| ᠨᠢᠭᠡᠳᠦᠭᠡᠷ ᠵᠦᠢᠯ ᠣᠷᠳᠣᠰ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ︽ᠣᠷᠳᠣᠰ | ᠬᠤᠲᠠ ᠶᠢᠨ ᠳ᠋ᠦᠩᠱᠧᠩ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠲᠥᠰᠥᠯ︾ ᠪᠣᠯᠣᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ | ᠳᠠᠷᠤᠮᠠᠯᠯᠠᠨ ᠲᠠᠷᠬᠠᠭᠠᠭᠰᠡᠨ ︽ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠬᠡᠷᠡᠭᠵᠢᠭᠦᠯᠬᠦ ᠰᠠᠨᠠᠯ︾ ᠢ | ᠦᠨᠳᠦᠰᠦᠯᠡᠨ᠂ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠪᠣᠯ ᠳ᠋ᠦᠩᠱᠧᠩ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠤ ᠠᠵᠢᠯᠯᠠᠬᠤ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠤ ᠲᠠᠰ ᠪᠣᠯᠣᠨ᠎ᠠ᠃ | ᠭᠤᠷᠪᠠᠳᠤᠭᠠᠷ ᠵᠦᠢᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠨᠢ ᠨᠠᠮ ᠤᠨ ᠲᠦᠪ ᠬᠤᠷᠢᠶᠠᠨ ᠤ ᠲᠤᠭ᠎ᠠ | ᠪᠦᠷᠢᠳᠬᠡᠯ ᠤᠨ ᠠᠵᠢᠯ ᠤᠨ ᠲᠤᠬᠠᠢ ᠴᠢᠭᠯᠡᠯᠳᠠ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ | ᠨᠠᠮ ᠤᠨ ᠬᠤᠷᠢᠶ᠎ᠠ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠨᠠᠮ ᠤᠨ ᠲᠤᠭ᠎ᠠ ᠪᠦᠷᠢᠳᠬᠡᠯ ᠤᠨ ᠠᠵᠢᠯ ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠪᠠᠷᠢᠮᠲᠠᠯᠠᠨ | ᠴᠢᠩᠭᠠᠳᠬᠠᠨ᠎ᠠ᠃ ᠭᠤᠣᠯ ᠡᠭᠦᠷᠭᠡ ᠬᠠᠷᠢᠭᠤᠴᠠᠯᠭ᠎ᠠ ᠪᠣᠯ᠄ | ︵ᠨᠢᠭᠡ︶ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ | ᠳᠦᠷᠢᠮ ᠵᠢᠴᠢ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠲᠤᠤᠱᠯᠠᠭᠤᠯᠤᠨ ᠬᠡᠷᠡᠭᠵᠢᠬᠦᠯᠦᠨ᠎ᠠ᠃ ᠲᠤᠭ᠎ᠠ ᠪᠦᠷᠢᠳᠬᠡᠯ ᠤᠨ ᠬᠠᠤᠯᠢ | ᠴᠠᠭᠠᠵᠠ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠣᠯᠣᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢᠨ ᠬᠡᠷᠡᠭᠵᠢᠭᠦᠯᠦᠯᠲᠡ ᠳᠤ | ᠬᠢᠨᠠᠯᠲᠠ ᠲᠠᠯᠪᠢᠵᠤ ᠪᠠᠶᠢᠴᠠᠭᠠᠨ᠎ᠠ᠃ ᠳ᠋ᠦᠩᠱᠧᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ | ︵ᠬᠤᠶᠠᠷ︶ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠪᠠᠶᠢᠭᠤᠯᠤᠮᠵᠢ ᠶᠢ ᠲᠤᠤᠱᠯᠠᠭᠤᠯᠤᠨ ᠬᠡᠷᠡᠭᠵᠢᠭᠦᠯᠵᠦ᠂ ᠳ᠋ᠦᠩᠱᠧᠩ ᠲᠣᠭᠤᠷᠢᠭ ᠤᠨ | ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠪᠠ ᠣᠷᠣᠭᠤᠯᠤᠯᠲᠠ ᠭᠠᠷᠤᠯᠳᠠ ᠶᠢᠨ ᠪᠠᠶᠢᠴᠠᠭᠠᠯᠲᠠ ᠶᠢᠨ ᠠᠵᠢᠯ ᠢ ᠬᠠᠷᠢᠭᠤᠴᠠᠵᠤ᠂ ᠤᠯᠤᠰ ᠠᠷᠠᠳ ᠤᠨ | ᠠᠵᠤ ᠠᠬᠤᠢ ᠶᠢᠨ ᠲᠣᠭᠠᠴᠠᠭ᠎ᠠ ᠬᠢᠬᠦ ᠮᠠᠲ᠋ᠧᠷᠢᠶᠠᠯ ᠢ ᠡᠮᠬᠢᠳᠬᠡᠨ ᠨᠠᠶᠢᠷᠠᠭᠤᠯᠤᠨ᠎ᠠ᠃ | ︵ᠭᠤᠷᠪᠠ︶ ᠳ᠋ᠦᠩᠱᠧᠩ ᠲᠣᠭᠤᠷᠢᠭ ᠤᠨ ᠬᠥᠮᠥᠨ ᠠᠮᠠ᠂ ᠠᠵᠤ ᠠᠬᠤᠢ᠂ ᠲᠠᠷᠢᠶᠠᠯᠠᠩ ᠮᠠᠯ ᠠᠵᠤ ᠠᠬᠤᠢ ᠵᠡᠷᠭᠡ ᠲᠤᠭᠤᠷᠢᠭ ᠤᠨ ᠴᠢᠬᠤᠯᠠ ᠪᠠᠶᠢᠳᠠᠯ | ᠬᠦᠴᠦᠨ ᠤ ᠨᠡᠶᠢᠳᠡᠮ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠤᠭᠤᠷᠢᠭ ᠤᠨ | ᠴᠢᠬᠤᠯᠡ ᠪᠠᠶᠢᠳᠠᠯ ᠬᠦᠴᠦᠨ ᠤ ᠨᠡᠶᠢᠳᠡᠮ ᠪᠠᠶᠢᠴᠠᠭᠠᠯᠲᠠ ᠬᠢᠭᠡᠳ ᠲᠤᠰᠬᠠᠢ ᠵᠦᠢᠯ ᠤᠨ ᠪᠠᠶᠢᠴᠠᠭᠠᠯᠲᠠ ᠶᠢᠨ ᠲᠥᠯᠥᠪᠯᠡᠭᠡ᠂ ᠲᠥᠰᠥᠯ ᠢ ᠲᠤᠭᠤᠷᠪᠢᠨ | ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠠ᠃ ᠲᠤᠭᠤᠷᠢᠭ ᠤᠨ ᠪᠠᠶᠢᠳᠠᠯ ᠲᠤᠭᠤᠷᠢᠭ ᠤᠨ ᠬᠦᠴᠦᠨ ᠤ ᠲᠠᠯ᠎ᠠ ᠪᠠᠷ ᠬᠢ ᠬᠤᠯᠪᠣᠭᠳᠠᠯ ᠪᠦᠬᠦᠢ | ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠵᠦ᠂ ᠬᠠᠩᠭᠠᠨ᠎ᠠ᠃ | ︵ᠳᠥᠷᠪᠡ︶ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ᠂ ᠠᠵᠤ ᠦᠢᠯᠡᠳᠪᠦᠷᠢ᠂ ᠪᠠᠷᠢᠯᠭ᠎ᠠ ᠶᠢᠨ ᠦᠢᠯᠡᠰ᠂ ᠦᠢᠯᠡᠴᠢᠯᠡᠭᠡᠨ ᠤ | ᠦᠢᠯᠡᠰ ᠵᠡᠷᠭᠡ ᠲᠤᠭᠤᠷᠢᠭ ᠤᠨ ᠤᠯᠤᠰ ᠠᠷᠠᠳ ᠤᠨ ᠠᠵᠤ ᠠᠬᠤᠢ ᠶᠢᠨ ᠡᠯ᠎ᠡ ᠠᠵᠢᠯ ᠲᠦᠷᠦᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠬᠡᠷᠡᠭᠵᠢᠬᠦᠯᠵᠤ᠂ ᠬᠤᠯᠪᠣᠭᠳᠠᠯ ᠪᠦᠬᠦᠢ ᠪᠠᠶᠢᠴᠠᠭᠠᠯᠲᠠ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠬᠤᠷᠢᠶᠠᠩᠭᠤᠶᠢᠯᠠᠵᠤ᠂ | ᠡᠮᠬᠢᠳᠬᠡᠵᠦ᠂ ᠬᠠᠩᠭᠠᠨ᠎ᠠ︔ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ᠂ ᠰᠢᠤᠳᠠᠨ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ᠂ ᠨᠡᠶᠢᠭᠡᠮ ᠤᠨ ᠪᠠᠲᠤᠯᠠᠭ᠎ᠠ᠂ | ᠨᠡᠶᠢᠲᠡ ᠶᠢᠨ ᠬᠡᠷᠡᠭᠯᠡᠭᠡᠨ ᠤ ᠦᠢᠯᠡᠰ ᠵᠡᠷᠭᠡ ᠳ᠋ᠦᠩᠱᠧᠩ ᠲᠣᠭᠤᠷᠢᠭ ᠤᠨ ᠦᠨᠳᠦᠰᠦᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠤᠷᠢᠶᠠᠩᠭᠤᠶᠢᠯᠠᠵᠤ᠂ | ᠡᠮᠬᠢᠳᠬᠡᠵᠦ᠂ ᠬᠠᠩᠭᠠᠨ᠎ᠠ᠃ | ︵ᠲᠠᠪᠤ︶ ᠳ᠋ᠦᠩᠱᠧᠩ ᠲᠣᠭᠤᠷᠢᠭ ᠤᠨ ᠡᠨᠧᠷᠭᠢ ᠶᠢᠨ ᠰᠤᠷᠪᠤᠯᠵᠢ᠂ ᠪᠡᠯᠡ ᠣᠷᠣᠭᠤᠯᠤᠯᠲᠠ᠂ ᠬᠡᠷᠡᠭᠯᠡᠭᠡ᠂ ᠰᠢᠨᠵᠢᠯᠡᠬᠦ ᠤᠬᠠᠭᠠᠨ ᠮᠡᠷᠭᠡᠵᠢᠯ᠂ ᠬᠥᠮᠥᠨ ᠠᠮᠠ᠂ | ᠬᠥᠳᠡᠯᠮᠦᠷᠢ ᠬᠦᠴᠦᠨ᠂ ᠬᠥᠳᠡᠯᠭᠡᠬᠦ ᠬᠦᠴᠦᠨ᠂ ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ᠂ ᠣᠷᠴᠢᠨ ᠲᠣᠭᠤᠷᠢᠨ ᠤ ᠦᠨᠳᠦᠰᠦᠨ ᠪᠠᠶᠢᠳᠠᠯ ᠵᠡᠷᠭᠡ ᠶᠢ | ᠪᠦᠷᠢᠳᠬᠡᠨ ᠪᠠᠶᠢᠴᠠᠭᠠᠬᠤ᠂ ᠬᠠᠮᠢᠶ᠎ᠠ ᠪᠦᠬᠦᠢ ᠪᠠᠶᠢᠴᠠᠭᠠᠯᠲᠠ ᠶᠢᠨ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠬᠤ᠂ ᠬᠤᠷᠢᠶᠠᠩᠭᠤᠶᠢᠯᠠᠬᠤ᠂ ᠡᠮᠬᠢᠳᠬᠡᠬᠦ ᠪᠠ | ᠬᠠᠩᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠬᠢ ᠪᠠᠶᠠᠯᠢᠭ᠂ ᠭᠡᠷ ᠪᠠᠶᠢᠰᠢᠩ ᠭᠠᠵᠠᠷ ᠬᠥᠷᠥᠩᠭᠡ᠂ ᠭᠠᠳᠠᠭᠠᠳᠤ ᠠᠷᠠᠯᠵᠢᠶ᠎ᠠ᠂ ᠭᠠᠳᠠᠭᠠᠳᠤ ᠠᠵᠤ | ᠠᠬᠤᠢ ᠵᠡᠷᠭᠡ ᠳ᠋ᠦᠩᠱᠧᠩ ᠲᠣᠭᠤᠷᠢᠭ ᠤᠨ ᠦᠨᠳᠦᠰᠦᠨ ᠪᠦᠷᠢᠳᠬᠡᠯ ᠤᠨ ᠲᠤᠭ᠎ᠠ ᠪᠠᠷᠢᠮᠲᠠ ᠶᠢ ᠴᠤᠭᠯᠠᠭᠤᠯᠵᠤ᠂ ᠬᠤᠷᠢᠶᠠᠩᠭᠤᠶᠢᠯᠠᠵᠤ᠂ ᠡᠮᠬᠢᠳᠬᠡᠵᠦ᠂ | ᠬᠠᠩᠭᠠᠨ᠎ᠠ︔ | ︵ᠵᠢᠷᠭᠤᠭ᠎ᠠ︶ ᠳ᠋ᠦᠩᠱᠧᠩ ᠲᠣᠭᠤᠷᠢᠭ ᠤᠨ ᠠᠵᠤ ᠠᠬᠤᠢ᠂ ᠨᠡᠶᠢᠭᠡᠮ᠂ ᠰᠢᠨᠵᠢᠯᠡᠬᠦ ᠤᠬᠠᠭᠠᠨ ᠮᠡᠷᠭᠡᠵᠢᠯ᠂ ᠡᠬᠢ ᠪᠠᠶᠠᠯᠢᠭ ᠣᠷᠴᠢᠨ ᠲᠣᠭᠤᠷᠢᠨ ᠪᠠ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢ ᠪᠦᠷᠢᠳᠬᠡᠨ ᠪᠠᠶᠢᠴᠠᠭᠠᠬᠤ ᠶᠢ ᠵᠣᠬᠢᠶᠠᠨ ᠪᠠᠶᠢᠭᠤᠯᠤᠨ᠎ᠠ᠃ ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠤ | ᠳ᠋ᠦᠩᠱᠧᠩ ᠲᠣᠭᠤᠷᠢᠭ ᠤᠨ ᠦᠨᠳᠦᠰᠦᠨ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠨᠢᠭᠡᠳᠦᠯᠲᠡᠢ ᠬᠢᠨᠠᠨ ᠲᠣᠭᠲᠠᠭᠠᠵᠤ᠂ ᠬᠠᠮᠢᠶᠠᠷᠴᠤ᠂ ᠨᠡᠶᠢᠲᠡᠯᠡᠵᠦ᠂ ᠤᠯᠤᠰ | ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ | ᠨᠡᠶᠢᠲᠡᠯᠡᠨ᠎ᠡ᠃ | ︵ᠳᠣᠯᠤᠭ᠎ᠠ︶ ᠳ᠋ᠦᠩᠱᠧᠩ ᠲᠣᠭᠤᠷᠢᠭ ᠤᠨ ᠤᠯᠤᠰ ᠠᠷᠠᠳ ᠤᠨ ᠠᠵᠤ ᠠᠬᠤᠢ᠂ ᠨᠡᠶᠢᠭᠡᠮ ᠤᠨ ᠬᠥᠭᠵᠢᠯᠲᠡ᠂ ᠰᠢᠨᠵᠢᠯᠡᠬᠦ ᠤᠬᠠᠭᠠᠨ ᠮᠡᠷᠭᠡᠵᠢᠯ ᠤᠨ | ᠳᠠᠪᠰᠢᠯᠲᠠ ᠪᠠ ᠡᠬᠢ ᠪᠠᠶᠠᠯᠢᠭ ᠣᠷᠴᠢᠨ ᠲᠣᠭᠤᠷᠢᠨ ᠵᠡᠷᠭᠡ ᠪᠠᠶᠢᠳᠠᠯ ᠳᠤ ᠪᠦᠷᠢᠳᠬᠡᠨ ᠵᠠᠳᠠᠯᠤᠯᠲᠠ ᠬᠢᠬᠦ᠂ ᠪᠦᠷᠢᠳᠬᠡᠨ ᠬᠢᠨᠠᠨ ᠰᠢᠨᠵᠢᠬᠦ ᠪᠠ ᠪᠦᠷᠢᠳᠬᠡᠨ ᠬᠢᠨᠠᠯᠲᠠ | ᠲᠠᠯᠪᠢᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠳ᠋ᠦᠩᠱᠧᠩ ᠲᠣᠭᠤᠷᠢᠭ ᠤᠨ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠣᠨ ᠤ ᠦᠨᠡᠯᠡᠯᠲᠡ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ | ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠲᠤᠭ᠎ᠠ ᠪᠦᠷᠢᠳᠬᠡᠯ ᠤᠨ ᠮᠡᠳᠡᠭᠡ ᠵᠠᠩᠭᠢ ᠪᠠ ᠠᠰᠠᠭᠤᠨ ᠯᠠᠪᠯᠠᠬᠤ ᠰᠠᠨᠠᠭᠤᠯᠭ᠎ᠠ ᠶᠢ | ᠬᠠᠩᠭᠠᠨ᠎ᠠ᠃ | ︵ᠨᠠᠢᠮᠠ︶ ᠳ᠋ᠦᠩᠱᠧᠩ ᠲᠣᠭᠤᠷᠢᠭ ᠤᠨ ᠡᠯ᠎ᠡ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠢ ᠬᠠᠤᠯᠢ ᠶᠣᠰᠣᠭᠠᠷ | ᠬᠢᠨᠠᠨ ᠵᠥᠪᠰᠢᠶᠡᠷᠡᠬᠦ ᠪᠤᠶᠤ ᠳᠡᠩᠰᠡᠯᠡᠵᠦ᠂ ᠲᠤᠰᠬᠠᠢ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ᠂ ᠲᠤᠭ᠎ᠠ ᠪᠦᠷᠢᠳᠬᠡᠯ ᠤᠨ ᠦᠨᠳᠦᠰᠦᠨ ᠱᠠᠲᠤᠨ ᠤ | ᠲᠤᠬᠠᠶᠢᠯᠠᠭᠰᠠᠨ ᠠᠵᠢᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠵᠢᠯᠤᠭᠤᠳᠴᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠬᠢᠨᠠᠨ | ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠴᠢᠬᠤᠯᠠ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠢᠨᠠᠨ | ᠬᠠᠷᠭᠤᠭᠤᠯᠬᠤ᠂ ᠬᠢᠨᠠᠨ ᠡᠵᠡᠮᠳᠡᠬᠦ ᠪᠠ ᠦᠨᠡᠯᠡᠨ ᠵᠢᠱᠢᠬᠦ ᠶᠢ ᠥᠷᠨᠢᠭᠦᠯᠵᠦ᠂ ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠭᠠᠳᠠᠭᠠᠳᠤ ᠳᠤ ᠬᠤᠯᠪᠣᠭᠳᠠᠬᠤ | ᠪᠠᠶᠢᠴᠠᠭᠠᠯᠲᠠ ᠶᠢᠨ ᠠᠵᠢᠯᠯᠠᠭ᠎ᠠ ᠳᠤ ᠬᠢᠨᠠᠯᠲᠠ ᠲᠠᠯᠪᠢᠨ᠎ᠠ᠃ | ︵ᠶᠢᠰᠦ︶ ᠳ᠋ᠦᠩᠱᠧᠩ ᠲᠣᠭᠤᠷᠢᠭ ᠤᠨ ᠲᠤᠭ᠎ᠠ ᠪᠦᠷᠢᠳᠬᠡᠯ ᠤᠨ ᠺᠠᠳ᠋ᠷ ᠤᠨ ᠪᠤᠯᠪᠠᠰᠤᠷᠠᠯ᠂ ᠲᠤᠭ᠎ᠠ ᠪᠦᠷᠢᠳᠬᠡᠯ ᠤᠨ ᠲᠤᠰᠬᠠᠢ ᠮᠡᠷᠭᠡᠵᠢᠯ ᠤᠨ ᠡᠩᠨᠡᠭᠡ ᠶᠢᠨ | ᠪᠠᠶᠢᠭᠤᠯᠤᠯᠲᠠ ᠵᠡᠷᠭᠡ ᠠᠵᠢᠯ ᠢ ᠥᠷᠨᠢᠭᠦᠯᠦᠨ᠎ᠡ᠃ | ︵ᠠᠷᠪᠠ︶ ᠳ᠋ᠦᠩᠱᠧᠩ ᠲᠣᠭᠤᠷᠢᠭ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠬᠠᠷᠢᠭᠤᠴᠠᠵᠤ᠂ | ᠳ᠋ᠦᠩᠱᠧᠩ ᠲᠣᠭᠤᠷᠢᠭ ᠤᠨ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠰᠢᠰᠲ᠋ᠧᠮ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠬᠥᠮᠥᠷᠭᠡ ᠶᠢᠨ | ᠰᠢᠰᠲ᠋ᠧᠮ᠂ ᠳ᠋ᠦᠩᠱᠧᠩ ᠲᠣᠭᠤᠷᠢᠭ ᠤᠨ ᠠᠵᠤ ᠠᠬᠤᠢ ᠬᠢᠭᠡᠳ ᠨᠡᠶᠢᠭᠡᠮ ᠤᠨ ᠬᠥᠭᠵᠢᠯᠲᠡ ᠶᠢᠨ ᠬᠤᠷᠸ᠎ᠠ ᠰᠠᠭᠤᠷᠢ ᠲᠤᠭ᠎ᠠ ᠪᠠᠷᠢᠮᠲᠠ ᠶᠢᠨ ᠬᠥᠮᠥᠷᠭᠡ ᠶᠢ | ᠪᠠᠶᠢᠭᠤᠯᠵᠤ᠂ ᠬᠠᠮᠢᠶᠠᠷᠴᠦ᠂ ᠬᠠᠮᠠᠭᠠᠯᠠᠨ᠎ᠠ᠃ | ︵ᠠᠷᠪᠠᠨ ᠨᠢᠭᠡ︶ ᠲᠤᠭᠤᠷᠢᠭ ᠤᠨ ᠲᠣᠰ ᠱᠠᠲᠤᠨ ᠤ ᠲᠤᠭ᠎ᠠ ᠪᠦᠷᠢᠳᠬᠡᠯ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | ︵ᠠᠷᠪᠠᠨ ᠬᠤᠶᠠᠷ︶ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠲᠤᠰᠢᠶᠠᠭᠰᠡᠨ ᠪᠤᠰᠤᠳ ᠡᠭᠦᠷᠭᠡ ᠨᠦᠭᠦᠳ ᠢ | ᠪᠠᠶᠡᠯᠡᠬᠦᠯᠦᠨ᠎ᠠ᠃ | ᠳᠥᠷᠪᠡᠳᠦᠭᠡᠷ ᠵᠦᠢᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠳᠤ ᠳᠣᠣᠷᠠᠬᠢ ᠳᠣᠲᠣᠭᠠᠳᠤ | ᠪᠠᠶᠢᠭᠤᠯᠤᠮᠵᠢ ᠶᠢ ᠪᠠᠶᠢᠭᠤᠯᠤᠨ᠎ᠠ᠄ | ︵ᠨᠢᠭᠡ︶ ᠠᠯᠪᠠᠨ ᠭᠡᠷ | ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠨᠠᠮ ᠤᠨ ᠪᠠᠶᠢᠭᠤᠯᠤᠯᠲᠠ᠂ ᠵᠠᠰᠠᠭ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ ᠵᠡᠷᠭᠡ ᠠᠵᠢᠯ ᠢ | ᠡᠭᠦᠷᠭᠡᠯᠡᠨ᠎ᠡ᠃ ᠪᠠᠶᠢᠭᠤᠯᠭ᠎ᠠ ᠶᠢᠨ ᠠᠵᠢᠯ ᠤᠨ ᠳᠦᠷᠢᠮ ᠢ ᠲᠣᠭᠲᠠᠭᠠᠨ᠎ᠠ᠃ ᠴᠢᠬᠤᠯᠠ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠰᠢᠮᠳᠠᠭᠤᠯᠤᠨ ᠪᠠᠶᠢᠴᠠᠭᠠᠵᠤ | ᠰᠢᠮᠳᠠᠭᠤᠯᠤᠨ ᠭᠦᠢᠴᠡᠳᠬᠡᠬᠦ ᠵᠡᠷᠭᠡ ᠶᠢ ᠬᠠᠷᠢᠭᠤᠴᠠᠨ᠎ᠠ᠃ ᠪᠠᠶᠢᠭᠤᠯᠭ᠎ᠠ ᠵᠢᠴᠢ ᠬᠠᠷᠢᠶ᠎ᠠ ᠠᠵᠢᠯ ᠦᠢᠯᠡᠰ ᠤᠨ ᠨᠢᠬᠡᠴᠡ ᠶᠢᠨ ᠪᠠᠶᠢᠭᠤᠯᠤᠮᠵᠢ ᠶᠢᠨ ᠣᠷᠣᠨ ᠲᠤᠭ᠎ᠠ᠂ | ᠠᠵᠢᠯᠲᠠᠨ ᠤ ᠶᠠᠪᠤᠳᠠᠯ᠂ ᠠᠵᠢᠯ ᠠᠴᠠ ᠪᠠᠨ ᠪᠠᠭᠤᠵᠤ ᠠᠮᠠᠷᠠᠭᠰᠠᠳ ᠤᠨ ᠠᠵᠢᠯ ᠢ ᠡᠭᠦᠷᠭᠡᠯᠡᠨ᠎ᠡ᠃ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠮᠵᠢᠯᠴᠠᠨ ᠳ᠋ᠦᠩᠱᠧᠩ ᠲᠣᠭᠤᠷᠢᠭ ᠤᠨ ᠲᠤᠭ᠎ᠠ ᠪᠦᠷᠢᠳᠬᠡᠯ ᠤᠨ ᠰᠢᠷᠢᠰ ᠳᠡᠭᠡᠳᠦ ᠵᠡᠷᠭᠡ ᠶᠢᠨ ᠮᠡᠷᠭᠡᠵᠢᠯ ᠤᠨ ᠴᠣᠯᠠ ᠶᠢᠨ | ᠬᠢᠷᠢ ᠬᠡᠮ ᠢ ᠬᠦᠷᠭᠡᠵᠦ ᠬᠢᠨᠠᠭᠤᠯᠬᠤ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠵᠠᠰᠠᠭ ᠤᠨ ᠣᠷᠳᠣᠨ ᠤ ᠬᠤᠳᠠᠯᠳᠤᠨ ᠠᠪᠬᠤ ᠪᠠ ᠤᠯᠤᠰ ᠤᠨ ᠥᠮᠴᠢᠯᠡᠯ ᠦᠨᠡᠳ᠋ | ᠤᠨ ᠬᠠᠮᠢᠶᠠᠷᠤᠯᠳᠠ ᠶᠢᠨ ᠠᠵᠢᠯ ᠢ ᠬᠠᠷᠢᠭᠤᠴᠠᠨ᠎ᠠ᠃ ᠪᠠᠶᠢᠭᠤᠯᠭ᠎ᠠ ᠶᠢᠨ ᠨᠢᠭᠲᠠᠯᠠᠨ ᠪᠤᠳᠤᠬᠤ ᠲᠣᠭᠠᠴᠠᠭ᠎ᠠ ᠬᠢᠬᠦ ᠪᠠ ᠳ᠋ᠦᠩᠱᠧᠩ ᠲᠣᠭᠤᠷᠢᠭ ᠤᠨ ᠲᠤᠭ᠎ᠠ | ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠵᠠᠷᠤᠳᠠᠯ ᠤᠨ ᠬᠡᠷᠡᠭᠯᠡᠯᠲᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ | ᠤᠯᠤᠰ ᠤᠨ ᠲᠤᠭ᠎ᠠ ᠪᠦᠷᠢᠳᠬᠡᠯ ᠤᠨ ᠳᠦᠷᠢᠮ᠂ ᠲᠤᠭ᠎ᠠ ᠪᠦᠷᠢᠳᠬᠡᠯ ᠤᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠤᠨ ᠲᠤᠭ᠎ᠠ ᠪᠦᠷᠢᠳᠬᠡᠯ ᠤᠨ | ᠪᠠᠶᠢᠴᠠᠭᠠᠯᠲᠠ ᠶᠢᠨ ᠳᠦᠷᠢᠮ᠂ ᠪᠠᠶᠢᠴᠠᠭᠠᠯᠲᠠ ᠶᠢᠨ ᠲᠥᠰᠥᠯ ᠢ ᠬᠠᠷᠢᠭᠤᠴᠠᠨ ᠬᠢᠨᠠᠨ ᠬᠠᠷᠭᠤᠭᠤᠯᠤᠨ᠎ᠠ᠃ ᠳ᠋ᠦᠩᠱᠧᠩ ᠲᠣᠭᠤᠷᠢᠭ ᠤᠨ ᠲᠤᠭ᠎ᠠ ᠪᠦᠷᠢᠳᠬᠡᠯ ᠤᠨ | ᠦᠨᠳᠦᠰᠦᠨ ᠱᠠᠲᠤᠨ ᠤ ᠲᠤᠬᠠᠶᠢᠯᠠᠭᠰᠠᠨ ᠠᠵᠢᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢᠨ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠤᠨ᠎ᠠ᠃ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠳ᠋ᠠᠶᠢᠲ᠋ᠠ ᠬᠥᠮᠥᠷᠭᠡ ᠶᠢ ᠪᠠᠶᠢᠭᠤᠯᠬᠤ᠂ ᠬᠠᠮᠢᠶᠠᠷᠬᠤ ᠪᠠ ᠬᠠᠮᠠᠭᠠᠯᠠᠬᠤ ᠶᠢ | ᠬᠠᠷᠢᠭᠤᠴᠠᠨ᠎ᠠ᠃ ᠳ᠋ᠦᠩᠱᠧᠩ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠤᠨ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠭ᠎ᠠ | ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠢᠯᠡᠴᠢᠯᠡᠨ ᠮᠡᠳᠡᠭᠦᠯᠦᠯᠲᠡ ᠪᠠ ᠲᠤᠭ᠎ᠠ ᠪᠦᠷᠢᠳᠬᠡᠯ ᠤᠨ ᠬᠠᠤᠯᠢ ᠠᠴᠠ ᠵᠥᠷᠢᠴᠡᠭᠰᠡᠨ ᠬᠡᠷᠡᠭ ᠢ ᠪᠠᠶᠢᠴᠠᠭᠠᠨ | ᠰᠢᠢᠳᠪᠦᠷᠢᠯᠡᠵᠦ᠂ ᠲᠤᠭ᠎ᠠ ᠪᠦᠷᠢᠳᠬᠡᠯ ᠢ ᠬᠠᠭᠤᠷᠮᠠᠭ ᠢᠶᠠᠷ ᠵᠣᠬᠢᠶᠠᠬᠤ ᠶᠢ ᠬᠤᠯᠪᠤᠭᠠᠯᠠᠨ ᠵᠠᠯᠬᠠᠭᠠᠨ ᠰᠢᠳᠬᠡᠬᠦ ᠲᠣᠭᠲᠠᠴᠠ ᠶᠢ ᠪᠠᠶᠢᠭᠤᠯᠵᠤ᠂ ᠲᠤᠭ᠎ᠠ | ᠪᠦᠷᠢᠳᠬᠡᠯ ᠤᠨ ᠢᠲᠡᠭᠡᠮᠵᠢ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠲᠤᠭ᠎ᠠ ᠪᠦᠷᠢᠳᠬᠡᠯ ᠤᠨ ᠬᠠᠤᠯᠢ ᠬᠡᠷᠡᠭᠵᠢᠭᠦᠯᠦᠯᠲᠡ ᠶᠢᠨ ︽ᠬᠤᠶᠠᠷ ᠢ ᠰᠤᠭᠤᠴᠢᠵᠤ︾ | ᠪᠠᠶᠢᠴᠠᠭᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠭᠤᠯᠭ᠎ᠠ ᠶᠢ ᠵᠤᠬᠢᠶᠠᠨ ᠪᠠᠶᠢᠭᠤᠯᠤᠨ | ᠦᠷᠨᠢᠬᠦᠯᠦᠨ᠎ᠠ᠃ | ︵ᠬᠤᠶᠠᠷ︶ ᠤᠯᠤᠰ ᠠᠷᠠᠳ ᠤᠨ ᠠᠵᠤ ᠠᠬᠤᠢ ᠶᠢᠨ ᠶᠡᠷᠦᠩᠬᠡᠢ ᠲᠤᠭ᠎ᠠ ᠪᠦᠷᠢᠳᠬᠡᠯ ᠤᠨ ᠲᠠᠰᠤᠭ | ᠤᠯᠤᠰ ᠠᠷᠠᠳ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠳᠤ ᠲᠤᠭ᠎ᠠ ᠪᠦᠷᠢᠳᠬᠡᠯ ᠤᠨ ᠬᠢᠨᠠᠨ ᠬᠡᠮᠵᠢᠯᠲᠡ᠂ ᠲᠤᠭ᠎ᠠ ᠪᠦᠷᠢᠳᠬᠡᠯ ᠤᠨ ᠵᠢᠱᠢᠯᠲᠡ ᠪᠠ | ᠶᠡᠷᠦᠩᠬᠡᠶᠢᠯᠡᠨ ᠵᠠᠳᠠᠯᠤᠨ ᠰᠤᠳᠤᠯᠤᠯᠲᠠ ᠬᠢᠬᠦ ᠶᠢ ᠬᠠᠷᠢᠭᠤᠴᠠᠵᠤ᠂ ᠬᠤᠷᠸ᠎ᠠ ᠲᠣᠬᠢᠷᠠᠭᠤᠯᠤᠯ ᠡᠵᠡᠮᠳᠡᠯ ᠤᠨ ᠵᠥᠪᠯᠡᠯᠭᠡ ᠥᠭᠬᠦ ᠰᠠᠨᠠᠭᠤᠯᠭ᠎ᠠ ᠳᠤᠷᠠᠳᠤᠨ᠎ᠠ᠃ | ᠲᠣᠭᠲᠠᠭᠰᠠᠨ ᠡᠷᠬᠡ ᠮᠡᠳᠡᠯ ᠤᠨ ᠬᠡᠪᠴᠢᠶᠡᠨ ᠳᠤ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠳᠣᠲᠣᠭᠠᠳᠤ ᠰᠦᠯᠵᠢᠶ᠎ᠡ᠂ ᠭᠠᠳᠠᠭᠠᠳᠤ ᠰᠦᠯᠵᠢᠶ᠎ᠡ ᠳᠤ ᠨᠡᠶᠢᠳᠡᠯᠡᠬᠦ | ᠪᠠ ᠲᠤᠭ᠎ᠠ ᠪᠦᠷᠢᠳᠬᠡᠯ ᠤᠨ ᠮᠡᠳᠡᠭᠡ ᠵᠠᠩᠭᠢ ᠶᠢ ᠬᠢᠨᠠᠨ ᠬᠠᠷᠭᠤᠭᠤᠯᠤᠨ ᠨᠠᠶᠢᠳᠠᠯᠡᠵᠤ᠂ ᠡᠷᠬᠢᠯᠡᠨ ᠠᠵᠤ ᠠᠬᠤᠢ ᠶᠢᠨ ᠬᠠᠨᠳᠤᠰᠢ ᠶᠢᠨ ᠤᠯᠠᠷᠢᠯ ᠤᠨ ᠰᠣᠨᠢᠨ ᠮᠡᠳᠡᠭᠡ | ᠨᠡᠶᠢᠲᠡᠯᠡᠬᠦ ᠬᠤᠷᠠᠯ ᠢ ᠡᠷᠬᠢᠯᠡᠬᠦ ᠪᠤᠶᠤ ᠬᠠᠮᠵᠢᠨ ᠡᠷᠬᠢᠯᠡᠨ᠎ᠠ᠃ ᠲᠤᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠬᠢᠨᠠᠨ ᠰᠢᠯᠭᠠᠯᠳᠠ | ᠶᠢᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠬᠢᠨᠠᠨ ᠰᠢᠯᠭᠠᠬᠤ ᠠᠵᠢᠯ ᠢ ᠡᠭᠦᠷᠭᠡᠯᠡᠨ᠎ᠡ᠃ | ᠡᠯ᠎ᠡ ᠵᠦᠢᠯ ᠤᠨ ᠲᠤᠭ᠎ᠠ ᠪᠦᠷᠢᠳᠬᠡᠯ ᠤᠨ ᠪᠦᠳᠦᠬᠡᠭᠳᠡᠬᠦᠨ ᠢ ᠨᠡᠭᠡᠭᠡᠨ ᠬᠥᠭᠵᠢᠭᠦᠯᠬᠦ᠂ ᠲᠤᠭ᠎ᠠ ᠪᠦᠷᠢᠳᠬᠡᠯ ᠢ ᠤᠬᠠᠭᠤᠯᠬᠤ᠂ ᠶᠠᠷᠢᠶ᠎ᠠ ᠬᠡᠯᠡᠯᠴᠡᠭᠡᠨ ᠤ | ᠪᠠᠶᠢᠳᠠᠯ ᠢ ᠬᠢᠨᠠᠨ ᠬᠡᠮᠵᠢᠬᠦ᠂ ᠠᠷᠭᠠᠴᠠᠨ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃ | ᠳ᠋ᠦᠩᠱᠧᠩ ᠲᠣᠭᠤᠷᠢᠭ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ᠂ ᠣᠷᠣᠭᠤᠯᠤᠯᠲᠠ ᠭᠠᠷᠤᠯᠳᠠ᠂ ᠪᠡᠯᠡ ᠮᠥᠩᠭᠦ ᠶᠢᠨ ᠭᠦᠢᠯᠭᠡᠭᠡᠨ ᠤ | ᠬᠡᠮᠵᠢᠶ᠎ᠡ᠂ ᠡᠳ᠋ ᠬᠥᠷᠥᠩᠭᠡ ᠥᠷᠢ ᠥᠭᠴᠡᠭᠡ ᠪᠠ ᠡᠬᠢ ᠪᠠᠶᠠᠯᠢᠭ ᠣᠷᠴᠢᠨ ᠲᠣᠭᠤᠷᠢᠨ ᠤ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠳ᠋ᠦᠩᠱᠧᠩ ᠲᠣᠭᠤᠷᠢᠭ ᠤᠨ | ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠥᠷᠢ ᠥᠭᠴᠡᠭᠡ ᠶᠢᠨ ᠬᠦᠰᠦᠨᠦᠭ ᠢ ᠨᠠᠶᠢᠷᠠᠭᠤᠯᠤᠨ ᠵᠤᠬᠢᠶᠠᠨ᠎ᠠ᠃ ᠳ᠋ᠦᠩᠱᠧᠩ ᠲᠣᠭᠤᠷᠢᠭ ᠤᠨ ᠤᠯᠤᠰ ᠠᠷᠠᠳ ᠤᠨ | ᠠᠵᠤ ᠠᠬᠤᠢ ᠶᠢᠨ ᠲᠣᠭᠠᠴᠠᠭ᠎ᠠ ᠬᠢᠬᠦ ᠶᠢ ᠵᠣᠬᠢᠶᠠᠨ ᠪᠠᠶᠢᠭᠤᠯᠤᠨ ᠬᠡᠷᠡᠭᠵᠢᠬᠦᠯᠦᠨ᠎ᠠ᠃ ᠤᠯᠤᠰ ᠠᠷᠠᠳ ᠤᠨ ᠠᠵᠤ ᠠᠬᠤᠢ ᠶᠢᠨ ᠲᠣᠭᠠᠴᠠᠭ᠎ᠠ ᠬᠢᠬᠦ ᠮᠠᠲ᠋ᠧᠷᠢᠶᠠᠯ ᠢ | ᠵᠠᠳᠠᠯᠤᠨ ᠰᠤᠳᠤᠯᠬᠤ ᠠᠵᠢᠯ ᠢ ᠦᠷᠨᠢᠬᠦᠯᠦᠨ᠎ᠠ᠃ ︽ᠭᠤᠷᠪᠠᠨ ᠰᠢᠨ᠎ᠡ︾ ᠶᠢᠨ ᠠᠵᠤ ᠠᠬᠤᠢ ᠪᠠ ᠡᠭᠦᠰᠦᠮᠡᠯ ᠠᠵᠤ ᠦᠢᠯᠡᠰ ᠤᠨ ᠨᠡᠮᠡᠭᠳᠡᠯ ᠦᠷᠳᠡᠭ ᠤᠨ | ᠲᠣᠭᠠᠴᠠᠭ᠎ᠠ ᠬᠢᠬᠦ ᠠᠵᠢᠯ ᠢ ᠥᠷᠨᠢᠭᠦᠯᠦᠨ᠎ᠡ᠃ | ᠳ᠋ᠦᠩᠱᠧᠩ ᠲᠣᠭᠤᠷᠢᠭ ᠤᠨ ᠬᠥᠳᠡᠭᠡ ᠲᠣᠰᠬᠤᠨ ᠤ ᠨᠡᠶᠢᠭᠡᠮ ᠤᠨ ᠠᠵᠤ ᠠᠬᠤᠢ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠵᠤ᠂ ᠳ᠋ᠦᠩᠱᠧᠩ ᠲᠣᠭᠤᠷᠢᠭ ᠤᠨ ᠲᠠᠷᠢᠶᠠᠯᠠᠩ ᠣᠢ ᠰᠢᠭᠤᠢ ᠮᠠᠯ ᠠᠵᠤ ᠠᠬᠤᠢ ᠵᠢᠭᠠᠰᠤᠨ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ᠂ | ᠦᠨᠳᠦᠰᠦᠨ ᠪᠠᠶᠢᠳᠠᠯ ᠢ ᠪᠦᠷᠢᠳᠬᠡᠬᠦ ᠪᠠ ᠦᠢᠯᠡᠳᠬᠦᠨ ᠤ ᠶᠡᠷᠦᠩᠬᠡᠢ ᠥᠷᠲᠡᠭ᠂ ᠨᠡᠮᠡᠭᠳᠡᠯ ᠥᠷᠲᠡᠭ ᠤᠨ ᠲᠣᠭᠠᠴᠠᠭ᠎ᠠ ᠬᠢᠬᠦ ᠶᠢ ᠬᠠᠷᠢᠭᠤᠴᠠᠨ᠎ᠠ᠃ ᠳ᠋ᠦᠩᠱᠧᠩ | ᠲᠣᠭᠤᠷᠢᠭ ᠤᠨ ᠮᠠᠯ ᠠᠵᠤ ᠠᠬᠤᠢ ᠶᠢᠨ ᠣᠨ ᠤ ᠨᠡᠶᠢᠳᠡᠮ ᠪᠠᠶᠢᠴᠠᠭᠠᠯᠲᠠ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ | ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠨ᠎ᠡ᠃ ᠬᠥᠳᠡᠭᠡ ᠲᠣᠰᠬᠤᠨ ᠤ ᠲᠤᠭ᠎ᠠ ᠪᠦᠷᠢᠳᠬᠡᠯ ᠤᠨ ᠮᠠᠲ᠋ᠧᠷᠢᠶᠠᠯ ᠢ ᠴᠤᠭᠯᠠᠭᠤᠯᠵᠤ᠂ | ᠡᠮᠬᠢᠳᠬᠡᠵᠦ᠂ ᠨᠠᠶᠢᠷᠠᠭᠤᠯᠤᠨ ᠳᠠᠷᠤᠮᠠᠯᠯᠠᠨ᠎ᠠ᠃ | ︵ᠭᠤᠷᠪᠠ︶ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠨᠢᠬᠡᠳᠦᠬᠡᠷ ᠲᠠᠰᠤᠭ | ᠠᠵᠤ ᠦᠢᠯᠡᠳᠪᠦᠷᠢ ᠶᠢᠨ ᠦᠢᠯᠡᠳᠪᠦᠷᠢᠯᠡᠯ᠂ ᠡᠳ᠋ ᠤᠨ ᠶᠠᠪᠤᠳᠠᠯ᠂ ᠡᠵᠡᠩᠨᠡᠯᠲᠡ ᠶᠢᠨ ᠪᠠᠶᠢᠳᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠵᠤ᠂ ᠬᠤᠯᠪᠣᠭᠳᠠᠯ ᠪᠦᠬᠦᠢ ᠪᠠᠶᠢᠴᠠᠭᠠᠨ ᠪᠦᠷᠢᠳᠬᠡᠭᠰᠡᠨ ᠲᠤᠭ᠎ᠠ ᠪᠠᠷᠢᠮᠲᠠ ᠶᠢ ᠴᠤᠭᠯᠠᠭᠤᠯᠵᠤ᠂ ᠡᠮᠬᠢᠳᠬᠡᠵᠤ᠂ ᠬᠠᠩᠭᠠᠨ᠎ᠠ᠃ | ᠦᠢᠯᠡᠳᠪᠦᠷᠢᠯᠡᠯ ᠤᠨ ᠠᠵᠢᠯᠯᠠᠭ᠎ᠠ᠂ ᠠᠵᠤ ᠠᠬᠤᠢ ᠶᠢᠨ ᠦᠷ᠎ᠡ ᠠᠰᠢᠭ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠵᠡᠷᠭᠡ ᠪᠦᠷᠢᠳᠬᠡᠯ ᠤᠨ ᠲᠤᠭ᠎ᠠ | ᠪᠠᠷᠢᠮᠲᠠ ᠶᠢ ᠬᠤᠷᠢᠶᠠᠩᠭᠤᠶᠢᠯᠠᠵᠤ᠂ ᠡᠮᠬᠢᠳᠬᠡᠵᠦ᠂ ᠬᠠᠩᠭᠠᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠰᠦᠯᠵᠢᠶ᠎ᠠ ᠬᠤᠯᠪᠣᠨ ᠰᠢᠭᠤᠳ ᠮᠡᠳᠡᠭᠦᠯᠬᠦ | ᠠᠵᠢᠯ ᠥᠷᠨᠢᠭᠦᠯᠬᠦ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠨ | ᠵᠢᠱᠢᠯᠲᠡ ᠬᠢᠨ᠎ᠡ᠃ ᠲᠤᠰᠬᠠᠶ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠡᠨᠧᠷᠭᠢ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠶᠠᠪᠤᠭᠳᠠᠭᠤᠯᠵᠤ᠂ ᠬᠤᠯᠪᠣᠭᠳᠠᠯ ᠪᠦᠬᠦᠢ ᠪᠠᠶᠢᠴᠠᠭᠠᠨ ᠪᠦᠷᠢᠳᠬᠡᠬᠦ ᠲᠤᠭ᠎ᠠ | ᠪᠠᠷᠢᠮᠲᠠ ᠶᠢ ᠴᠤᠭᠯᠠᠭᠤᠯᠵᠤ᠂ ᠡᠮᠬᠢᠳᠬᠡᠬᠦ ᠪᠠ ᠬᠠᠩᠭᠠᠬᠤ ᠶᠢ ᠬᠠᠷᠢᠭᠤᠴᠠᠨ᠎ᠠ᠃ ᠡᠨᠧᠷᠭᠢ ᠬᠤᠷᠣᠭᠳᠠᠭᠤᠯᠬᠤ ᠭᠤᠤᠯ ᠠᠵᠢᠯ ᠲᠥᠷᠥᠯ ᠤᠨ ᠡᠨᠧᠷᠭᠢ ᠠᠷᠪᠢᠯᠠᠬᠤ ᠪᠠ | ᠭᠤᠤᠯᠳᠠᠯᠭ᠎ᠠ ᠲᠠᠢ ᠡᠨᠧᠷᠭᠢ ᠬᠤᠷᠣᠭᠳᠠᠭᠤᠯᠬᠤ ᠠᠵᠤ ᠠᠬᠤᠶᠢᠯᠠᠯ ᠤᠨ ᠡᠨᠧᠷᠭᠢ ᠬᠡᠷᠡᠭᠯᠡᠬᠦ ᠶᠢ ᠪᠦᠷᠢᠳᠬᠡᠨ ᠬᠢᠨᠠᠨ ᠬᠡᠮᠵᠢᠬᠦ ᠶᠢ ᠬᠠᠷᠢᠭᠤᠴᠠᠨ᠎ᠠ᠃ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠪᠣᠬᠢᠷᠲᠤᠯ ᠦᠭᠡᠢ ᠬᠥᠭᠵᠢᠯᠲᠡ ᠶᠢᠨ ᠭᠦᠢᠴᠡᠳᠬᠡᠯ ᠲᠤᠭ᠎ᠠ ᠶᠢᠨ ᠲᠤᠭᠳᠠᠯᠴᠠᠭ᠎ᠠ ᠪᠠ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠣᠨ ᠤ ᠦᠨᠡᠯᠡᠯᠲᠡ ᠶᠢᠨ ᠠᠵᠢᠯ ᠢ ᠥᠷᠨᠢᠭᠦᠯᠦᠨ᠎ᠡ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ | ᠪᠠᠶᠢᠴᠠᠭᠠᠯᠲᠠ ᠪᠠ ᠦᠨᠡᠯᠡᠯᠲᠡ ᠬᠢᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠠᠵᠢᠯ ᠲᠥᠷᠥᠯ ᠪᠣᠯᠤᠨ ᠦᠨᠳᠦᠰᠦᠨ ᠱᠠᠲᠤᠨ ᠤ ᠲᠤᠭ᠎ᠠ ᠪᠦᠷᠢᠳᠬᠡᠯ ᠤᠨ | ᠠᠵᠢᠯ ᠢ ᠵᠢᠯᠣᠭᠤᠳᠤᠨ᠎ᠠ᠃ | ᠳ᠋ᠦᠩᠱᠧᠩ ᠲᠣᠭᠤᠷᠢᠭ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ᠂ ᠪᠠᠷᠢᠯᠭ᠎ᠠ ᠶᠢᠨ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ | ᠦᠢᠯᠡᠰ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠬᠠᠷᠢᠭᠤᠴᠠᠵᠤ᠂ ᠬᠤᠯᠪᠣᠭᠳᠠᠯ ᠪᠦᠬᠦᠢ ᠪᠠᠶᠢᠴᠠᠭᠠᠨ ᠪᠦᠷᠢᠳᠬᠡᠭᠰᠡᠨ ᠲᠤᠭ᠎ᠠ ᠪᠠᠷᠢᠮᠲᠠ ᠶᠢ ᠴᠤᠭᠯᠠᠭᠤᠯᠵᠤ᠂ | ᠡᠮᠬᠢᠳᠬᠡᠬᠦ ᠪᠠ ᠬᠠᠩᠭᠠᠬᠤ ᠶᠢ ᠬᠠᠷᠢᠭᠤᠴᠠᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ | ᠦᠨᠡᠯᠡᠨ ᠵᠢᠱᠢᠯᠲᠡ ᠬᠢᠨ᠎ᠡ᠃ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ︵ᠲᠦᠷᠪᠡ︶ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠬᠤᠶᠠᠳᠤᠭᠠᠷ ᠲᠠᠰᠤᠭ | ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠬᠤᠨᠤᠭ ᠤᠨ ᠭᠠᠵᠡᠷ ᠪᠠ ᠬᠤᠭᠤᠯᠠ ᠤᠮᠳᠠᠭᠠᠨ ᠤ ᠦᠢᠯᠡᠰ ᠤᠨ ᠠᠵᠢᠯ ᠲᠥᠷᠥᠯ ᠤᠨ | ᠬᠥᠭᠵᠢᠯᠲᠡ ᠬᠤᠪᠢᠷᠠᠯᠲᠠ᠂ ᠪᠦᠬᠦ ᠨᠡᠶᠢᠭᠡᠮ ᠤᠨ ᠬᠡᠷᠡᠭᠯᠡᠭᠡᠨ ᠤ ᠬᠡᠷᠡᠭᠰᠡᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ᠂ ᠬᠤᠳᠠᠯᠳᠤᠭᠠᠨ ᠤ ᠡᠵᠡᠩᠨᠡᠯᠲᠡ ᠶᠢᠨ | ᠪᠠᠶᠢᠳᠠᠯ ᠬᠢᠭᠡᠳ ᠵᠠᠬ᠎ᠠ ᠳᠡᠯᠭᠡᠭᠦᠷ ᠤᠨ ᠠᠵᠢᠯᠯᠠᠭᠠᠨ ᠤ ᠪᠠᠶᠢᠳᠠᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠬᠠᠷᠢᠭᠤᠴᠠᠵᠤ᠂ ᠬᠤᠯᠪᠣᠭᠳᠠᠯ ᠪᠦᠬᠦᠢ ᠪᠠᠶᠢᠴᠠᠭᠠᠨ ᠪᠦᠷᠢᠳᠬᠡᠬᠦ ᠲᠤᠭ᠎ᠠ ᠪᠠᠷᠢᠮᠲᠠ ᠶᠢ ᠬᠠᠩᠭᠠᠨ᠎ᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ | ᠪᠠᠷᠠᠭ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ᠂ ᠭᠠᠳᠠᠭᠠᠳᠤ ᠠᠵᠤ ᠠᠬᠤᠢ ᠶᠢᠨ ᠬᠠᠮᠲᠤᠷᠠᠯᠴᠠᠭ᠎ᠠ ᠵᠡᠷᠭᠡ ᠶᠢᠨ ᠲᠤᠭ᠎ᠠ ᠪᠦᠷᠢᠳᠬᠡᠯ ᠤᠨ | ᠲᠤᠭ᠎ᠠ ᠪᠠᠷᠢᠮᠲᠠ ᠶᠢ ᠬᠠᠩᠭᠠᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠯᠲᠡ ᠬᠢᠨ᠎ᠠ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠲᠥᠷᠥᠯ ᠤᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠦᠢᠯᠡᠴᠢᠯᠡᠭᠡᠨ ᠤ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ ᠰᠢᠤᠳᠠᠨ ᠬᠤᠯᠪᠤᠭ᠎ᠠ ᠵᠥᠭᠡᠯᠡᠨ ᠲᠤᠨᠤᠭ ᠤᠨ ᠦᠢᠯᠡᠰ᠂ ᠢᠨᠲ᠋ᠧᠷ ᠰᠦᠯᠵᠢᠶᠡᠨ ᠤ ᠠᠵᠤ | ᠠᠬᠤᠢ ᠶᠢᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠠᠵᠢᠯ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠬᠠᠷᠢᠭᠤᠴᠠᠨ᠎ᠠ᠃ ᠦᠢᠯᠡᠴᠢᠯᠡᠭᠡᠨ ᠤ ᠦᠢᠯᠡᠰ ᠤᠨ | ᠦᠢᠯᠡᠳᠪᠦᠷᠢᠯᠡᠯ ᠤᠨ ᠵᠢᠭᠠᠯᠲᠠ ᠲᠤᠭ᠎ᠠ ᠶᠢ ᠨᠠᠶᠢᠷᠠᠭᠤᠯᠤᠨ ᠵᠣᠬᠢᠶᠠᠨ᠎ᠠ᠃ ᠦᠢᠯᠡᠴᠢᠯᠡᠭᠡᠨ ᠤ ᠦᠢᠯᠡᠰ ᠤᠨ ᠠᠵᠤ ᠠᠬᠤᠢ ᠶᠢᠨ ᠠᠵᠢᠯᠯᠠᠭᠠᠨ ᠢ ᠵᠠᠳᠠᠯᠤᠨ | ᠰᠤᠳᠤᠯᠤᠨ᠎ᠠ᠃ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠨ᠎ᠡ᠃ | ᠳ᠋ᠦᠩᠱᠧᠩ ᠲᠣᠭᠤᠷᠢᠭ ᠤᠨ ᠦᠢᠯᠡᠴᠢᠯᠡᠭᠡᠨ ᠤ ᠦᠢᠯᠡᠰ ᠤᠨ ᠲᠤᠭ᠎ᠠ ᠪᠦᠷᠢᠳᠬᠡᠯ ᠤᠨ ᠠᠵᠢᠯ ᠢ ᠵᠣᠬᠢᠶᠠᠨ ᠪᠠᠶᠢᠭᠤᠯᠵᠤ᠂ ᠵᠢᠯᠤᠭᠤᠳᠴᠤ᠂ ᠵᠣᠬᠢᠴᠠᠭᠤᠯᠤᠨ᠎ᠠ᠃ | ᠨᠡᠶᠢᠭᠡᠮ ᠤᠨ ᠬᠥᠭᠵᠢᠯᠲᠡ ᠶᠢᠨ ᠦᠨᠳᠦᠰᠦᠨ ᠪᠠᠶᠢᠳᠠᠯ ᠢ ᠪᠦᠷᠢᠳᠬᠡᠨ ᠪᠠᠶᠢᠴᠠᠭᠠᠬᠤ ᠪᠠ ᠡᠮᠡᠭᠲᠡᠶᠢᠴᠦᠳ ᠬᠡᠦᠬᠡᠳ ᠤᠨ ᠬᠤᠶᠠᠷ ᠬᠥᠭᠵᠢᠯᠲᠡ ᠶᠢᠨ | ᠬᠥᠲᠥᠯᠪᠦᠷᠢ ᠶᠢ ᠬᠡᠷᠡᠭᠵᠢᠭᠦᠯᠦᠭᠰᠡᠨ ᠪᠠᠶᠢᠳᠠᠯ ᠢ ᠪᠦᠷᠢᠳᠬᠡᠨ ᠬᠢᠨᠠᠨ ᠬᠡᠮᠵᠢᠬᠦ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠳ᠋ᠦᠩᠱᠧᠩ | ᠲᠣᠭᠤᠷᠢᠭ ᠤᠨ ᠰᠣᠶᠣᠯ ᠤᠨ ᠠᠵᠤ ᠦᠢᠯᠡᠰ ᠤᠨ ᠲᠤᠭ᠎ᠠ ᠪᠦᠷᠢᠳᠬᠡᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠨ᠎ᠡ᠃ | ᠨᠡᠶᠢᠭᠡᠮ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢ ᠬᠠᠩᠭᠠᠨ᠎ᠠ᠃ ᠬᠤᠯᠪᠣᠭᠳᠠᠯ ᠪᠦᠬᠦᠢ ᠲᠤᠰᠬᠠᠢ ᠮᠡᠷᠭᠡᠵᠢᠯ ᠤᠨ | ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ᠬᠤᠯᠪᠣᠭᠳᠠᠯ ᠪᠦᠬᠦᠢ ᠲᠤᠰᠬᠠᠢ ᠵᠦᠢᠯ ᠤᠨ ᠪᠠᠶᠢᠴᠠᠭᠠᠯᠲᠠ ᠪᠠ ᠨᠡᠶᠢᠳᠡᠮ | ᠪᠠᠶᠢᠴᠠᠭᠠᠯᠲᠠ ᠶᠢᠨ ᠠᠵᠢᠯ ᠢ ᠡᠭᠦᠷᠭᠡᠯᠡᠨ᠎ᠡ᠃ | ᠳ᠋ᠦᠩᠱᠧᠩ ᠲᠣᠭᠤᠷᠢᠭ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ᠂ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ᠂ 1% ᠶᠢᠨ ᠬᠥᠮᠥᠨ ᠠᠮᠠ ᠶᠢᠨ | ᠥᠯᠢᠭᠡᠷ ᠠᠪᠴᠤ ᠪᠠᠶᠢᠴᠠᠭᠠᠬᠤ᠂ ᠬᠥᠮᠥᠨ ᠠᠮᠠ ᠶᠢᠨ ᠣᠨ ᠤ ᠬᠤᠪᠢᠷᠠᠯᠲᠠ ᠶᠢᠨ ᠥᠯᠢᠭᠡᠷ ᠢ ᠠᠪᠴᠤ ᠪᠠᠶᠢᠴᠠᠭᠠᠬᠤ ᠪᠠ ᠬᠥᠳᠡᠯᠮᠦᠷᠢ ᠬᠦᠯᠦᠰᠦ ᠴᠠᠯᠢᠩ ᠤᠨ ᠲᠤᠭ᠎ᠠ | ᠪᠦᠷᠢᠳᠬᠡᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠎ᠠ᠃ ᠬᠥᠮᠥᠨ ᠠᠮᠠ᠂ ᠠᠵᠢᠯ ᠣᠯᠭᠤᠯᠲᠠ ᠪᠠ ᠬᠥᠳᠡᠯᠮᠦᠷᠢ ᠬᠦᠯᠦᠰᠦ | ᠴᠠᠯᠢᠩ ᠵᠡᠷᠭᠡ ᠶᠢᠨ ᠪᠦᠷᠢᠳᠬᠡᠯ ᠤᠨ ᠲᠤᠭ᠎ᠠ ᠪᠠᠷᠢᠮᠲᠠ ᠶᠢ ᠬᠠᠩᠭᠠᠨ᠎ᠠ᠃ ᠨᠡᠷᠡᠰ ᠤᠨ ᠬᠥᠮᠥᠷᠭᠡ ᠶᠢ ᠰᠢᠨᠡᠳᠬᠡᠬᠦ ᠪᠠ ᠬᠠᠮᠠᠭᠠᠯᠠᠬᠤ ᠶᠢ ᠬᠠᠷᠢᠭᠤᠴᠠᠨ᠎ᠠ᠃ ᠬᠤᠯᠪᠣᠭᠳᠠᠯ | ᠪᠦᠬᠦᠢ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠲᠤ ᠪᠠᠶᠢᠴᠠᠭᠠᠯᠲᠠ ᠪᠠ ᠦᠨᠡᠯᠡᠨ ᠵᠢᠱᠢᠯᠲᠡ ᠬᠢᠨ᠎ᠡ᠃ ᠬᠤᠯᠪᠣᠭᠳᠠᠯ ᠪᠦᠬᠦᠢ ᠲᠤᠰᠬᠠᠢ | ᠮᠡᠷᠭᠡᠵᠢᠯ ᠤᠨ ᠲᠤᠭ᠎ᠠ ᠪᠦᠷᠢᠳᠬᠡᠯ ᠤᠨ ᠰᠠᠭᠤᠷᠢ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ | ᠲᠠᠪᠤᠳᠤᠭᠠᠷ ᠵᠦᠢᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠤᠭ᠎ᠠ ᠪᠦᠷᠢᠳᠭᠡᠯ ᠤᠨ ᠲᠣᠪᠴᠢᠶᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ | ᠣᠷᠣᠨ ᠲᠤᠭ᠎ᠠ 8᠃ 1 ᠲᠣᠪᠴᠢᠶᠠᠨ ᠳᠠᠷᠤᠭ᠎ᠠ᠂ 2 ᠳᠡᠳ᠋ ᠲᠣᠪᠴᠢᠶᠠᠨ ᠳᠠᠷᠤᠭ᠎ᠠ ᠲᠤᠬᠢᠷᠠᠭᠤᠯᠤᠨ᠎ᠠ᠃ | ᠵᠢᠷᠭᠤᠳᠤᠭᠠᠷ ᠵᠦᠢᠯ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ | ᠨᠢᠭᠡᠴᠡ ᠶᠢᠨ ᠪᠠᠶᠢᠷᠢᠯᠠᠭᠤᠯᠤᠯᠲᠠ᠂ ᠡᠭᠦᠷᠭᠡ ᠬᠠᠷᠢᠭᠤᠴᠠᠯᠭ᠎ᠠ ᠪᠠ ᠣᠷᠣᠨ ᠲᠤᠭ᠎ᠠ ᠶᠢᠨ ᠵᠦᠢᠯᠡᠰ ᠢ ᠠᠰ ᠲᠤᠨᠢ ᠲᠣᠭᠲᠠᠭᠠᠨ᠎ᠠ᠃ | ᠳᠣᠯᠣᠳᠤᠭᠠᠷ ᠵᠦᠢᠯ ᠲᠣᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ | ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠲᠡᠭᠦᠨ ᠳᠤ ᠲᠣᠬᠢᠷᠠᠭᠤᠯᠤᠯᠲᠠ ᠬᠢᠬᠦ ᠶᠢ | ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠬᠤᠷᠢᠶ᠎ᠠ ᠶᠢᠨ ᠪᠠᠶᠢᠭᠤᠯᠤᠮᠵᠢ ᠶᠢᠨ ᠣᠷᠣᠨ ᠲᠤᠭ᠎ᠠ ᠶᠢᠨ | ᠵᠥᠪᠯᠡᠯ ᠤᠨ ᠠᠯᠪᠠᠨ ᠭᠡᠷ ᠠᠴᠠ ᠲᠣᠭᠲᠠᠭᠠᠭᠰᠠᠨ ᠲᠠᠰ ᠳᠠᠷᠠᠭᠠᠯᠠᠯ ᠢᠶᠠᠷ ᠭᠦᠢᠴᠡᠳᠬᠡᠨ᠎ᠡ᠃ | ᠨᠠᠢᠮᠠᠳᠤᠭᠠᠷ ᠵᠦᠢᠯ ᠲᠣᠰ ᠲᠣᠭᠲᠠᠭᠠᠯ ᠢ 2019 ᠣᠨ ᠤ 3 ᠰᠠᠷ᠎ᠠ ᠶᠢᠨ 29 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠠᠵᠢᠯᠯᠠᠬᠤ ᠬᠠᠶ᠋ᠢᠭ᠄ ᠥᠪᠥᠷ ᠮᠣᠩᠭᠤᠯ ᠤᠨ ᠣᠷᠳᠣᠰ ᠬᠤᠲᠠ ᠶᠢᠨ ᠳ᠋ᠦᠩᠱᠧᠩ ᠲᠣᠭᠤᠷᠢᠭ ᠤᠨ ᠲᠡᠮᠦᠷ ᠵᠠᠮ ᠤᠨ ᠪᠠᠷᠠᠭᠤᠨᠳᠡᠬᠢ ᠨᠠᠮ ᠵᠠᠰᠠᠭ ᠤᠨ ᠲᠣᠮᠣ | ᠠᠰᠠᠷ ᠤᠨ ᠭᠤᠷᠪᠠᠳᠤᠭᠠᠷ ᠠᠰᠠᠷ | ᠠᠵᠢᠯᠯᠠᠬᠤ ᠴᠠᠭ᠄ ᠵᠣᠨ ᠤ ᠤᠯᠠᠷᠢᠯ ᠦᠳᠡ ᠶᠢᠨ ᠡᠮᠦᠨ᠎ᠡ᠄ 8᠄ 30 — 12᠄ 00 ᠦᠳᠡ ᠶᠢᠨ ᠬᠤᠶᠢᠨ᠎ᠠ᠄ 15᠄ 00 — 18᠄ 00 | ᠡᠪᠦᠯ ᠤᠨ ᠤᠯᠠᠷᠢᠯ ᠤᠨ ᠦᠳᠡ ᠡᠮᠦᠨ᠎ᠡ᠄ 8᠄ 30 — 12᠄ 00 ᠦᠳᠡ ᠶᠢᠨ ᠬᠤᠶᠢᠨ᠎ᠠ᠄ 14᠄ 30 — 17᠄ 30 | ᠬᠠᠷᠢᠯᠴᠠᠬᠤ ᠤᠳᠠᠰᠤ᠄ 0477 — 8380617 | ᠬᠠᠷᠢᠭᠤᠴᠠᠯᠭᠠᠲᠠᠨ᠄ ᠳ᠋ᠦ᠋ ᡁᠢ ᠯᠢᠶᠠᠨ | | |