠯ ᠤᠨ ᠬᠡᠪᠴᠢᠶ᠎ᠡ 50% ᠳᠤ ᠬᠦᠷᠪᠡ
ᠨᠡᠶᠢᠲᠡᠯᠡᠭᠰᠡᠨ ᠴᠠᠭ᠄
2024/12/27
     2024 ᠣᠨ ᠤ 1 ︱ 11 ᠰᠠᠷ᠎ᠠ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 15% ᠪᠠᠷ ᠨᠡᠮᠡᠭᠳᠡᠵᠦ᠂ ᠪᠥᠬᠦ ᠬᠤᠲᠠ ᠶᠢᠨ ᠨᠢᠭᠡᠳᠦᠭᠡᠷ ᠲᠤ ᠣᠷᠣᠪᠠ᠃ ᠡᠭᠦᠨ ᠳᠤ 20 ᠠᠵᠢᠯ ᠲᠥᠷᠥᠯ ᠤᠨ ᠳᠣᠲᠣᠷᠠᠬᠢ 10 ᠠᠵᠢᠯ ᠲᠥᠷᠥᠯ ᠤᠨ ᠨᠡᠮᠡᠭᠳᠡᠯ ᠥᠷᠲᠡᠭ ᠨᠢ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠡᠪᠴᠢᠶ᠎ᠡ ᠨᠢ 50% ᠳᠤ ᠬᠦᠷᠴᠡᠢ᠃ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 17.9% ᠪᠠᠷ ᠨᠡᠮᠡᠭᠳᠡᠪᠡ︔ ᠢᠳᠡᠭᠡᠨ ᠤ ᠵᠦᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 55.5% ᠪᠠᠷ ᠨᠡᠮᠡᠭᠳᠡᠪᠡ︔ ᠨᠡᠬᠡᠮᠡᠯ ᠤᠨ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 7.8% ᠪᠠᠷ ᠨᠡᠮᠡᠭᠳᠡᠪᠡ︔ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠪᠡ︔ ᠡᠮ ᠡᠮᠨᠡᠯᠭᠡ ᠶᠢᠨ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ 42.1% ᠪᠠᠷ ᠨᠡᠮᠡᠭᠳᠡᠪᠡ︔ ᠲᠡᠮᠦᠷᠯᠢᠭ ᠤᠨ ᠪᠦᠲᠦᠭᠡᠭᠳᠡᠬᠦᠨ ᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 112.3% ᠪᠠᠷ ᠨᠡᠮᠡᠭᠳᠡᠪᠡ︔ ᠴᠠᠬᠢᠯᠭᠠᠨ ᠤ ᠮᠠᠰᠢᠨ ᠪᠠ ᠪᠠᠭᠠᠵᠢ ᠬᠡᠷᠡᠭᠰᠡᠯ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 61.2% ᠢᠶᠠᠷ ᠨᠡᠮᠡᠭᠳᠡᠪᠡ︔ ᠺᠣᠮᠫᠢᠦ᠋ᠲ᠋ᠧᠷ᠂ ᠴᠢᠮᠡᠭᠡ ᠬᠤᠯᠪᠣᠭ᠎ᠠ ᠪᠠ ᠪᠤᠰᠤᠳ ᠡᠯᠧᠺᠲᠷᠣᠨ ᠲᠥᠬᠦᠭᠡᠷᠦᠮᠵᠢ ᠦᠢᠯᠡᠳᠬᠦ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 12.6% ᠪᠠᠷ ᠨᠡᠮᠡᠭᠳᠡᠪᠡ︔ ᠲᠡᠮᠦᠷᠯᠢᠭ ᠤᠨ ᠪᠦᠲᠦᠭᠡᠭᠳᠡᠬᠦᠨ᠂ ᠮᠠᠰᠢᠨ ᠪᠠ ᠲᠥᠬᠦᠭᠡᠷᠦᠮᠵᠢ ᠰᠡᠯᠪᠢᠨ ᠵᠠᠰᠠᠬᠤ ᠦᠢᠯᠡᠰ ᠤᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 53.9% ᠪᠠᠷ ᠨᠡᠮᠡᠭᠳᠡᠪᠡ︔ ᠴᠠᠬᠢᠯᠭᠠᠨ ᠭᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠪᠡ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ