| ᠠᠬᠤᠢ ᠪᠠᠶᠢᠳᠠᠯ | 2023 ᠣᠨ ᠤ 5 ᠰᠠᠷ᠎ᠠ ᠶᠢᠨ 25 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ | ︽ᠤᠯᠤᠰ ᠤᠨ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠥᠲᠥᠯᠪᠦᠷᠢ︾ ︵ᠳᠣᠷᠣᠭᠰᠢ ︽ᠲᠥᠯᠦᠪᠵᠢᠭᠦᠯᠭᠡ ᠶᠢᠨ | ᠬᠥᠲᠥᠯᠪᠦᠷᠢ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ᠂ ᠤᠯᠤᠰ ᠤᠨ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠦᠵᠡᠯ | ᠰᠠᠨᠠᠭ᠎ᠠ᠂ ᠬᠥᠭᠵᠢᠯᠲᠡ ᠶᠢᠨ ᠬᠠᠷᠠᠯᠲᠠ᠂ ᠶᠡᠷᠦᠩᠬᠡᠢ ᠪᠠᠶᠢᠷᠢᠯᠠᠭᠤᠯᠤᠯᠲᠠ ᠪᠠ ᠭᠤᠣᠯᠳᠠᠯᠭ᠎ᠠ ᠲᠠᠢ ᠡᠭᠦᠷᠭᠡ᠂ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ ᠤᠯᠤᠰ ᠤᠨ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠵᠢᠯᠤᠭᠤᠳᠬᠤ ᠴᠢᠬᠤᠯᠠ ᠵᠢᠯᠤᠭᠤᠳᠬᠤ ᠴᠢᠨᠠᠷᠲᠠᠢ ᠪᠢᠴᠢᠭ ᠮᠠᠲ᠋ᠧᠷᠢᠶᠠᠯ ᠢ | ᠲᠣᠳᠣᠷᠬᠠᠢ ᠳᠤᠷᠠᠳᠤᠨ ᠭᠠᠷᠭᠠᠪᠠ︔ ᠤᠰᠤᠨ ᠠᠰᠢᠭᠯᠠᠯᠲᠠ ᠶᠢᠨ ᠶᠠᠮᠤᠨ ︽ᠤᠯᠤᠰ ᠤᠨ ᠤᠰᠤᠨ ᠤ ᠲᠣᠣᠷ ᠤᠨ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠬᠦ | ᠲᠤᠬᠠᠢ ᠵᠢᠯᠤᠭᠤᠳᠬᠤ ᠰᠠᠨᠠᠯ︾᠂ ︽ᠮᠤᠵᠢ ᠶᠢᠨ ᠱᠠᠲᠤᠨ ᠤ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠬᠤ ᠲᠤᠬᠠᠢ | ᠵᠢᠯᠤᠭᠤᠳᠬᠤ ᠰᠠᠨᠠᠯ︾ ᠢ ᠵᠠᠯᠭᠠᠯᠳᠤᠭᠠᠪᠠᠷ ᠨᠡᠶᠢᠲᠡᠯᠡᠵᠦ᠂ ᠤᠯᠤᠰ ᠤᠨ ᠤᠰᠤᠨ ᠤ ᠲᠣᠣᠷ ᠪᠠ ᠮᠤᠵᠢ ᠶᠢᠨ ᠱᠠᠲᠤᠨ ᠤ ᠤᠰᠤᠨ ᠤ ᠲᠣᠣᠷ ᠤᠨ ᠪᠦᠲᠦᠭᠡᠨ | ᠪᠠᠶᠢᠭᠤᠯᠤᠯᠲᠠ ᠳᠤ ᠱᠠᠭᠠᠷᠳᠠᠯᠭ᠎ᠠ ᠳᠤᠷᠠᠳᠴᠤ᠂ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠬᠠᠷᠠᠯᠲᠠ ᠪᠠ ᠭᠤᠣᠯᠳᠠᠯᠭ᠎ᠠ ᠲᠠᠢ ᠡᠭᠦᠷᠭᠡ ᠶᠢ | ᠲᠣᠳᠣᠷᠬᠠᠶᠢᠯᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ | ᠲᠦᠷᠬᠡᠳᠬᠡᠬᠦ ᠶᠢᠨ ᠲᠦᠯᠦᠬᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠤᠷᠤᠨ ᠤ ᠵᠠᠰᠠᠭ ᠤᠨ | ᠣᠷᠳᠣᠨ ᠤ ᠠᠯᠪᠠᠨ ᠲᠢᠩᠬᠢᠮ ︽︿ᠤᠯᠤᠰ ᠤᠨ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠥᠲᠥᠯᠪᠦᠷᠢ﹀ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠤᠨ ᠲᠥᠰᠥᠯ︾ ᠢ ᠳᠠᠷᠤᠮᠠᠯᠯᠠᠨ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ | ᠲᠢᠩᠬᠢᠮ ᠠᠴᠠ ︽ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠤᠯᠪᠣᠭᠳᠠᠯ ᠪᠦᠬᠦᠢ ᠠᠵᠢᠯ ᠢ ᠰᠠᠶᠢᠲᠤᠷ ᠬᠢᠬᠦ ᠲᠤᠬᠠᠢ | ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠠᠶᠢᠮᠠᠭ ᠬᠤᠲᠠ ᠬᠤᠰᠢᠭᠤ ᠲᠣᠭᠤᠷᠢᠭ ᠤᠨ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢᠨ | ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠥᠷᠨᠢᠭᠦᠯᠬᠦ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ᠂ | ᠲᠣᠭᠤᠷᠢᠭ ᠤᠨ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠲᠤᠭᠤᠷᠢᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠠᠴᠠ ᠤᠰᠤᠨ ᠤ | ᠲᠣᠣᠷ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠦᠷᠨᠢᠬᠦᠯᠪᠠ᠃ | ᠬᠡᠪᠴᠢᠶ᠎ᠡ ᠪᠠ ᠵᠢᠯ ᠤᠨ ᠤᠰᠤᠨ ᠤ ᠲᠦᠪᠰᠢᠨ | | | | | ᠲᠦᠯᠦᠪᠵᠢᠬᠦᠯᠵᠤ ᠪᠠᠶᠢᠭ᠎ᠠ ᠬᠡᠪᠴᠢᠶ᠎ᠡ ᠨᠢ ᠳ᠋ᠦᠩᠱᠧᠩ ᠲᠣᠭᠤᠷᠢᠭ ᠤᠨ ᠪᠥᠬᠦ ᠬᠢᠯᠢ᠂ ᠲᠦᠩᠴᠤᠸᠠᠨ ᠪᠠᠯᠭᠠᠰᠤ᠂ ᠬᠠᠨᠲᠠᠶ ᠪᠠᠯᠭᠠᠰᠤ ᠪᠠ ᠪᠤᠷᠵᠠᠩᠨᠠᠭᠤᠷ | ᠪᠠᠯᠭᠠᠰᠤ ᠵᠢᠴᠢ ᠳ᠋ᠦᠩᠱᠧᠩ ᠤᠨ ᠬᠤᠲᠠ ᠶᠢᠨ ᠲᠣᠭᠤᠷᠢᠭ ᠢ ᠪᠠᠭᠲᠠᠭᠠᠵᠤ᠂ ᠶᠡᠷᠦᠩᠬᠡᠢ ᠲᠠᠯᠠᠪᠠᠶ ᠨᠢ 2160km ᠪᠤᠯᠤᠨ᠎ᠠ᠃ | ᠲᠦᠯᠦᠪᠵᠢᠬᠦᠯᠵᠤ ᠪᠠᠶᠢᠭ᠎ᠠ ᠵᠢᠯ ᠤᠨ ᠤᠰᠤᠨ ᠤ ᠲᠦᠪᠰᠢᠨ | ᠣᠳᠣᠬᠢ ᠪᠠᠶᠢᠳᠠᠯ ᠤᠨ ᠤᠰᠤᠨ ᠤ ᠲᠦᠪᠰᠢᠨᠨᠢ 2022 ᠣᠨ | ᠲᠦᠯᠦᠪᠵᠢᠬᠦᠯᠵᠤ ᠪᠠᠶᠢᠭ᠎ᠠ ᠵᠢᠯ 2035 ᠣᠨ | ᠠᠯᠤᠰ ᠤᠨ ᠲᠥᠯᠥᠪ 2050 ᠣᠨ ᠬᠦᠷᠳᠡᠯ᠎ᠠ | ᠭᠤᠣᠯ ᠠᠭᠤᠯᠭ᠎ᠠ | ︽ᠲᠥᠯᠦᠪᠵᠢᠭᠦᠯᠭᠡ︾ ᠨᠢ ᠨᠡᠶᠢᠲᠡ 11 ᠪᠦᠯᠦᠭ᠂ 51 ᠵᠤᠷᠪᠤᠰ ᠲᠠᠢ᠂ ᠭᠤᠣᠯᠳᠠᠭᠤ ᠳᠣᠣᠷᠠᠬᠢ ᠠᠭᠤᠯᠭ᠎ᠠ ᠶᠢ ᠪᠠᠭᠲᠠᠭᠠᠨ᠎ᠠ᠄ | ᠨᠢᠭᠡ᠂ ᠪᠦᠲᠦᠭᠡᠨ ᠪᠠᠶᠢᠭᠤᠯᠤᠯᠲᠠ ᠶᠢᠨ ᠰᠠᠭᠤᠷᠢ ᠬᠢᠭᠡᠳ ᠲᠤᠯᠭᠠᠷᠠᠵᠤ ᠪᠠᠶᠢᠭ᠎ᠠ ᠪᠠᠶᠢᠳᠠᠯ | ᠬᠤᠶᠠᠷ᠂ ᠶᠡᠷᠦᠩᠬᠡᠢ ᠰᠡᠳᠬᠢᠴᠡ | ᠭᠤᠷᠪᠠ᠂ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠲᠣᠣᠷ ᠢ ᠪᠠᠶᠢᠭᠤᠯᠬᠤ | ᠳᠥᠷᠪᠡ᠂ ᠬᠤᠲᠠ ᠬᠥᠳᠡᠭᠡ ᠶᠢᠨ ᠤᠰᠤ ᠬᠠᠩᠭᠠᠬᠤ ᠲᠣᠣᠷ ᠢ ᠪᠠᠶᠢᠭᠤᠯᠬᠤ | ᠲᠠᠪᠤ᠂ ᠤᠰᠤ ᠭᠠᠳᠠᠭᠰᠢᠯᠠᠭᠤᠯᠵᠤ ᠤᠰᠤ ᠵᠠᠯᠠᠬᠤ ᠲᠣᠣᠷ ᠢ ᠪᠠᠶᠢᠭᠤᠯᠬᠤ | ᠵᠢᠷᠭᠤᠭ᠎ᠠ᠂ ᠭᠤᠣᠯ ᠨᠠᠭᠤᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠣᠣᠷ ᠢ ᠪᠠᠶᠢᠭᠤᠯᠬᠤ | ᠳᠣᠯᠤᠭ᠎ᠠ᠂ ᠲᠤᠭᠠᠴᠢᠯᠠᠭᠰᠡᠨ ᠢᠬᠡᠷ᠎ᠡ ᠤᠰᠤᠨ ᠤ ᠲᠣᠣᠷ ᠢ ᠪᠠᠶᠢᠭᠤᠯᠬᠤ | ᠨᠠᠢᠮᠠ᠂ ᠤᠰᠤᠨ ᠤ ᠲᠣᠣᠷ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ | ᠶᠢᠰᠦ᠂ ᠭᠤᠣᠯᠳᠠᠯᠭ᠎ᠠ ᠲᠠᠢ ᠲᠥᠷᠥᠯ ᠵᠦᠢᠯ ᠤᠨ ᠬᠡᠷᠡᠭᠵᠢᠭᠦᠯᠦᠯᠲᠡ ᠲᠣᠬᠢᠷᠠᠭᠤᠯᠤᠯᠲᠠ | ᠠᠷᠪᠠ᠂ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ | ᠠᠷᠪᠠᠨ ᠨᠢᠭᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | | | | | | ᠲᠥᠯᠦᠪᠵᠢᠭᠦᠯᠭᠡ ᠶᠢᠨ ᠬᠠᠷᠠᠯᠲᠠ | 2035 ᠣᠨ ᠪᠣᠯᠬᠤ ᠳᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠯᠦᠭᠡ ᠵᠣᠬᠢᠴᠠᠯᠳᠤᠭᠰᠠᠨ ᠳ᠋ᠦᠩᠱᠧᠩ | ᠲᠣᠭᠤᠷᠢᠭ ᠤᠨ ᠤᠰᠤᠨ ᠤ ᠲᠣᠣᠷ ᠢ ᠦᠨᠳᠦᠰᠦᠨ ᠳᠡᠭᠡᠨ ᠪᠠᠶᠢᠭᠤᠯᠵᠤ᠂ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠢᠯᠡᠳᠲᠡ | ᠳᠡᠭᠡᠭᠰᠢᠯᠡᠭᠦᠯᠦᠨ᠎ᠡ᠃ ᠭᠠᠵᠠᠷ ᠣᠷᠣᠨ ᠤ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠠᠮᠦᠷ ᠲᠦᠪᠰᠢᠨ ᠠᠰᠢᠭᠯᠠᠬᠤ ᠲᠤᠭᠳᠠᠯᠴᠠᠭ᠎ᠠ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠵᠦ᠂ ᠲᠠᠷᠢᠶᠠᠯᠠᠩ ᠤᠨ ᠤᠰᠤ ᠠᠷᠪᠢᠯᠠᠬᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠵᠤ ᠦᠢᠯᠡᠳᠪᠦᠷᠢ ᠶᠢᠨ | ᠬᠠᠩᠭᠠᠯᠭ᠎ᠠ ᠬᠡᠷᠡᠭᠴᠡᠭᠡᠨ ᠤ ᠤᠰᠤᠨ ᠤ ᠵᠥᠷᠢᠴᠡᠯ ᠢ ᠨᠠᠮᠳᠠᠭᠤᠯᠵᠤ᠂ ᠤᠰᠤ ᠬᠠᠩᠭᠠᠬᠤ ᠪᠠᠲᠤᠯᠠᠭ᠎ᠠ ᠶᠢᠨ ᠬᠡᠮᠵᠢᠶ᠎ᠡ ᠶᠢ ᠤᠯᠠᠮ ᠨᠢᠭᠡ ᠠᠯᠬᠤᠮ ᠨᠡᠮᠡᠭᠳᠡᠭᠦᠯᠦᠨ᠎ᠡ︔ | ᠦᠶᠡᠷ ᠢ ᠰᠡᠷᠭᠡᠶᠢᠯᠡᠨ ᠤᠰᠤᠲᠤᠯ ᠢ ᠵᠠᠯᠠᠬᠤ ᠪᠠ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ ᠰᠡᠷᠭᠡᠶᠢᠯᠡᠯᠲᠡ ᠶᠢᠨ ᠴᠢᠳᠠᠪᠤᠷᠢ ᠶᠢ ᠢᠯᠡᠳᠲᠡ | ᠴᠢᠩᠭᠠᠷᠠᠭᠤᠯᠤᠨ᠎ᠠ︔ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠣᠷᠴᠢᠨ ᠲᠣᠭᠤᠷᠢᠨ ᠢ ᠠᠭᠠᠵᠢᠮ ᠢᠶᠠᠷ ᠰᠠᠶᠢᠵᠢᠷᠠᠭᠤᠯᠵᠤ᠂ | ᠭᠤᠣᠯ ᠮᠥᠷᠡᠨ ᠨᠠᠭᠤᠷ ᠴᠥᠭᠦᠷᠥᠮ ᠤᠨ ᠤᠷᠴᠢᠨ ᠠᠮᠢᠳᠤᠷᠠᠯ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠠ︔ ᠤᠰᠤᠨ | ᠠᠰᠢᠭᠯᠠᠯᠲᠠ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠵᠤ᠂ ᠥᠨᠳᠥᠷ ᠦᠷ᠎ᠡ ᠪᠦᠲᠦᠮᠵᠢᠲᠡᠶ ᠬᠢᠨᠠᠯᠲᠠ ᠬᠠᠮᠢᠶᠠᠷᠤᠯᠲᠠ ᠶᠢᠨ ᠲᠤᠭᠳᠠᠯᠴᠠᠭ᠎ᠠ ᠶᠢ | ᠪᠦᠷᠢᠯᠳᠦᠭᠦᠯᠦᠨ᠂ ᠤᠰᠤᠨ ᠠᠰᠢᠭᠯᠠᠯᠲᠠ ᠶᠢᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠴᠢᠳᠠᠪᠤᠷᠢ ᠪᠠ ᠳᠦᠷᠢᠮ ᠤᠨ ᠪᠠᠶᠢᠭᠤᠯᠤᠯᠲᠠ ᠶᠢ ᠠᠯᠬᠤᠮ ᠠᠯᠬᠤᠮ ᠢᠶᠠᠷ | ᠪᠦᠷᠢᠨᠰᠢᠭᠦᠯᠵᠦ᠂ ᠤᠰᠤᠨ ᠳᠤ ᠬᠤᠯᠪᠣᠭᠳᠠᠬᠤ ᠬᠡᠷᠡᠭ ᠶᠠᠪᠤᠳᠠᠯ ᠢ ᠬᠢᠨᠠᠨ ᠬᠠᠮᠢᠶᠠᠷᠬᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠷᠠᠭᠤᠯᠤᠨ᠎ᠠ︔ ᠤᠰᠤᠨ | ᠠᠰᠢᠭᠯᠠᠯᠲᠠ ᠶᠢᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠨᠡᠮᠡᠷᠢ ᠶᠢᠨ ᠨᠤᠷᠮ᠎ᠠ ᠶᠢ ᠢᠯᠡᠳᠲᠡ | ᠲᠡᠭᠡᠭᠰᠢᠯᠡᠬᠦᠯᠦᠨ᠎ᠠ᠃ | ᠬᠦᠨᠵᠡᠬᠡᠢ ᠤᠰᠤ ᠠᠷᠪᠢᠯᠠᠵᠤ ᠤᠰᠤ ᠡᠵᠡᠮᠳᠡᠬᠦ ᠰᠢᠰᠲ᠋ᠧᠮ ᠢ ᠦᠨᠳᠦᠰᠦᠨ ᠳᠡᠭᠡᠨ ᠪᠠᠶᠢᠭᠤᠯᠤᠨ᠎ᠠ | ᠤᠰᠤᠨ ᠤ ᠡᠬᠢ ᠪᠠᠶᠠᠯᠢᠭ ᠤᠨ ᠲᠣᠬᠢᠷᠠᠭᠤᠯᠤᠯᠲᠠ ᠪᠠ ᠪᠠᠲᠤᠯᠠᠭ᠎ᠠ ᠶᠢᠨ ᠲᠤᠭᠳᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠤᠨ᠎ᠠ | ᠰᠠᠪᠠ ᠭᠠᠵᠠᠷ ᠤᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠭᠠᠮᠰᠢᠭ ᠢ ᠪᠠᠭᠠᠰᠬᠠᠬᠤ ᠲᠤᠭᠳᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠤᠨ᠎ᠠ | ᠤᠰᠤᠨ ᠤ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠵᠠᠰᠠᠯᠲᠠ ᠶᠢᠨ ᠲᠤᠭᠳᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠤᠨ᠎ᠠ | ᠲᠤᠭᠠᠴᠢᠯᠠᠭᠰᠡᠨ ᠢᠬᠡᠷ᠎ᠡ ᠤᠰᠤᠨ ᠤ ᠲᠣᠣᠷ ᠤᠨ ᠲᠤᠭᠳᠠᠯᠴᠠᠭ᠎ᠠ ᠶᠢ ᠦᠨᠳᠦᠰᠦᠨ ᠳᠡᠭᠡᠨ ᠪᠠᠶᠢᠭᠤᠯᠤᠨ᠎ᠠ | ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠲᠣᠣᠷ ᠢ ᠪᠠᠶᠢᠭᠤᠯᠤᠨ᠎ᠠ | ᠳ᠋ᠦᠩᠱᠧᠩ ᠲᠣᠭᠤᠷᠢᠭ ᠤᠨ ᠪᠠᠶᠢᠭᠠᠯᠢ ᠶᠢᠨ ᠭᠠᠵᠠᠷ ᠵᠦᠢ ᠶᠢᠨ ᠣᠨᠴᠠᠯᠢᠭ᠂ ᠨᠡᠶᠢᠭᠡᠮ ᠤᠨ ᠠᠵᠤ ᠠᠬᠤᠢ ᠶᠢᠨ ᠪᠠᠶᠢᠳᠠᠯ᠂ ᠦᠶᠡᠷ ᠤᠰᠤᠲᠤᠯ ᠤᠨ ᠣᠨᠴᠠᠯᠢᠭ ᠢ | ᠦᠨᠳᠦᠰᠦᠯᠡᠨ᠂ ︽ᠳᠠᠯᠳᠠ ᠬᠡᠮ ᠢ ᠠᠷᠢᠯᠭᠠᠵᠤ᠂ ᠪᠠᠭᠤᠷᠠᠢ ᠲᠠᠯ᠎ᠠ ᠶᠢ ᠴᠢᠩᠭᠠᠳᠬᠠᠬᠤ︾ ᠰᠡᠳᠬᠢᠴᠡ ᠶᠢ ᠦᠨᠳᠦᠰᠦᠯᠡᠨ᠂ ᠢᠨᠵᠧᠨᠧᠷᠢᠩ ᠤᠨ ᠳᠤᠲᠠᠭᠤᠳᠠᠯ ᠢ | ᠨᠥᠬᠦᠪᠦᠷᠢᠯᠡᠵᠦ᠂ ᠦᠶᠡᠷ ᠢ ᠰᠡᠷᠭᠡᠶᠢᠯᠡᠬᠦ ᠲᠤᠭᠳᠠᠯᠴᠠᠭ᠎ᠠ ᠶᠢ ᠲᠡᠭᠦᠯᠳᠡᠷᠵᠢᠭᠦᠯᠬᠦ ᠪᠠᠷ ᠭᠤᠣᠯᠳᠠᠯᠭ᠎ᠠ ᠪᠣᠯᠭᠠᠨ᠂ ᠤᠰᠤᠨ ᠤ ᠠᠮᠤᠷ ᠲᠦᠪᠰᠢᠨ ᠤ ᠪᠠᠲᠤᠯᠠᠭ᠎ᠠ ᠶᠢᠨ | ᠴᠢᠳᠠᠪᠤᠷᠢ ᠶᠢ ᠲᠠᠰᠤᠷᠠᠯᠲᠠ ᠦᠭᠡᠢ ᠴᠢᠩᠭᠠᠷᠠᠭᠤᠯᠵᠤ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠤᠯᠭᠠᠭᠤᠷᠢᠯᠠᠨ᠎ᠠ᠃ ᠦᠶᠡᠷ ᠢ ᠰᠡᠷᠭᠡᠶᠢᠯᠡᠵᠦ ᠭᠠᠮᠰᠢᠭ ᠢ | ᠪᠠᠭᠠᠰᠬᠠᠬᠤ ᠲᠤᠭᠳᠠᠯᠴᠠᠭ᠎ᠠ ᠶᠢ ᠲᠡᠭᠦᠯᠳᠡᠷᠵᠢᠭᠦᠯᠬᠦ ᠲᠠᠯ᠎ᠠ ᠪᠠᠷ᠂ ᠳᠤᠮᠳᠠ ᠵᠢᠵᠢᠭ ᠭᠤᠣᠯ ᠮᠥᠷᠡᠨ ᠢ ᠵᠠᠰᠠᠬᠤ᠂ ᠠᠭᠤᠯᠠᠨ ᠦᠶᠡᠷ ᠤᠨ ᠭᠠᠮᠰᠢᠭ ᠢ ᠰᠡᠷᠭᠡᠶᠢᠯᠡᠨ | ᠵᠠᠰᠠᠬᠤ᠂ ᠡᠮᠵᠡᠭ ᠠᠶᠤᠯᠲᠠᠢ ᠴᠥᠭᠦᠷᠥᠮ ᠤᠨ ᠨᠦᠯᠦᠮᠡᠯ ᠭᠠᠵᠠᠷ ᠤᠨ ᠬᠠᠰᠢᠯᠭ᠎ᠠ ᠶᠢᠨ ᠠᠶᠤᠯ ᠢ ᠠᠷᠢᠯᠭᠠᠨ ᠪᠠᠬᠢᠯᠡᠬᠦ᠂ ᠬᠤᠳᠠ ᠶᠢᠨ ᠦᠶᠡᠷ ᠢ ᠰᠡᠷᠭᠡᠶᠢᠯᠡᠵᠦ | ᠤᠰᠤᠲᠤᠯ ᠢ ᠵᠠᠯᠠᠬᠤ ᠵᠡᠷᠭᠡ ᠪᠠᠭᠤᠷᠠᠢ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠬᠡᠳᠬᠡᠨ᠎ᠠ᠃ ︽ᠦᠨᠡᠨᠬᠦ ᠬᠡᠷᠡᠭᠴᠡᠭᠡ ᠲᠠᠢ᠂ ᠠᠮᠢ ᠠᠬᠤᠢ ᠠᠮᠤᠷ | ᠲᠦᠪᠰᠢᠨ᠂ ᠦᠷᠭᠦᠯᠵᠢᠯᠡᠵᠦ ᠪᠤᠯᠬᠤᠶᠢᠴᠠ︾ ᠵᠠᠷᠴᠢᠮ ᠢ ᠦᠨᠳᠦᠰᠦᠯᠡᠨ᠂ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠠᠷᠭ᠎ᠠ | ᠵᠠᠮ ᠢ ᠢᠳᠡᠪᠬᠢᠲᠡᠢ ᠪᠠᠷ ᠥᠷᠭᠡᠳᠬᠡᠨ᠂ ᠨᠡᠭᠡᠭᠡᠯᠲᠡ ᠶᠢᠨ ᠴᠢᠨᠠᠷᠲᠠᠢ ᠮᠥᠩᠭᠦᠨ ᠭᠦᠢᠯᠭᠡᠭᠡᠨ ᠤ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠭᠦᠢᠴᠡᠳ ᠪᠥᠭᠡᠳ | ᠰᠠᠶᠢᠲᠤᠷ ᠬᠡᠷᠡᠭᠯᠡᠨ᠎ᠡ᠃ ᠬᠦᠴᠦᠨ ᠢᠶᠠᠨ ᠲᠥᠪᠯᠡᠷᠡᠭᠦᠯᠦᠨ ᠤᠰᠤᠨ ᠠᠰᠢᠭᠯᠠᠯᠲᠠ ᠶᠢᠨ ᠲᠤᠯᠭᠠᠭᠤᠷᠢᠯᠠᠬᠤ ᠲᠤᠭᠳᠠᠯᠴᠠᠭ᠎ᠠ ᠶᠢ ᠪᠠᠶᠢᠭᠤᠯᠵᠤ᠂ ᠦᠶᠡᠷ ᠢ ᠰᠡᠷᠭᠡᠶᠢᠯᠡᠵᠦ | ᠭᠠᠮᠰᠢᠭ ᠢ ᠪᠠᠭᠠᠰᠬᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠨ᠎ᠠ᠃ | 2035 ᠣᠨ ᠪᠣᠯᠬᠤ ᠳᠤ᠂ ᠰᠠᠪᠠ ᠭᠠᠵᠠᠷ ᠤᠨ ᠤᠰᠤᠨ ᠤ ᠪᠠᠶᠢᠳᠠᠯ ᠤᠨ ᠣᠨᠴᠠᠯᠢᠭ ᠲᠤ ᠨᠡᠶᠢᠴᠡᠬᠦ ᠪᠥᠭᠡᠳ ᠠᠵᠤ ᠠᠬᠤᠢ ᠨᠡᠶᠢᠭᠡᠮ ᠤᠨ ᠬᠥᠭᠵᠢᠯᠲᠡ ᠲᠠᠢ | ᠵᠣᠬᠢᠴᠠᠭᠰᠠᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠲᠤᠭᠳᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠦᠶᠡᠷ ᠢ ᠡᠰᠡᠷᠭᠦᠴᠡᠬᠦ ᠪᠠ ᠦᠶᠡᠷ ᠤᠨ | ᠠᠶᠤᠯ ᠲᠦᠭᠰᠢᠭᠦᠷᠢ ᠠᠴᠠ ᠵᠠᠶᠢᠯᠠᠬᠤ ᠴᠢᠳᠠᠪᠤᠷᠢ ᠶᠢ ᠳᠡᠭᠡᠭᠰᠢᠯᠡᠭᠦᠯᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠵᠤ᠂ | ᠦᠶᠡᠷ ᠤᠰᠤᠲᠤᠯ ᠤᠨ ᠭᠠᠮᠰᠢᠭ ᠤᠨ ᠬᠤᠬᠢᠷᠠᠯ ᠢ ᠬᠠᠮᠤᠭ ᠤᠨ ᠪᠠᠭ᠎ᠠ ᠬᠡᠮᠵᠢᠶᠡᠨ ᠳᠤ ᠬᠦᠷᠲᠡᠯ᠎ᠡ ᠪᠠᠭᠠᠰᠬᠠᠨ᠎ᠠ᠃ | ᠬᠤᠲᠠ ᠬᠥᠳᠡᠭᠡ ᠶᠢᠨ ᠤᠰᠤ ᠬᠠᠩᠭᠠᠬᠤ ᠲᠣᠣᠷ ᠢ ᠪᠠᠶᠢᠭᠤᠯᠤᠨ᠎ᠠ | ᠳ᠋ᠦᠩᠱᠧᠩ ᠲᠣᠭᠤᠷᠢᠭ ᠤᠨ ᠤᠰᠤᠨ ᠤ ᠡᠬᠢ ᠪᠠᠶᠠᠯᠢᠭ ᠳᠤᠲᠠᠭᠳᠠᠵᠤ ᠪᠠᠶᠢᠭ᠎ᠠ ᠣᠨᠴᠠᠯᠢᠭ ᠲᠤ ᠴᠢᠭᠯᠡᠭᠦᠯᠦᠨ᠂ ᠪᠦᠬᠦᠯᠢ ᠴᠣᠭᠴᠠ ᠶᠢᠨ ᠬᠥᠭᠵᠢᠯᠲᠡ ᠶᠢᠨ | ᠪᠠᠶᠢᠯᠳᠤᠬᠤ ᠪᠣᠳᠣᠯᠭ᠎ᠠ ᠪᠠ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ | ᠤᠰᠤᠨ ᠤ ᠬᠡᠮᠵᠢᠶ᠎ᠡ ᠶᠢ ᠦᠨᠳᠦᠰᠦᠯᠡᠨ ᠬᠡᠷᠡᠭᠯᠡᠬᠦ᠂ ᠤᠰᠤᠨ ᠤ ᠡᠬᠢ ᠰᠤᠷᠪᠤᠯᠵᠢ ᠶᠢ ᠨᠡᠭᠡᠭᠡᠨ ᠤᠷᠤᠰᠬᠠᠯ ᠢ ᠠᠷᠪᠢᠯᠠᠬᠤ ᠶᠢ ᠵᠡᠷᠭᠡᠪᠡᠷ ᠴᠢᠬᠤᠯᠠᠴᠢᠯᠠᠬᠤ ᠶᠢ | ᠪᠠᠷᠢᠮᠲᠠᠯᠠᠨ᠂ ︽ᠬᠡᠷᠡᠭᠴᠡᠭᠡ ᠶᠢ ᠬᠢᠵᠠᠭᠠᠷᠯᠠᠬᠤ᠂ ᠬᠠᠩᠭᠠᠯᠭ᠎ᠠ ᠶᠢ ᠨᠡᠮᠡᠭᠳᠡᠭᠦᠯᠬᠦ︾ ᠶᠢ ᠬᠠᠷᠢᠯᠴᠠᠨ ᠤᠶᠠᠯᠳᠤᠭᠤᠯᠬᠤ ᠠᠷᠭ᠎ᠠ ᠬᠡᠮᠵᠢᠶ᠎ᠡ ᠶᠢ ᠠᠪᠴᠤ᠂ ᠤᠰᠤ | ᠠᠷᠪᠢᠯᠠᠵᠤ ᠤᠰᠤ ᠬᠢᠵᠠᠭᠠᠷᠯᠠᠬᠤ ᠤᠷᠢᠲᠠᠯ ᠳᠣᠣᠷ᠎ᠠ᠂ ᠣᠲᠣ ᠶᠢᠨ ᠪᠠᠶᠢᠭ᠎ᠠ ᠢᠨᠵᠧᠨᠧᠷᠢᠩ ᠤᠨ ᠤᠰᠤ ᠬᠠᠩᠭᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ | ᠭᠤᠣᠯᠳᠠᠯᠭ᠎ᠠ ᠲᠠᠢ ᠤᠰᠤᠨ ᠤ ᠡᠬᠢ ᠰᠤᠷᠪᠤᠯᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠤᠰᠤᠨ ᠤ ᠡᠬᠢ ᠪᠠᠶᠠᠯᠢᠭ ᠢ ᠬᠠᠳᠠᠭᠠᠯᠠᠬᠤ | ᠪᠠ ᠲᠣᠬᠢᠷᠠᠭᠤᠯᠤᠨ ᠡᠵᠡᠮᠳᠡᠬᠦ ᠴᠢᠳᠠᠪᠤᠷᠢ ᠶᠢ ᠥᠷᠭᠡᠳᠬᠡᠨ᠎ᠡ︔ ᠴᠢᠬᠤᠯᠠ ᠶᠡᠭᠡ ᠤᠰᠤ ᠲᠠᠲᠠᠬᠤ ᠢᠨᠵᠧᠨᠧᠷᠢᠩ ᠢ ᠵᠣᠯᠭᠠᠭᠤᠯᠬᠤ ᠢᠨᠵᠧᠨᠧᠷᠢᠩ ᠤᠨ ᠪᠦᠲᠦᠭᠡᠨ | ᠪᠠᠶᠢᠭᠤᠯᠤᠯᠲᠠ ᠶᠢ ᠢᠳᠡᠪᠬᠢᠲᠡᠢ ᠰᠠᠶᠢᠲᠤᠷ ᠬᠢᠵᠦ᠂ ᠣᠷᠣᠨ ᠪᠦᠰᠡ ᠶᠢᠨ ᠤᠰᠤᠨ ᠤ ᠲᠣᠣᠷ ᠤᠨ ᠬᠠᠷᠢᠯᠴᠠᠨ ᠬᠤᠯᠪᠣᠯᠳᠤᠨ ᠬᠠᠷᠢᠯᠴᠠᠨ ᠨᠡᠪᠲᠡᠷᠡᠯᠴᠡᠬᠦ ᠶᠢ | ᠴᠢᠩᠭᠠᠳᠬᠠᠨ᠂ ᠤᠰᠤᠨ ᠤ ᠲᠣᠣᠷ ᠤᠨ ᠢᠨᠵᠧᠨᠧᠷᠢᠩ ᠤᠨ ᠲᠤᠭᠳᠠᠯᠴᠠᠭ᠎ᠠ ᠶᠢ ᠪᠠᠶᠢᠭᠤᠯᠵᠤ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠲᠣᠬᠢᠷᠠᠭᠤᠯᠬᠤ ᠪᠠ | ᠠᠰᠢᠭᠯᠠᠬᠤ ᠶᠢ ᠪᠡᠶᠡᠯᠡᠭᠦᠯᠦᠨ᠎ᠡ︔ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠤᠰᠤᠨ ᠤ ᠰᠤᠷᠪᠤᠯᠵᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠬᠤᠲᠠ ᠬᠥᠳᠡᠭᠡ ᠶᠢ ᠨᠢᠭᠡ ᠴᠣᠭᠴᠠᠵᠢᠭᠤᠯᠤᠨ ᠤᠰᠤ ᠬᠠᠩᠭᠠᠬᠤ ᠶᠢ ᠠᠬᠢᠭᠤᠯᠵᠤ᠂ ᠬᠡᠪ ᠤᠨ ᠪᠤᠰᠤ ᠤᠰᠤᠨ ᠤ ᠡᠬᠢ ᠪᠠᠶᠠᠯᠢᠭ ᠤᠨ | ᠠᠰᠢᠭᠯᠠᠯᠲᠠ ᠶᠢ ᠨᠡᠮᠡᠭᠳᠡᠭᠦᠯᠵᠦ᠂ ᠤᠰᠤᠨ ᠤ ᠡᠬᠢ ᠰᠤᠷᠪᠤᠯᠵᠢ ᠶᠢ ᠦᠷᠬᠡᠳᠬᠡᠨ᠎ᠠ︔ ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠬᠤ ᠶᠢ | ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠵᠦᠢ ᠵᠣᠬᠢᠰᠲᠠᠢ ᠠᠰᠢᠭᠯᠠᠬᠤ ᠪᠠ ᠪᠦᠲᠦᠮᠵᠢᠲᠡᠶ ᠬᠠᠮᠢᠶᠠᠷᠬᠤ ᠶᠢ ᠪᠡᠶᠡᠯᠡᠭᠦᠯᠦᠨ᠎ᠡ᠃ | ︽ᠤᠯᠠᠨ ᠰᠠᠯᠠᠭ᠎ᠠ ᠮᠥᠴᠢᠷ ᠢ ᠲᠣᠣᠷᠵᠢᠭᠤᠯᠤᠨ ᠦᠷ᠎ᠡ ᠠᠰᠢᠭ ᠢ ᠨᠡᠮᠡᠭᠳᠡᠭᠦᠯᠬᠦ᠂ ᠲᠦᠷᠪᠡᠨ ᠵᠦᠢᠯ ᠤᠨ ᠤᠰᠤ ᠶᠢ ᠨᠦᠬᠦᠪᠦᠷᠢᠯᠡᠵᠤ ᠤᠯᠠᠨ ᠡᠬᠢ | ᠰᠤᠷᠪᠤᠯᠵᠢ ᠶᠢ ᠬᠠᠮᠲᠤ ᠳᠤᠨᠢ ᠲᠤᠰᠠᠯᠠᠭᠤᠯᠬᠤ︾ ᠤᠰᠤᠨ ᠤ ᠡᠬᠢ ᠪᠠᠶᠠᠯᠢᠭ ᠢ ᠲᠣᠬᠢᠷᠠᠭᠤᠯᠬᠤ ᠪᠠᠶᠢᠷᠢᠰᠢᠯ ᠢ ᠪᠤᠢ ᠪᠣᠯᠭᠠᠨ᠎ᠠ᠃ | ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠤᠤᠷ ᠢ ᠪᠠᠶᠢᠭᠤᠯᠤᠨ᠎ᠠ | ︽ᠠᠭᠤᠯᠠ ᠤᠰᠤ ᠣᠶ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦᠨ ᠤ ᠠᠮᠢ ᠨᠠᠰᠤᠨ ᠤ ᠬᠠᠮᠲᠤ ᠶᠢᠨ ᠴᠣᠭᠴᠠ︾ ᠶᠢᠨ ᠣᠨᠣᠯᠵᠢᠬᠤᠨ ᠳᠤ | ᠰᠠᠭᠤᠷᠢᠯᠠᠨ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠵᠦ᠂ ︽ᠬᠠᠮᠠᠭᠠᠯᠠᠬᠤ ᠶᠢ | ᠲᠡᠷᠢᠭᠦᠨ ᠳᠤ ᠲᠠᠯᠪᠢᠬᠤ᠂ ᠰᠢᠰᠲ᠋ᠧᠮ ᠲᠠᠢ ᠪᠠᠷ ᠰᠡᠷᠭᠦᠭᠡᠬᠦ᠂ ᠠᠮᠢ ᠠᠬᠤᠢ ᠰᠠᠶᠢᠨ ᠰᠠᠶᠢᠬᠠᠨ᠂ ᠣᠷᠴᠢᠨ ᠲᠣᠭᠤᠷᠢᠨ ᠭᠤᠶᠢᠳᠠ ᠦᠵᠡᠰᠬᠦᠯᠡᠩᠳᠠᠢ︾ ᠪᠠᠶᠢᠬᠤ | ᠵᠠᠷᠴᠢᠮ ᠢ ᠪᠠᠷᠢᠮᠲᠠᠯᠠᠨ᠂ ᠤᠰᠤᠨ ᠤ ᠠᠮᠢ ᠠᠬᠤᠢ ᠶᠢᠨ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠣᠷᠣᠨ ᠪᠦᠰᠡ ᠶᠢᠨ ᠤᠰᠤᠨ ᠤ | ᠠᠮᠢ ᠠᠬᠤᠢ ᠶᠢᠨ ᠬᠠᠮᠠᠭᠠᠯᠠᠯᠲᠠ ᠪᠠ ᠰᠡᠷᠭᠦᠭᠡᠯᠲᠡ ᠶᠢ ᠨᠢᠭᠡᠳᠦᠯᠲᠡᠢ ᠲᠥᠯᠥᠪᠯᠡᠨ᠎ᠡ᠃ ᠭᠤᠣᠯᠳᠠᠯᠭ᠎ᠠ ᠲᠠᠢ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ | ᠣᠷᠣᠨ ᠵᠠᠢ ᠶᠢ ᠬᠠᠮᠢᠶᠠᠷᠤᠨ ᠡᠵᠡᠮᠳᠡᠬᠦ᠂ ᠤᠰᠤᠨ ᠤ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠪᠠ ᠬᠥᠷᠥᠰᠥ | ᠰᠢᠷᠣᠢ ᠶᠢ ᠬᠠᠮᠠᠭᠠᠯᠠᠬᠤ᠂ ᠭᠠᠵᠠᠷ ᠳᠣᠣᠷᠠᠬᠢ ᠤᠰᠤ ᠶᠢ ᠵᠠᠰᠠᠬᠤ ᠪᠠ ᠬᠠᠮᠠᠭᠠᠯᠠᠬᠤ ᠪᠠᠷ ᠤᠰᠤᠨ ᠤ ᠰᠣᠶᠣᠯ ᠢ ᠤᠯᠠᠮᠵᠢᠯᠠᠨ ᠪᠠᠳᠠᠷᠠᠭᠤᠯᠵᠤ᠂ ᠨᠠᠭᠤᠷ ᠴᠥᠭᠦᠷᠥᠮ ᠤᠨ | ᠠᠮᠢ ᠠᠬᠤᠢ ᠶᠢ ᠬᠠᠮᠠᠭᠠᠯᠠᠨ ᠰᠡᠷᠭᠦᠭᠡᠬᠦ ᠶᠢ ᠲᠦᠷᠭᠡᠳᠬᠡᠬᠦ ᠪᠠᠷ ᠭᠤᠣᠯᠳᠠᠯᠭ᠎ᠠ ᠪᠤᠯᠭᠠᠵᠤ᠂ ᠭᠤᠣᠯ ᠨᠠᠭᠤᠷ ᠤᠨ ᠠᠮᠢ ᠠᠬᠤᠢ ᠶᠢᠨ ᠦᠢᠯᠡᠴᠢᠯᠡᠭᠡᠨ ᠤ ᠴᠢᠳᠠᠮᠵᠢ ᠶᠢ | ᠲᠣᠭᠲᠠᠭᠤᠨ ᠢᠶᠠᠷ ᠴᠢᠩᠭᠠᠳᠬᠠᠨ᠂ ᠤᠰᠤᠨ ᠤ ᠠᠮᠢ ᠠᠬᠤᠢ ᠶᠢᠨ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ︽ᠤᠷᠢᠳᠴᠢᠯᠠᠨ | ᠰᠡᠷᠭᠡᠶᠢᠯᠡᠬᠦ᠂ ᠬᠠᠮᠠᠭᠠᠯᠠᠬᠤ᠂ ᠵᠠᠰᠠᠬᠤ᠂ ᠰᠡᠷᠭᠦᠭᠡᠬᠦ︾ ᠶᠢ ᠦᠨᠳᠦᠰᠦᠯᠡᠨ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠭᠤᠣᠯ ᠮᠥᠷᠡᠨ ᠨᠠᠭᠤᠷ | ᠴᠥᠭᠦᠷᠥᠮ ᠤᠨ ᠪᠠᠶᠢᠭᠠᠯᠢ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠪᠠᠬᠢᠵᠢᠭᠦᠯᠵᠦ᠂ ᠠᠮᠢ ᠠᠬᠤᠢ ᠡᠷᠡᠭᠦᠯ ᠴᠢᠭᠢᠷᠠᠭ᠂ ᠣᠷᠴᠢᠨ ᠲᠣᠭᠤᠷᠢᠨ | ᠭᠤᠶᠢᠳᠠ ᠰᠠᠶᠢᠬᠠᠨ ᠵᠣᠯ ᠵᠢᠷᠭᠠᠯᠲᠤ ᠭᠤᠣᠯ ᠮᠥᠷᠡᠨ ᠨᠠᠭᠤᠷ ᠴᠥᠭᠦᠷᠥᠮ ᠢ ᠴᠣᠭᠴᠠᠯᠠᠨ ᠪᠠᠶᠢᠭᠤᠯᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢ | ᠬᠠᠮᠠᠭᠠᠯᠠᠬᠤ ᠪᠠ ᠵᠠᠰᠠᠨ ᠰᠡᠷᠭᠦᠭᠡᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠤᠨ᠎ᠠ᠃ | ᠳ᠋ᠦᠩᠱᠧᠩ ᠲᠣᠭᠤᠷᠢᠭ ᠤᠨ ᠭᠤᠣᠯ ᠮᠥᠷᠡᠨ ᠤ ᠤᠰᠤᠨ ᠤ ᠰᠢᠰᠲ᠋ᠧᠮ ᠤᠨ ᠲᠠᠷᠬᠠᠯᠲᠠ᠂ ᠤᠰᠤᠨ ᠤ ᠠᠮᠢ ᠠᠬᠤᠢ ᠶᠢᠨ ᠰᠢᠰᠲ᠋ᠧᠮ ᠤᠨ ᠣᠨᠴᠠᠯᠢᠭ ᠲᠠᠢ | ᠤᠶᠠᠯᠳᠤᠭᠤᠯᠤᠨ᠂ ᠪᠠᠶᠢᠭᠠᠯᠢ ᠶᠢᠨ ᠨᠠᠭᠤᠷ ᠴᠥᠭᠦᠷᠥᠮ ᠤᠨ ᠤᠰᠤᠨ ᠤ ᠰᠢᠰᠲ᠋ᠧᠮ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠬᠠᠮᠠᠭᠠᠯᠠᠵᠤ᠂ ᠠᠭᠤᠯᠠ ᠤᠰᠤ | ᠣᠶ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠡᠯᠡᠰᠦ ᠶᠢ ᠨᠢᠭᠡ ᠴᠣᠭᠴᠠᠵᠢᠭᠤᠯᠤᠭᠰᠠᠨ ᠠᠮᠢ ᠠᠬᠤᠢ ᠶᠢᠨ ᠠᠮᠤᠷ ᠲᠦᠪᠰᠢᠨ ᠤ ᠰᠢᠨ᠎ᠡ ᠪᠠᠶᠢᠷᠢᠰᠢᠯ ᠢ | ᠪᠠᠶᠢᠭᠤᠯᠤᠨ᠎ᠠ᠃ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠪᠠᠶᠢᠭᠠᠯᠢ ᠶᠢᠨ ᠠᠮᠢ ᠠᠬᠤᠢ ᠶᠢᠨ ᠣᠷᠣᠨ | ᠵᠠᠢ ᠶᠢᠨ ᠪᠦᠬᠦᠯᠢ ᠴᠣᠭᠴᠠ ᠶᠢᠨ ᠬᠠᠮᠠᠭᠠᠯᠠᠯᠲᠠ ᠶᠢ ᠴᠢᠩᠭᠠᠳᠬᠠᠵᠤ᠂ ︽ᠨᠢᠭᠡ ᠨᠠᠭᠤᠷ ᠨᠢᠭᠡ ᠴᠢᠯᠠᠭᠤᠯᠢᠭ ᠬᠤᠶᠠᠷ ᠣᠷᠣᠨ ᠣᠯᠠᠨ ᠴᠡᠭ ᠢ ᠰᠡᠷᠭᠦᠭᠡᠨ | ᠳᠡᠭᠡᠭᠰᠢᠯᠡᠭᠦᠯᠬᠦ︾ ᠶᠡᠷᠦᠩᠬᠡᠢ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠵᠠᠰᠠᠯᠲᠠ ᠶᠢᠨ ᠪᠠᠶᠢᠷᠢᠰᠢᠯ ᠢ ᠬᠦᠴᠦᠯᠡᠨ ᠪᠠᠶᠢᠭᠤᠯᠤᠨ᠎ᠠ᠃ | ᠲᠤᠭᠠᠴᠢᠯᠠᠭᠰᠡᠨ ᠢᠬᠡᠷ᠎ᠡ ᠤᠰᠤᠨ ᠤ ᠲᠣᠣᠷ ᠢ ᠪᠠᠶᠢᠭᠤᠯᠤᠨ᠎ᠠ | ᠳ᠋ᠦᠩᠱᠧᠩ ᠲᠣᠭᠤᠷᠢᠭ ᠤᠨ ᠤᠰᠤᠨ ᠠᠰᠢᠭᠯᠠᠯᠲᠠ ᠶᠢᠨ ᠬᠥᠭᠵᠢᠯᠲᠡ ᠶᠢᠨ ᠣᠳᠣᠬᠢ ᠪᠠᠶᠢᠳᠠᠯ ᠬᠢᠭᠡᠳ ᠮᠡᠳᠡᠭᠡ ᠵᠠᠩᠭᠢᠵᠢᠯᠲᠠ ᠶᠢᠨ ᠪᠦᠲᠦᠭᠡᠨ | ᠪᠠᠶᠢᠭᠤᠯᠤᠯᠲᠠ ᠶᠢᠨ ᠰᠠᠭᠤᠷᠢ ᠲᠠᠢ ᠤᠶᠠᠯᠳᠤᠭᠤᠯᠤᠨ᠂ ᠰᠢ ᠶᠢᠨ ᠫᠢᠩ ᠶᠡᠷᠦᠩᠬᠡᠢ ᠱᠦᠵᠢ ᠶᠢᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠢ ᠴᠢᠬᠤᠯᠠ ᠦᠵᠡᠯ | ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ︽ᠬᠡᠷᠡᠭᠴᠡᠭᠡ ᠪᠠᠷ ᠲᠠᠲᠠᠬᠤ᠂ ᠬᠡᠷᠡᠭᠯᠡᠬᠦ ᠶᠢ ᠳᠡᠭᠡᠳᠦᠯᠡᠬᠦ᠂ ᠲᠤᠭᠠᠴᠢᠯᠠᠯᠳᠠ ᠪᠠᠷ ᠡᠨᠧᠷᠭᠢ ᠣᠯᠭᠤᠬᠤ᠂ ᠴᠢᠳᠠᠪᠤᠷᠢ ᠶᠢ | ᠳᠡᠭᠡᠭᠰᠢᠯᠡᠭᠦᠯᠬᠦ︾ ᠱᠠᠭᠠᠷᠳᠠᠯᠭ᠎ᠠ ᠶᠢ ᠵᠢᠷᠤᠮᠯᠠᠨ᠂ ᠳ᠋ᠦᠩᠱᠧᠩ ᠲᠣᠭᠤᠷᠢᠭ ᠤᠨ ᠲᠤᠭᠠᠴᠢᠯᠠᠭᠰᠡᠨ ᠢᠬᠡᠷ᠎ᠡ ᠤᠰᠤᠨ ᠤ ᠲᠣᠣᠷ ᠤᠨ ᠪᠦᠲᠦᠭᠡᠨ ᠪᠠᠶᠢᠭᠤᠯᠤᠯᠲᠠ ᠶᠢ | ᠠᠬᠢᠭᠤᠯᠵᠤ᠂ ᠬᠤᠲᠠ ᠶᠢᠨ ᠲᠠᠰ ᠤᠨ ᠲᠤᠭᠠᠴᠢᠯᠠᠭᠰᠡᠨ ᠢᠬᠡᠷ᠎ᠡ ᠲᠠᠪᠴᠠᠩ ᠯᠤᠭ᠎ᠠ ᠬᠤᠯᠪᠣᠵᠤ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠳ᠋ᠦᠩᠱᠧᠩ | ᠲᠣᠭᠤᠷᠢᠭ ᠤᠨ ᠣᠶᠤᠨᠲᠤ ᠤᠰᠤᠨ ᠠᠰᠢᠭᠯᠠᠯᠲᠠ ᠶᠢᠨ ︽ᠬᠤᠶᠠᠷ ᠲᠣᠣᠷ ᠨᠢᠭᠡ ᠵᠢᠷᠤᠭ︾ ᠤᠨ ᠶᠡᠷᠦᠩᠬᠡᠢ ᠪᠠᠶᠢᠷᠢᠰᠢᠭᠤᠯᠤᠯᠲᠠ ᠶᠢᠨ ᠲᠣᠭᠤᠷᠢᠨ ᠳᠤ᠂ ᠤᠯᠤᠰ ᠤᠨ | ᠤᠰᠤᠨ ᠤ ᠲᠣᠣᠷ ᠵᠢᠴᠢ ᠣᠶᠤᠨᠲᠤ ᠤᠰᠤᠨ ᠠᠰᠢᠭᠯᠠᠯᠲᠠ ᠶᠢᠨ ᠳᠡᠭᠡᠳᠦ ᠳᠠᠪᠬᠤᠷᠭ᠎ᠠ ᠶᠢᠨ ᠵᠢᠷᠤᠭ ᠲᠥᠯᠥᠪᠯᠡᠭᠡ ᠶᠢᠨ ᠰᠡᠳᠬᠢᠴᠡ ᠬᠢᠭᠡᠳ ᠮᠡᠷᠭᠡᠵᠢᠯ ᠤᠨ | ᠱᠠᠭᠠᠷᠳᠠᠯᠭ᠎ᠠ ᠶᠢ ᠦᠨᠳᠦᠰᠦᠯᠡᠪᠡᠯ᠂ ᠮᠡᠳᠡᠭᠡ ᠵᠠᠩᠭᠢᠵᠢᠯᠲᠠ ᠶᠢᠨ ᠰᠠᠭᠤᠷᠢ ᠲᠦᠬᠦᠬᠡᠷᠦᠮᠵᠢ᠂ ᠲᠤᠭᠠᠴᠢᠯᠠᠭᠰᠡᠨ ᠢᠬᠡᠷ᠎ᠡ ᠲᠠᠪᠴᠠᠩ᠂ ᠲᠣᠬᠢᠷᠠᠭᠤᠯᠤᠨ ᠠᠵᠢᠯᠯᠠᠭᠤᠯᠵᠤ | ᠬᠡᠷᠡᠭᠯᠡᠬᠦ᠂ ᠰᠦᠯᠵᠢᠶᠡᠨ ᠤ ᠠᠮᠤᠷ ᠲᠦᠪᠰᠢᠨ ᠬᠢᠭᠡᠳ ᠬᠠᠮᠢᠶᠠᠷᠤᠯᠲᠠ ᠶᠢᠨ ᠪᠠᠲᠤᠯᠠᠭ᠎ᠠ ᠶᠢᠨ ᠲᠤᠭᠳᠠᠯᠴᠠᠭ᠎ᠠ ᠵᠡᠷᠭᠡ ᠲᠠᠯ᠎ᠠ ᠪᠠᠷ ᠤᠰᠤᠨ ᠠᠰᠢᠭᠯᠠᠯᠲᠠ ᠶᠢᠨ ᠰᠡᠷᠡᠬᠦᠢ | ᠰᠦᠯᠵᠢᠶ᠎ᠠ ᠪᠠ ᠤᠰᠤᠨ ᠠᠰᠢᠭᠯᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠶᠢ ᠲᠡᠭᠦᠯᠳᠡᠷᠵᠢᠭᠦᠯᠦᠨ᠎ᠡ᠃ ᠤᠰᠤᠨ ᠠᠰᠢᠭᠯᠠᠯᠲᠠ ᠶᠢᠨ ᠰᠡᠷᠡᠬᠦᠢ ᠰᠦᠯᠵᠢᠶ᠎ᠡ ᠪᠠ | ᠤᠰᠤᠨ ᠠᠰᠢᠭᠯᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ᠳᠤ ᠰᠠᠭᠤᠷᠢᠯᠠᠨ᠂ ᠲᠤᠭᠠᠴᠢᠯᠠᠯᠳᠠ᠂ ᠰᠦᠯᠵᠢᠶᠠᠵᠢᠯᠡᠯᠳᠠ᠂ ᠤᠶᠤᠨᠴᠢᠯᠠᠯᠳᠠ ᠪᠠᠷ ᠭᠤᠣᠯ ᠱᠤᠭᠤᠮ | ᠪᠣᠯᠭᠠᠵᠤ᠂ ᠲᠤᠭᠠᠴᠢᠯᠠᠭᠰᠡᠨ ᠠᠬᠤᠢ᠂ ᠤᠶᠤᠨᠴᠢᠯᠠᠭᠰᠡᠨ ᠳᠠᠭᠤᠷᠢᠶᠠᠮᠠᠯ᠂ ᠤᠨᠤᠴᠠᠳᠠᠢ ᠰᠢᠢᠳᠪᠦᠷᠢᠲᠦ ᠪᠣᠳᠣᠯᠭ᠎ᠠ ᠪᠠᠷ ᠵᠠᠮ ᠱᠤᠭᠤᠮ ᠪᠣᠯᠭᠠᠨ᠂ ᠭᠤᠣᠯ ᠤᠨ | ᠵᠠᠮ ᠤᠨ ᠲᠤᠭᠠᠴᠢᠯᠠᠭᠰᠡᠨ ᠢᠬᠡᠷ᠎ᠡ ᠰᠠᠭᠤᠷᠢ ᠬᠠᠪᠲᠠᠰᠤ᠂ ᠤᠰᠤᠨ ᠠᠰᠢᠭᠯᠠᠯᠲᠠ ᠶᠢᠨ ᠲᠤᠰᠬᠠᠢ ᠮᠡᠷᠭᠡᠵᠢᠯ ᠤᠨ ᠵᠠᠭᠪᠤᠷ ᠤᠨ ᠲᠠᠪᠴᠠᠩ᠂ ᠣᠶᠤᠨᠴᠢ ᠵᠠᠭᠪᠤᠷ ᠤᠨ | ᠲᠠᠪᠴᠠᠩ ᠪᠠ ᠮᠡᠳᠡᠯᠭᠡ ᠶᠢᠨ ᠲᠠᠪᠴᠠᠩ ᠢ ᠪᠦᠲᠦᠭᠡᠨ ᠪᠠᠶᠢᠭᠤᠯᠵᠤ᠂ ᠲᠤᠭᠠᠴᠢᠯᠠᠭᠰᠡᠨ ᠢᠬᠡᠷ᠎ᠡ ᠤᠰᠤᠨ ᠤ ᠲᠣᠣᠷ ᠨᠢᠭᠡ ᠵᠢᠷᠤᠭ ᠤᠨ ᠲᠠᠪᠴᠠᠩ ᠢ ᠪᠠᠶᠢᠭᠤᠯᠤᠨ᠎ᠠ᠃ | | | |