2025 ᠣᠨ ᠤ ᠳᠤᠯᠠᠭᠠᠨ ᠡᠪᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳ᠋ᠦᠩᠱᠧᠩ ᠲᠣᠭᠤᠷᠢᠭ ᠲᠤ ᠡᠬᠢᠯᠡᠪᠡ
ᠨᠡᠶᠢᠲᠡᠯᠡᠭᠰᠡᠨ ᠴᠠᠭ᠄
2024/12/30
   12 ᠰᠠᠷ᠎ᠠ ᠶᠢᠨ 29 ᠤ ᠡᠳᠦᠷ᠂ 2025 ᠣᠨ ᠤ ᠳᠤᠯᠠᠭᠠᠨ ᠡᠪᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳ᠋ᠦᠩᠱᠧᠩ ᠲᠣᠭᠤᠷᠢᠭ ᠲᠤ ᠡᠬᠢᠯᠡᠪᠡ᠃ ᠠᠵᠢᠯᠯᠠᠭ᠎ᠠ ᠳᠤ ᠪᠠᠰᠠ 2025 ᠣᠨ ᠤ ᠳᠤᠯᠠᠭᠠᠨ ᠡᠪᠦᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠨᠠᠷᠢᠨ ᠳᠠᠩᠰᠠ ᠶᠢ ᠨᠡᠶᠢᠲᠡᠯᠡᠵᠦ᠂ ᠡᠭᠦᠨ ᠳᠤ ︽ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠭᠤᠨ ᠠᠵᠢᠯᠴᠢᠨ ᠤ ᠰᠢᠨ᠎ᠡ ᠤᠨ ᠢᠶᠠᠨ ᠬᠠᠮᠳᠤᠪᠡᠷ ᠤᠭᠳᠤᠬᠤ ᠳᠤᠯᠠᠭᠠᠴᠠᠭᠤᠯᠬᠤ ᠨᠠᠶᠢᠷ︾ ︽ᠲᠦᠷᠭᠡᠨ ᠠᠪᠤᠷᠠᠯᠳᠠ ᠶᠢᠨ ᠮᠡᠳᠡᠯᠭᠡ ᠶᠢ ᠲᠦᠮᠡᠨ ᠡᠷᠦᠬᠡ ᠳᠤ ᠬᠦᠷᠭᠡᠬᠦ︾ ︽ᠵᠠᠯᠠᠭᠤᠴᠤᠳ ᠪᠠᠭᠠᠴᠤᠳ ᠠᠴᠠ ᠬᠤᠲᠠ ᠶᠢᠨ ᠬᠠᠯᠠᠮᠵᠢᠯᠠᠯ ᠢ ᠨᠠᠰᠤᠲᠠᠨ ᠠᠰᠠᠷᠠᠬᠤ ᠬᠦᠷᠢᠶᠡᠯᠡᠩ ᠳᠤ ᠬᠦᠷᠭᠡᠬᠦ︾ ︽ᠴᠠᠭᠠᠨ ᠰᠠᠷ᠎ᠠ ᠶᠢᠨ ᠵᠥᠭᠡᠭᠡᠪᠦᠷᠢ ᠶᠢᠨ ᠰᠠᠶᠢᠨ ᠳᠤᠷ᠎ᠠ ᠶᠢᠨ ᠦᠢᠯᠡᠴᠢᠯᠡᠭᠡ︾ ︽ᠬᠦᠴᠢᠷᠳᠡᠯᠳᠠᠢ ᠬᠡᠦᠬᠡᠳ ᠲᠤ ᠰᠢᠨ᠎ᠡ ᠬᠤᠪᠴᠠᠰᠤ ᠬᠠᠨᠳᠢᠪᠯᠠᠬᠤ ᠠᠵᠢᠯᠯᠠᠭ᠎ᠠ︾ ᠵᠡᠷᠭᠡ 21 ᠵᠦᠢᠯ ᠤᠨ ᠪᠣᠳᠠᠲᠠᠢ ᠠᠵᠢᠯᠯᠠᠭ᠎ᠠ ᠪᠠᠭᠲᠠᠵᠤ᠂ ᠠᠳᠠᠯᠢ ᠪᠤᠰᠤ ᠪᠦᠯᠬᠦᠮ ᠳᠤ ᠬᠠᠨᠳᠤᠭᠤᠯᠤᠭᠰᠠᠨ ᠬᠠᠯᠠᠮᠵᠢᠯᠠᠯ ᠪᠠ ᠬᠠᠪᠰᠤᠷᠤᠯᠭ᠎ᠠ ᠶᠢ ᠭᠦᠢᠴᠡᠳ ᠢᠯᠡᠷᠡᠭᠦᠯᠵᠦ᠂ ︽ᠳᠤᠯᠠᠭᠠᠨ ᠬᠤᠲᠠ︾ ᠣᠷᠳᠣᠰ ᠤᠨ ᠬᠠᠷᠢᠭᠤᠴᠠᠯᠭ᠎ᠠ ᠪᠠ ᠡᠭᠦᠷᠭᠡᠯᠡᠯ ᠢ ᠬᠠᠷᠠᠭᠤᠯᠵᠠᠢ᠃
7.2.jpg
7.1.jpg
7.4.jpg
7.5.jpg
7.6.jpg
 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ