ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠬᠤᠷᠢᠶ᠎ᠠ ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠰᠢᠨ᠎ᠡ ᠤᠨ ᠤ ᠪᠠᠶᠠᠷ ᠤᠨ ᠦᠬᠡ
ᠨᠡᠶᠢᠲᠡᠯᠡᠭᠰᠡᠨ ᠴᠠᠭ᠄
2024/12/31
ᠨᠥᠬᠦᠳ ᠠ᠋᠂ ᠨᠠᠶᠢᠵᠠ ᠨᠠᠷ ᠡ᠄        ᠡᠳᠤᠷ ᠬᠤᠨᠤᠭ ᠦᠷᠬᠦᠯᠵᠢᠯᠡᠵᠤ ᠤᠨ ᠵᠢᠯ ᠤᠷᠴᠢᠮᠤᠢ᠃ ᠡᠨᠡᠬᠦ ᠬᠠᠭᠤᠴᠢᠨ ᠤᠨ ᠢᠶᠠᠨ ᠦᠳᠡᠵᠦ ᠰᠢᠨ᠎ᠡ ᠤᠨ ᠢᠶᠠᠨ ᠤᠭᠲᠤᠬᠤ ᠰᠠᠶᠢᠨ ᠰᠠᠶᠢᠬᠠᠨ ᠴᠠᠭ ᠮᠥᠴᠡ ᠳᠤ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠪᠦᠬᠦ ᠳᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ᠂ ᠳ᠋ᠦᠩᠱᠧᠩ ᠤᠨ ᠬᠥᠭᠵᠢᠯᠲᠡ ᠶᠢ ᠬᠠᠯᠠᠮᠵᠢᠯᠠᠨ ᠳᠡᠮᠵᠢᠵᠤ ᠪᠦᠬᠦᠢ ᠨᠠᠶᠢᠵᠠ ᠨᠠᠷ᠂ ᠪᠠᠶᠠᠷ ᠤᠨ ᠡᠳᠦᠷ ᠤᠨ ᠬᠤᠭᠤᠴᠠᠭᠠᠨ ᠳᠤ ᠦᠢᠯᠡᠳᠪᠦᠷᠢᠯᠡᠯ ᠤᠨ ᠡᠮᠦᠨ᠎ᠡ ᠹᠷᠣᠨᠲ ᠲᠤ ᠡᠷᠡᠯᠬᠡᠭᠯᠡᠨ ᠲᠡᠮᠡᠴᠡᠵᠦ᠂ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠥᠬᠦᠳ ᠲᠤ ᠰᠢᠨ᠎ᠡ  ᠤᠨ ᠤ ᠮᠡᠨᠳᠦᠴᠢᠯᠡᠯ ᠪᠠ ᠰᠠᠶᠢᠨ ᠰᠠᠶᠢᠬᠠᠨ ᠵᠥᠩᠨᠡᠯ ᠳᠡᠪᠰᠢᠬᠦᠯᠵᠤ ᠪᠠᠶᠢᠨ᠎ᠠ︕      ᠤᠳᠠᠯ ᠦᠭᠡᠢ ᠥᠩᠭᠡᠷᠡᠬᠦ ᠭᠡᠵᠦ ᠪᠠᠶᠢᠭ᠎ᠠ 2024 ᠣᠨ ᠪᠣᠯ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ ᠪᠣᠯᠣᠨ᠎ᠠ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠬᠦᠯᠦᠭᠰᠡᠨ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠂ ᠪᠢᠳᠡ ᠦᠷᠭᠦᠯᠵᠢᠯᠡᠨ ᠲᠡᠮᠡᠴᠡᠵᠦ᠂ ᠡᠷᠡᠮᠡᠬᠡᠶᠢᠯᠡᠨ ᠤᠷᠤᠭᠰᠢᠯᠠᠵᠤ᠂ ᠬᠦᠴᠢᠷ ᠪᠡᠷᠬᠡᠰᠢᠶᠡᠯ ᠲᠠᠢ ᠪᠥᠭᠡᠳ ᠪᠠᠶᠠᠷ ᠪᠠᠭ᠋ᠠᠳᠤᠯ ᠲᠠᠢ᠂ ᠥᠷᠢᠰᠦᠯᠳᠦᠭᠡᠨ ᠲᠠᠢ ᠪᠥᠭᠡᠳ ᠰᠢᠪᠲᠤᠯᠤᠯᠲᠠ ᠲᠠᠢ ᠪᠠᠶᠢᠵᠤ᠂ ᠯᠤᠲᠤ ᠶᠡᠭᠡ ᠠᠮᠵᠢᠯᠲᠠ ᠪᠦᠲᠦᠮᠵᠢ ᠣᠯᠵᠠᠢ᠃       ᠡᠨᠡ ᠨᠢᠭᠡ ᠵᠢᠯ ᠳᠤ᠂ ︽ᠬᠦᠰᠡᠯ ᠨᠠᠶᠢᠳᠠᠯᠭ᠎ᠠ ᠶᠢ ᠪᠠᠲᠤ ᠴᠡᠬᠡᠵᠢᠯᠡᠨ ᠡᠮᠦᠨ᠎ᠡ ᠨᠢ ᠶᠠᠪᠤᠵᠤ︾ ᠡᠷᠡᠯᠬᠡᠭᠯᠡᠨ ᠤᠷᠤᠭᠰᠢᠯᠠᠭᠰᠠᠨ ᠤᠯᠠ ᠮᠥᠷ   ᠰᠡᠶᠢᠯᠦᠬᠡᠰᠦᠳᠡᠢ᠃ ᠪᠢᠳᠡ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠠᠴᠢ ᠡᠨᠡᠷᠢᠯ ᠢ ᠰᠠᠨᠠᠨ ᠡᠷᠡᠯᠬᠡᠭᠯᠡᠨ ᠤᠷᠤᠭᠰᠢᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ  ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠᠷ ᠠᠵᠢᠯ ᠤᠨ ᠭᠤᠣᠯ ᠱᠤᠭᠤᠮ ᠪᠤᠯᠭᠠᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠠᠷ ᠦᠷ᠎ᠡ ᠠᠰᠢᠭ ᠢ ᠨᠡᠮᠡᠭᠳᠡᠬᠦᠯᠬᠦ ᠳᠤ ᠡᠨᠧᠷᠬᠢ ᠤᠯᠭᠤᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠣᠯᠣᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠭᠤᠶᠢᠪᠢᠰᠢ ᠦᠭᠡᠢ ᠰᠠᠶᠢᠲᠤᠷ ᠬᠢᠵᠦ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠭᠤᠷᠪᠠᠨ ᠳᠤᠭᠤᠷᠢᠭ ᠳᠥᠷᠪᠡᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠪᠥᠬᠦ ᠳᠤᠭᠤᠷᠢᠭ ᠪᠠᠷ ᠢᠶᠠᠨ ᠵᠣᠷᠢᠭᠲᠠᠢ ᠪᠠᠷ ᠡᠭᠦᠷᠭᠡᠯᠡᠨ᠂ ᠳᠦᠷᠢ ᠲᠥᠷᠬᠦ ᠱᠤᠭᠤᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠪᠠᠶᠢᠭᠠᠳ ᠠᠯᠢ ᠣᠯᠠᠨ ᠶᠡᠭᠡ ᠶᠠᠪᠤᠳᠠᠯ ᠴᠢᠬᠤᠯᠠ ᠶᠠᠪᠤᠳᠠᠯ ᠢ ᠪᠦᠲᠦᠭᠡᠵᠦ᠂ ᠠᠯᠢ ᠣᠯᠠᠨ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠬᠠᠷᠠᠯᠲᠠ ᠳᠠᠰᠢ  ᠡᠷᠴᠢ ᠬᠦᠴᠦᠨ ᠲᠠᠢ ᠲᠣᠮᠣ ᠠᠯᠬᠤᠮ ᠢ ᠠᠯᠬᠤᠪᠠ᠃       ᠡᠨᠡ ᠨᠢᠭᠡ ᠵᠢᠯ ᠳᠤ᠂ ︽ᠥᠭᠡᠷᠡᠴᠢᠯᠡᠯᠲᠡ ᠬᠢᠵᠦ ᠰᠢᠨ᠎ᠡ ᠶᠢ ᠡᠬᠦᠳᠤᠨ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ︾ ᠰᠦᠷ ᠳᠠᠯᠠᠶᠢᠴᠢᠳᠠᠢ ᠳᠠᠭᠤᠨ ᠴᠤᠤᠷᠢᠶᠠᠲᠤᠪᠠ᠃ ᠪᠢᠳᠡ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠮᠡᠯ ᠠᠰᠠᠭᠤᠳᠠᠯ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠴᠢᠨᠠᠭᠰᠢᠳᠠ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠯᠠᠪᠳᠠᠭᠤᠨ ᠪᠠᠲᠤᠲᠠᠢ ᠠᠬᠢᠭᠤᠯᠤᠨ᠂ ᠥᠭᠡᠷᠡᠴᠢᠯᠡᠯᠲᠡ ᠠᠴᠠ ᠬᠥᠳᠡᠯᠭᠡᠬᠦ ᠬᠦᠴᠦᠨ᠂ ᠰᠢᠨ᠎ᠡ ᠶᠢ ᠡᠭᠦᠳᠬᠦ ᠠᠴᠠ ᠠᠮᠢᠵᠢᠷᠠᠯ ᠤᠨ ᠬᠦᠴᠦᠨ ᠢ ᠲᠠᠰᠤᠷᠠᠯᠳᠡ ᠦᠭᠡᠢ ᠤᠯᠪᠠ᠃ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠵᠤ᠂ ︽ᠨᠢᠭᠡ ᠶᠠᠪᠤᠳᠠᠯ ᠢ ᠨᠢᠬᠡᠯᠡ ᠤᠳᠠᠭ᠎ᠠ ᠳᠡᠬᠡᠷ᠎ᠡ ᠭᠦᠢᠴᠡᠳᠬᠡᠬᠦ︾᠂ ︽ᠢᠲᠡᠭᠡᠮᠵᠢ + ᠪᠦᠬᠦᠨ ᠢ ᠣᠷᠣᠯᠠᠨ ᠭᠦᠢᠴᠡᠳᠬᠡᠬᠦ︾᠂ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠠᠯᠭᠠᠰᠤ ᠵᠡᠭᠡᠯᠢ ᠭᠤᠳᠤᠮᠵᠢ ᠳᠡᠶᠢᠰᠢ ᠪᠠᠭᠤᠯᠭᠠᠬᠤ︾ ᠵᠡᠷᠭᠡ ᠥᠭᠡᠷᠡᠴᠢᠯᠡᠯᠲᠡ ᠨᠢ ᠠᠵᠤ ᠠᠬᠤᠶᠢᠯᠠᠯ ᠤᠨ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠨᠠᠩ ᠳᠥᠭᠦᠮ ᠳᠥᠲᠡ᠂ ᠨᠠᠩ ᠥᠨᠳᠥᠷ ᠪᠦᠲᠦᠮᠵᠢᠲᠡᠶ ᠪᠤᠯᠭᠠᠨ᠂ ᠵᠠᠬ᠎ᠠ ᠳᠡᠯᠭᠡᠭᠦᠷ ᠢ ᠨᠠᠩ ᠠᠮᠢᠵᠢᠷᠠᠯ ᠤᠨ ᠬᠦᠴᠦᠨ ᠲᠠᠢ ᠪᠣᠯᠭᠠᠵᠤ᠂ ᠪᠥᠬᠦ ᠵᠢᠯ ᠳᠤ ᠵᠠᠬ᠎ᠠ ᠳᠡᠯᠭᠡᠭᠦᠷ ᠤᠨ ᠭᠤᠣᠯ ᠴᠣᠭᠴᠠ ᠶᠢ 1.4 ᠲᠦᠮᠡᠨ ᠡᠷᠦᠬᠡ ᠰᠢᠨ᠎ᠡ ᠪᠠᠷ ᠨᠡᠮᠡᠭᠳᠡᠬᠦᠯᠵᠤ᠂ ᠶᠡᠷᠦᠩᠬᠡᠢ ᠬᠡᠮᠵᠢᠶ᠎ᠡ ᠨᠢ ᠥᠪᠡᠷᠲᠡᠭᠡᠨ ᠵᠠᠰᠠᠬᠤ ᠣᠷᠣᠨ ᠤ ᠬᠤᠰᠢᠭᠤ ᠰᠢᠶᠠᠨ ᠲᠣᠭᠤᠷᠢᠭ ᠤᠨ ᠲᠡᠷᠢᠭᠦᠨ ᠳᠤ ᠣᠷᠣᠪᠠ᠃ ᠤᠯᠠᠨ ᠲᠦᠮᠡᠨ ᠤ ᠳᠡᠷᠭᠡᠳᠡᠬᠢ ᠣᠷᠣᠨ ᠰᠠᠭᠤᠴᠠ ᠶᠢᠨ ᠠᠰᠠᠭᠤᠳᠠᠯ ᠢ ᠲᠣᠬᠢᠲᠠᠢ ᠰᠢᠢᠳᠪᠦᠷᠢᠯᠡᠵᠦ᠂ ︽ᠭᠤᠷᠪᠠᠨ ᠬᠦᠴᠢᠷ︾ ᠠᠰᠠᠭᠤᠳᠠᠯ ᠢ ᠰᠢᠢᠳᠪᠦᠷᠢᠯᠡᠬᠦ᠂ ︽ᠪᠠᠳᠤᠯᠠᠨ ᠳᠤᠰᠢᠶᠠᠬᠤ ᠠᠰᠠᠷ︾᠂ ︽ᠪᠠᠳᠤᠯᠠᠨ ᠳᠤᠰᠢᠶᠠᠬᠤ ᠣᠷᠣᠨ ᠰᠠᠭᠤᠴᠠ︾ ᠵᠡᠷᠭᠡ ᠠᠵᠢᠯ ᠢᠯᠡᠳᠲᠡ ᠠᠬᠢᠴᠠ ᠲᠠᠢ ᠪᠣᠯᠵᠤ᠂ ᠬᠠᠭᠤᠴᠢᠨ ᠰᠠᠭᠤᠭᠠᠯᠢ ᠲᠣᠭᠤᠷᠢᠭ ᠢ ᠦᠬᠡᠷᠡᠴᠢᠯᠡᠨ᠂ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠦᠯᠡᠳᠡᠭᠳᠡᠯ ᠠᠰᠠᠭᠤᠳᠠᠯ ᠢ ᠴᠡᠭᠴᠡᠯᠡᠨ ᠵᠠᠰᠠᠵᠤ᠂ ᠨᠡᠩ ᠤᠯᠠᠨ ᠬᠠᠭᠤᠴᠢᠨ ᠭᠡᠷ ᠪᠠᠶᠢᠰᠢᠩ ᠢ ︽ᠰᠢᠨ᠎ᠡ ᠳᠦᠷᠰᠦ ᠪᠠᠶᠢᠳᠠᠯ ᠲᠠᠢ ᠪᠣᠯᠭᠠᠵᠤ︾᠂ ᠤᠯᠠᠨ ᠲᠦᠮᠡᠨ ᠤ ᠳᠡᠮᠵᠢᠯᠭᠡ᠂ ᠵᠠᠰᠠᠭ ᠤᠨ ᠣᠷᠳᠣᠨ ᠤ ᠠᠬᠢᠭᠤᠯᠤᠯ᠂ ᠵᠢᠵᠢᠭ ᠰᠠᠵᠢᠭ ᠬᠤᠪᠢᠷᠠᠯᠲᠠ ᠨᠢ ᠳ᠋ᠦᠩᠱᠧᠩ ᠤᠨ ᠣᠷᠣᠨ ᠰᠠᠭᠤᠴᠠ ᠶᠢᠨ ᠣᠷᠴᠢᠨ ᠨᠥᠬᠦᠴᠡᠯ ᠢ ᠨᠡᠩ ᠲᠠᠭᠠᠯᠠᠮᠵᠢᠲᠠᠢ ᠪᠣᠯᠭᠠᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠯᠬᠤᠴᠠ ᠶᠠᠪᠤᠬᠤ ᠲᠤᠳᠤᠮ ᠲᠦᠷᠭᠡᠳᠴᠦ᠂ ᠳᠤᠮᠳᠠᠳᠤ ᠤᠯᠤᠰ ᠤᠨ ᠠᠭᠤᠷᠬᠠᠢ ᠶᠢᠨ ᠶᠡᠭᠡ ᠰᠤᠷᠭᠠᠭᠤᠯᠢ ᠶᠢᠨ ᠥᠪᠥᠷ ᠮᠣᠩᠭᠤᠯ ᠤᠨ ᠰᠤᠳᠤᠯᠭᠠᠨ ᠤ ᠬᠦᠷᠢᠶᠡᠯᠡᠩ᠂ ᠤᠯᠤᠰ ᠤᠨ ᠨᠡᠭᠦᠷᠡᠰᠦᠲᠥ᠋ᠷᠥᠭᠴᠢ ᠶᠢᠨ ᠬᠡᠮᠵᠢᠯᠲᠡ ᠶᠢᠨ ᠣᠷᠳᠣᠰ ᠤᠨ ᠬᠤᠪᠢᠶᠠᠷᠢ ᠲᠥᠪ᠂ ᠳᠤᠮᠳᠠᠳᠤ ᠤᠯᠤᠰ ᠤᠨ ᠡᠨᠧᠷᠭᠢ ᠶᠢᠨ ᠠᠵᠤ ᠠᠬᠤᠢ ᠶᠢᠨ ᠰᠤᠳᠤᠯᠭᠠᠨ ᠤ ᠬᠦᠷᠢᠶᠡᠯᠡᠩ ᠤᠨ ᠥᠪᠥᠷ ᠮᠣᠩᠭᠤᠯ ᠤᠨ ᠬᠤᠪᠢᠶᠠᠷᠢ ᠬᠦᠷᠢᠶᠡᠯᠡᠩ ᠵᠡᠷᠭᠡ ᠰᠢᠨ᠎ᠡ ᠶᠢ ᠡᠭᠦᠳᠬᠦ ᠲᠠᠪᠴᠠᠩ ᠫᠠᠶᠢᠰᠠ ᠡᠯᠬᠦᠨ ᠨᠤᠳᠤᠭᠰᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠲᠠᠪᠴᠠᠩ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠭᠤᠷᠪᠠᠨ ᠵᠢᠯ ᠳᠤ ᠲᠤᠰ ᠲᠤᠰ 26%᠂ 67%᠂ 85% ᠪᠠᠷ ᠨᠡᠮᠡᠭᠳᠡᠵᠦ᠂ ᠪᠦᠬᠦ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠠᠭᠤᠨ ᠬᠦᠴᠦᠷᠬᠡᠭ ᠳᠤᠭᠤᠷᠢᠭ ᠤᠨ 24 ᠳ᠋ᠤᠬᠡᠷ ᠲᠤ  ᠳᠤᠳᠤᠷᠠᠵᠠᠢ︔ ᠪᠢᠳᠡ ᠬᠠᠮᠤᠭ ᠤᠨ ᠳᠡᠭᠡᠳᠦ ᠪᠠᠷᠢᠮᠵᠢᠶ᠎ᠠ ᠪᠠᠷ ᠴᠢᠳᠠᠪᠤᠷᠢᠲᠠᠨ ᠳᠤ ᠶᠣᠰᠣᠷᠬᠠᠭ ᠬᠠᠷᠠᠭᠠᠯᠵᠠᠯ ᠦᠵᠡᠭᠦᠯᠬᠦ ᠶᠢ ᠪᠠᠷᠢᠮᠳᠠᠯᠠᠨ᠂ ︽ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ 20 ᠵᠤᠷᠪᠤᠰ︾ ᠤᠨ ᠲᠥᠷᠥ ᠶᠢᠨ ᠪᠣᠳᠣᠯᠭ᠎ᠠ ᠶᠢᠨ ᠠᠰᠢᠭ ᠢ ᠭᠦᠢᠴᠡᠳ ᠪᠠᠳᠠᠷᠠᠭᠤᠯᠵᠤ᠂ ᠴᠢᠳᠠᠪᠤᠷᠢᠲᠠᠨ ᠤ ᠶᠡᠷᠦᠩᠬᠡᠢ ᠬᠡᠮᠵᠢᠶ᠎ᠡ 8 ᠲᠦᠮᠡ ᠶᠢ ᠳᠠᠪᠠᠵᠤ᠂ ᠳ᠋ᠦᠩᠱᠧᠩ ᠶᠠᠪᠤᠬᠤ ᠲᠤᠲᠤᠮ ᠡᠯ᠎ᠡ ᠲᠥᠷᠥᠯ ᠤᠨ ᠴᠢᠳᠠᠪᠤᠷᠢᠲᠠᠨ ᠤ ᠲᠡᠷᠢᠭᠦᠨ ᠰᠣᠩᠭᠤᠯᠲᠠ ᠶᠢᠨ ᠭᠠᠵᠠᠷ ᠪᠣᠯᠵᠤ ᠪᠠᠶᠢᠨ᠎ᠠ᠃       ᠡᠨᠡ ᠨᠢᠭᠡ ᠵᠢᠯ ᠳᠤ᠂ ︽ᠢᠲᠡᠭᠡᠯ ᠵᠣᠷᠢᠭ ᠢᠶᠠᠨ ᠪᠠᠲᠤᠳᠬᠠᠵᠤ᠂ ᠠᠵᠤ ᠠᠬᠤᠢ ᠶᠢ ᠠᠳᠬᠤᠬᠤ︾ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠪᠡ᠃ ᠪᠢᠳᠡ ᠬᠥᠭᠵᠢᠭᠦᠯᠦᠯᠲᠡ ᠪᠣᠯ ᠬᠠᠲᠠᠭᠤ ᠶᠣᠰᠣ ᠮᠥᠨ ᠭᠡᠳᠡᠭ ᠢ ᠪᠠᠷᠢᠮᠲᠠᠯᠠᠵᠤ᠂ ᠲᠦᠷᠦᠯ ᠵᠦᠢᠯ ᠢ ᠠᠳᠬᠤᠨ᠂ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠪᠦᠬᠦ ᠬᠤᠳᠠ ᠶᠢᠨ ᠠᠵᠤ ᠠᠬᠤᠢ ᠶᠢᠨ ᠬᠥᠭᠡᠭᠡᠵᠦ ᠭᠦᠢᠴᠡᠬᠦ ᠪᠠ ᠳᠠᠪᠠᠵᠤ ᠭᠠᠷᠬᠤ ᠶᠠᠪᠤᠴᠠ ᠳᠤ ︽ᠬᠤᠷᠳᠤᠴᠠ  ᠶᠢ ᠨᠡᠮᠡᠭᠳᠡᠭᠦᠯᠵᠦ︾᠂ ᠤᠯᠠᠨ ᠲᠦᠷᠦᠯ ᠤᠨ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠦᠷᠭᠦᠯᠵᠢᠯᠡᠨ ᠨᠡᠮᠡᠭᠳᠡᠬᠦᠯᠵᠤ᠂ ᠪᠦᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠤ ᠵᠠᠭᠤᠨ ᠬᠦᠴᠦᠷᠬᠡᠭ ᠳᠤᠭᠤᠷᠢᠭ ᠤᠨ 44 ᠳ᠋ᠤᠬᠡᠷ ᠪᠠᠶᠢᠷᠢᠨ ᠳᠤ ᠣᠷᠣᠵᠤ᠂ ᠪᠡᠯᠡ ᠣᠷᠣᠭᠤᠯᠤᠯᠲᠠ ᠶᠢᠨ ᠳᠠᠯᠳᠠ ᠬᠦᠴᠦᠨ ᠤ ᠵᠠᠭᠤᠨ ᠬᠦᠴᠦᠷᠬᠡᠭ ᠳᠤᠭᠤᠷᠢᠭ ᠤᠨ 23 ᠳ᠋ᠤᠭᠠᠷ ᠪᠠᠶᠢᠷᠢᠨ ᠳᠤ ᠣᠷᠣᠵᠤ᠂ ᠪᠠᠷᠠᠭᠤᠨ ᠣᠷᠣᠨ ᠤ ᠵᠠᠭᠤᠨ ᠬᠦᠴᠦᠷᠬᠡᠭ ᠳᠤᠭᠤᠷᠢᠭ ᠤᠨ 15 ᠳ᠋ᠤᠭᠠᠷ ᠪᠠᠶᠢᠷᠢᠨ ᠳᠤ ᠣᠷᠣᠪᠠ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠯᠤᠭ᠎ᠠ ᠨᠢᠭᠡ ᠴᠣᠭᠴᠠᠵᠢᠨ ᠬᠠᠮᠵᠢᠯᠴᠠᠨ ᠬᠥᠭᠵᠢᠬᠦ ᠶᠠᠪᠤᠳᠠᠯ ᠨᠡᠩ  ᠬᠦᠨᠵᠡᠬᠡᠶᠢᠷᠡᠨ᠂ ︽ᠰᠠᠯᠬᠢ ᠬᠡᠷᠡᠯ ᠳᠡᠷᠬᠡ ᠳᠡᠯᠬᠡᠴᠡ ᠨᠤᠤᠯᠤᠭᠤᠷ ᠮᠠᠲ᠋ᠧᠷᠢᠶᠠᠯ ᠤᠶᠤᠨᠳᠤ︾ ᠠᠵᠤ ᠦᠢᠯᠡᠰ ᠤᠨ ᠰᠦᠷᠦᠭᠵᠢᠯ ᠢ ᠲᠦᠷᠭᠡᠳᠬᠡᠨ ᠬᠡᠯᠪᠡᠷᠢᠵᠢᠭᠦᠯᠵᠦ᠂ ᠵᠢᠩ ᠣᠤ ᠶᠢᠨ ᠬᠡᠷᠡᠯ ᠸᠣᠯᠲ᠂ ᠵᠦᠵᠸᠦ ᠶᠢᠨ ᠴᠠᠭ ᠦᠶ᠎ᠡ ᠶᠢᠨ ᠰᠠᠯᠬᠢᠨ ᠬᠦᠴᠦᠨ ᠤ ᠮᠠᠰᠢᠨ ᠤ ᠢᠯᠲᠠᠰᠤ᠂ ᠸᠠᠨ ᠵᠢᠶᠧ ᠬᠡᠲᠦ  ᠪᠤᠳᠤᠯᠳᠠ ᠶᠢᠨ ᠲᠥᠪ ᠵᠡᠷᠭᠡ ᠲᠥᠷᠥᠯ ᠵᠦᠢᠯ ᠤᠷᠢᠳ ᠬᠤᠵᠢᠳ ᠠᠰᠢᠭᠯᠠᠯᠲᠠ ᠳᠤ ᠣᠷᠣᠵᠤ᠂ ᠣᠷᠳᠣᠰ ᠤᠨ ︽ᠳᠡᠬᠡᠳᠤ ᠰᠢᠨ᠎ᠡ ᠮᠡᠷᠬᠡᠵᠢᠯ ᠤᠨ ᠡᠨᠧᠷᠬᠢ ᠶᠢᠨ ᠰᠢᠨ᠎ᠡ ᠶᠢ ᠡᠬᠦᠳᠬᠦ ᠲᠦᠷᠦᠯ ᠵᠦᠢᠯ︾ ᠢ ᠲᠦᠯᠦᠪᠵᠢᠬᠦᠯᠦᠨ ᠪᠦᠳᠦᠬᠡᠨ ᠪᠠᠶᠢᠭᠤᠯᠵᠤ᠂ ᠨᠡᠭᠦᠷᠡᠰᠦ᠂ ᠨᠤᠤᠯᠤᠭᠤᠷ ᠨᠡᠬᠡᠮᠡᠯ ᠤᠨ ᠦᠢᠯᠡᠳᠬᠦᠨ᠂ ᠮᠠᠰᠢᠨ ᠲᠡᠷᠭᠡ᠂ ᠰᠠᠯᠬᠢᠨ ᠬᠦᠴᠦᠨ ᠤ ᠮᠠᠰᠢᠨ ᠤ ᠢᠯᠲᠠᠰᠤ᠂ ᠡᠯᠧᠺᠲᠷᠣᠨ ᠳᠡᠯᠭᠡᠴᠡ ᠵᠡᠷᠭᠡ ᠠᠵᠤ ᠦᠢᠯᠡᠳᠪᠦᠷᠢ ᠶᠢᠨ ᠦᠢᠯᠡᠳᠬᠦᠨ ᠲᠣᠭᠲᠠᠭᠤᠨ ᠢᠶᠠᠷ ᠨᠡᠮᠡᠭᠳᠡᠨ᠂ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠵᠠᠭᠤᠨ ᠬᠦᠴᠦᠷᠬᠡᠭ ᠳᠤᠭᠤᠷᠢᠭ ᠤᠨ ᠨᠡᠷᠡᠰ ᠤᠨ ᠵᠢᠭᠰᠠᠭᠠᠯᠲᠠ ᠳᠤ ᠣᠷᠣᠪᠠ᠃ ᠶᠠᠳᠠᠭᠤ ᠠᠴᠠ ᠠᠩᠬᠢᠵᠢᠷᠠᠭᠤᠯᠵᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠣᠨᠴᠠᠯᠢᠭᠲᠤ ᠴᠢᠨᠠᠷ ᠰᠠᠶᠢᠲᠠᠢ ᠲᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠳᠠ ᠬᠤᠳᠠ ᠶᠢᠨ ᠠᠷᠠᠳ ᠤᠨ ᠬᠦᠷᠢᠶᠡᠯᠡᠯ ᠢ ᠥᠷᠭᠡᠨ ᠢᠶᠠᠷ ᠣᠯᠵᠤ᠂ ᠰᠤᠳᠤᠯᠤᠨ ᠰᠤᠷᠤᠯᠴᠠᠬᠤ ᠰᠠᠭᠤᠷᠢᠨ ᠭᠠᠵᠠᠷ᠂ ᠵᠢᠮᠢᠰ ᠲᠡᠭᠦᠬᠦ ᠬᠦᠷᠢᠶᠡᠯᠡᠩ᠂ ᠳᠠᠷᠢᠶᠠᠴᠢᠨ ᠠᠶᠢᠯ ᠤᠨ ᠵᠤᠭᠠᠴᠠᠯ ᠨᠢ ᠵᠤᠭᠠᠴᠠᠭᠰᠠᠳ ᠤᠨ ᠰᠢᠨ᠎ᠡ ᠵᠤᠭᠠᠴᠠᠯ ᠤᠨ ᠭᠠᠵᠠᠷ ᠪᠣᠯᠵᠤ᠂ 27 ᠲᠣᠰᠬᠤᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ 2043 ᠲᠦᠮᠡᠨ ᠲᠥᠭᠦᠷᠢᠭ ᠲᠤ ᠬᠦᠷᠴᠦ᠂ ᠡᠶᠡᠯᠳᠡᠭ ᠨᠠᠶᠢᠷᠠᠮᠳᠠᠭᠤ ᠬᠥᠳᠡᠭᠡ ᠲᠣᠰᠬᠤᠨ ᠤ ᠬᠥᠭᠵᠢᠨ ᠴᠡᠴᠡᠭᠯᠡᠭᠰᠡᠨ ᠰᠢᠨ᠎ᠡ ᠪᠠᠶᠢᠳᠠᠯ ᠢᠯᠡᠷᠡᠵᠡᠢ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠠᠮᠢᠵᠢᠷᠠᠯ ᠤᠨ ᠬᠦᠴᠦᠨ ᠣᠷᠭᠢᠯᠤᠨ ᠪᠠᠳᠠᠷᠠᠵᠤ᠂ ᠬᠠᠭᠤᠴᠢᠨ ᠬᠤᠳᠠᠯᠳᠤᠭᠠᠨ ᠤ ᠲᠣᠭᠤᠷᠢᠭ ᠨᠢ ᠤᠯᠠᠮ ᠢᠶᠠᠷ ᠲᠠᠰ ᠳᠠᠪᠰᠢᠵᠤ᠂ ᠬᠤᠲᠠ ᠶᠢᠨ ᠬᠤᠳᠠᠯᠳᠤᠭᠠᠨ ᠤ ᠲᠥᠪ ᠲᠤ ᠬᠥᠮᠥᠨ ᠣᠯᠠᠨ ᠬᠤᠷᠠᠨ ᠴᠤᠭᠯᠠᠷᠠᠵᠤ᠂ ︽1980︾ ᠵᠡᠷᠭᠡ ᠥᠪᠡᠷᠮᠢᠴᠡ ᠣᠨᠴᠠᠯᠢᠭᠲᠤ 14 ᠵᠡᠭᠡᠯᠢ ᠲᠣᠭᠤᠷᠢᠭ ᠨᠢ ᠤᠯᠠᠨ ᠳᠤ ᠳᠠᠭᠠᠰᠢᠶᠠᠭᠳᠠᠵᠤ᠂ ︽ᠥᠪᠥᠷ ᠮᠣᠩᠭᠤᠯ ᠢᠶᠠᠷ ᠠᠶᠠᠯᠠᠨ ᠵᠤᠭᠠᠴᠠᠬᠤ︾ ︽21 ᠭᠷᠡᠳᠦ᠋ᠰ ᠤᠨ ᠰᠡᠷᠢᠬᠦᠬᠡᠨ ᠵᠤᠨ︾ ᠭᠡᠬᠦ ᠰᠢᠷᠢᠰ ᠰᠣᠶᠣᠯ ᠵᠢᠭᠤᠯᠴᠢᠯᠠᠯ ᠤᠨ ᠠᠵᠢᠯᠯᠠᠭ᠎ᠠ ᠭᠤᠶᠢᠳᠠ ᠰᠠᠶᠢᠬᠠᠨ ᠶᠠᠪᠤᠭᠳᠠᠵᠤ᠂ ᠪᠥᠬᠦ ᠵᠢᠯ ᠳᠤ 628.85 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠳ᠋ᠦᠩᠱᠧᠩ ᠶᠠᠭ ︽ᠢᠳᠡᠵᠦ ᠤᠤᠭᠤᠬᠤ ᠬᠤᠨᠣᠵᠤ ᠬᠡᠪᠲᠡᠬᠦ ᠶᠠᠪᠤᠵᠤ ᠰᠠᠭᠤᠬᠤ ᠵᠤᠭᠠᠴᠠᠨ ᠨᠠᠭᠠᠳᠬᠤ ᠬᠤᠳᠠᠯᠳᠤᠨ ᠠᠪᠬᠤ︾ ᠨᠢᠭᠡ ᠦᠷᠳᠡᠬᠡᠴᠢᠯᠡᠭᠰᠡᠨ ᠮᠠᠶ᠋ᠢᠭ ᠤᠨ ᠵᠢᠭᠤᠯᠴᠢᠯᠠᠯ ᠤᠨ ᠭᠠᠵᠠᠷ ᠪᠤᠯᠪᠠ᠃      ᠡᠨᠡ ᠨᠢᠭᠡ ᠵᠢᠯ ᠳᠤ᠂ ︽ᠨᠢᠬᠡ ᠮᠦᠴᠢᠷ ᠨᠢᠬᠡ ᠨᠠᠪᠴᠢ ᠶᠢ ᠴᠤ ᠬᠠᠯᠠᠮᠵᠢᠯᠠᠬᠤ︾ ᠠᠷᠠᠳ ᠤᠨ ᠲᠦᠯᠦᠬᠡ ᠬᠡᠮᠡᠬᠦ ᠤᠭ ᠰᠠᠨᠠᠭ᠎ᠠ ᠪᠠᠨ ᠬᠠᠷᠠᠭᠤᠯᠪᠠ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ 80% ᠠᠴᠠ ᠳᠡᠭᠡᠭᠰᠢᠬᠢ ᠶᠢ ᠠᠷᠠᠳ ᠤᠨ ᠠᠮᠢᠳᠤᠷᠠᠯ ᠤᠨ ᠬᠦᠷᠢᠶᠡᠨ ᠳᠤ ᠣᠷᠣᠭᠤᠯᠵᠤ᠂ ᠠᠯᠢ ᠤᠯᠠᠨ ᠬᠠᠯᠠᠭᠤᠨ ᠳᠤᠯᠠᠭᠠᠨ ᠪᠥᠭᠡᠳ ᠪᠣᠳᠠᠲᠤ ᠦᠷ᠎ᠡ ᠪᠦᠲᠦᠮᠵᠢ ᠲᠠᠢ ᠠᠷᠭ᠎ᠠ ᠬᠡᠮᠵᠢᠶ᠎ᠡ ᠠᠪᠴᠤ᠂ ᠠᠷᠠᠳ ᠤᠯᠠᠨ ᠢ ᠨᠡᠩ ᠤᠯᠠᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠲᠠᠢ ᠪᠣᠯᠭᠠᠪᠠ᠃ ᠪᠢᠳᠡ ᠰᠤᠷᠭᠠᠨ ᠬᠥᠮᠦᠵᠢᠯ ᠤᠨ ᠠᠵᠢᠯ ᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ᠂ ᠪᠦᠯᠦᠭᠴᠢᠯᠡᠭᠰᠡᠨ ᠥᠭᠡᠷᠡᠴᠢᠯᠡᠯᠲᠡ᠂ ᠪᠠᠭᠰᠢ ᠶᠢᠨ ᠡᠩᠨᠡᠭᠡ ᠶᠢ ᠪᠣᠶᠢᠵᠢᠭᠤᠯᠬᠤ ᠵᠡᠷᠭᠡ ᠠᠵᠢᠯ ᠢ ᠭᠦᠨᠵᠡᠭᠡᠢ ᠠᠬᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 88% ᠳᠤ ᠬᠦᠷᠦᠭᠦᠯᠵᠦ᠂ ᠪᠦᠯᠦᠭᠴᠢᠯᠡᠭᠰᠡᠨ ᠰᠤᠷᠭᠠᠭᠤᠯᠢ ᠡᠷᠭᠢᠯᠡᠬᠦ ᠬᠡᠪᠴᠢᠶ᠎ᠡ ᠶᠢ 48% ᠳᠤ ᠬᠦᠷᠦᠭᠦᠯᠵᠦ᠂ ᠰᠠᠭᠤᠷᠢ ᠰᠤᠷᠭᠠᠨ ᠬᠥᠮᠦᠵᠢᠯ ᠤᠨ ᠬᠢᠨᠠᠨ ᠬᠡᠮᠵᠢᠬᠦ ᠭᠦᠢᠴᠡᠳᠬᠡᠯ ᠲᠤᠭ᠎ᠠ ᠶᠢ ᠪᠥᠬᠦ ᠤᠯᠤᠰ ᠪᠠ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠭᠠᠪᠠ᠃ ᠪᠢᠳᠡ ︽  ᠬᠠᠶᠢᠷ᠎ᠠ ᠬᠠᠯᠠᠮᠵᠢᠳᠤ ᠢᠨᠵᠧᠨᠧᠷᠢᠩ︾ ᠢ ᠠᠷᠠᠳ ᠤᠨ ᠠᠮᠢᠳᠤᠷᠠᠯ ᠳᠤ ᠬᠤᠯᠪᠣᠭᠳᠠᠬᠤ ᠲᠡᠷᠢᠭᠦᠨ ᠴᠢᠬᠤᠯᠠ ᠶᠠᠪᠤᠳᠠᠯ ᠪᠣᠯᠭᠠᠵᠤ᠂ ᠢᠯᠴᠢ ᠬᠠᠩᠭᠠᠬᠤ ᠬᠤᠭᠤᠯᠠᠢ ᠲᠣᠣᠷ ᠢ 236.7 ᠺᠢᠯᠤᠮᠧᠲᠷ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠨ ᠪᠠᠶᠢᠭᠤᠯᠵᠤ᠂ ᠪᠠᠶᠢᠭᠠᠯᠢ ᠶᠢᠨ ᠰᠢᠲᠠᠮᠠᠬᠠᠢ ᠬᠡᠢ ᠶᠢ ᠪᠦᠬᠦᠨ ᠢ ᠪᠦᠷᠬᠦᠭᠦᠯᠬᠦ᠂ ᠠᠳᠠᠯ ᠠᠬᠤᠢ ᠶᠢᠨ ᠦᠢᠯᠡᠴᠢᠯᠡᠭᠡ ᠶᠢ ᠪᠦᠬᠦᠨ ᠢ ᠪᠦᠷᠬᠦᠭᠦᠯᠬᠦ ᠵᠡᠷᠭᠡ ᠠᠷᠠᠳ ᠤᠨ ᠰᠡᠳᠬᠢᠯ ᠤᠨ ᠠᠵᠢᠯᠯᠠᠭ᠎ᠠ ᠶᠢ ᠲᠦᠷᠭᠡᠨ ᠠᠬᠢᠭᠤᠯᠵᠤ᠂ 5 ᠲᠦᠮᠡᠨ ᠲᠣᠨ ᠤ ᠬᠠᠳᠤᠨ ᠭᠤᠣᠯ ᠤᠨ ᠤᠰᠤ ᠶᠢ ᠲᠠᠲᠠᠬᠤ ᠢᠨᠵᠧᠨᠧᠷᠢᠩ ᠤᠨ ᠤᠰᠤ ᠨᠡᠪᠳᠡᠷᠡᠬᠦᠯᠬᠦ ᠶᠢ ᠪᠡᠶᠡᠯᠡᠬᠦᠯᠵᠤ᠂ ᠳ᠋ᠦᠩᠱᠧᠩ ᠬᠤᠳᠠ ᠶᠢᠨ ᠲᠣᠭᠤᠷᠢᠭ ᠲᠤ ᠤᠰᠤ ᠳᠤᠲᠠᠭᠳᠠᠬᠤ ᠠᠰᠠᠭᠤᠳᠠᠯ ᠢ ᠲᠤᠶᠢᠯᠪᠤᠷᠢᠲᠠᠢ ᠰᠢᠢᠳᠪᠦᠷᠢᠯᠡᠪᠡ᠃ ᠪᠢᠳᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ ᠤᠷᠢᠳᠠᠪᠠᠷ ᠬᠢᠬᠦ ᠶᠢ ᠪᠠᠷᠢᠮᠲᠠᠯᠠᠵᠤ᠂ ︽ᠭᠤᠷᠪᠠᠨ ᠤᠮᠠᠷᠠᠳᠤ︾ ᠶᠢᠨ ᠢᠨᠵᠧᠨᠧᠷᠢᠩ᠂ ᠬᠠᠳᠤᠨ ᠭᠤᠣᠯ ᠤᠨ ᠳᠤᠬᠤᠢ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠠᠬᠢᠭᠤᠯᠵᠤ᠂ ᠬᠥᠬᠡ ᠣᠭᠲᠠᠷᠭᠤᠢ᠂ ᠬᠥᠬᠡᠮᠳᠦᠭ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠳᠤ ᠢᠯᠡᠳᠲᠡ ᠦᠷ᠎ᠡ ᠪᠦᠲᠦᠮᠵᠢ ᠣᠯᠵᠤ᠂ ᠪᠦᠬᠦ ᠤᠯᠤᠰ ᠤᠨ ᠪᠣᠬᠢᠷᠲᠤᠯ ᠦᠭᠡᠢ ᠬᠥᠭᠵᠢᠯᠲᠡ ᠶᠢᠨ ᠵᠠᠭᠤᠨ ᠬᠦᠴᠦᠷᠬᠡᠭ ᠳᠤᠭᠤᠷᠢᠭ ᠤᠨ 53 ᠳ᠋ᠤᠭᠠᠷ ᠢᠶᠠᠷ ᠰᠣᠩᠭᠤᠭᠳᠠᠵᠤ᠂ ᠲᠡᠭᠷᠢ ᠨᠢ ᠴᠡᠯᠮᠡᠭ ᠤᠰᠤ ᠨᠢ ᠲᠤᠩᠭᠠᠯᠠᠭ᠂ ᠡᠷᠭᠢ ᠨᠢ ᠨᠣᠭᠤᠭᠠᠨ ᠦᠵᠡᠮᠵᠢ ᠨᠢ ᠭᠤᠶᠤ ᠪᠤᠯᠵᠤ᠂ ᠦᠵᠡᠰᠬᠦᠯᠡᠩᠲᠦ ᠰᠠᠶᠢᠬᠠᠨ ᠳ᠋ᠦᠩᠱᠧᠩ ᠤᠨ ᠦᠩᠬᠡ ᠦᠵᠡᠮᠵᠢ ᠶᠢ ᠤᠯᠠᠮ ᠠᠴᠠ ᠤᠯᠠᠮ ᠭᠤᠸᠠᠯᠢᠭᠵᠢᠭᠤᠯᠪᠠ᠃ ᠪᠢᠳᠡ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠨᠳᠦᠰᠦᠨ ᠵᠣᠷᠢᠯᠲᠠ ᠶᠢ ᠦᠢᠯᠡᠳᠦᠯᠭᠡᠵᠢᠭᠦᠯᠵᠦ᠂ ︽ᠨᠠᠮ ᠤᠨ ᠪᠠᠶᠢᠭᠤᠯᠤᠯᠲᠠ ᠢᠶᠠᠷ ᠬᠦᠴᠦᠨ ᠢᠶᠠᠨ ᠲᠥᠪᠯᠡᠷᠡᠭᠦᠯᠦᠨ ᠠᠷᠠᠳ ᠤᠨ ᠠᠮᠢᠳᠤᠷᠠᠯ ᠳᠤ ᠦᠢᠯᠡᠴᠢᠯᠡᠬᠦ︾ ᠪᠠᠷ ᠳᠠᠮᠵᠢᠨ 312 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠢᠢᠳᠪᠦᠷᠢᠯᠡᠵᠦ᠂ ᠨᠡᠶᠢᠭᠡᠮ ᠲᠣᠭᠤᠷᠢᠭ ᠤᠨ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠠᠷ ᠨᠡᠶᠢᠭᠡᠮ ᠲᠣᠭᠤᠷᠢᠭ ᠤᠨ ᠵᠠᠰᠠᠯᠲᠠ ᠶᠢ ᠲᠡᠳᠬᠦᠵᠦ᠂ ︽ᠢᠲᠡᠭᠡᠮᠵᠢᠲᠦ ᠨᠠᠶᠢᠳᠠᠯᠭ᠎ᠠ ᠶᠢᠨ ᠳᠦᠷᠢᠮ︾ ᠤᠨ ᠠᠳᠠᠯ ᠠᠬᠤᠢ ᠶᠢᠨ ᠵᠠᠭᠪᠤᠷ ᠤᠨ ᠰᠢᠨ᠎ᠡ ᠶᠢ ᠡᠭᠦᠳᠴᠦ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠵᠤ ᠡᠨᠡᠬᠦ ᠬᠤᠳᠠ ᠶᠢ ᠥᠨᠳᠥᠷ ᠲᠦᠪᠰᠢᠨ ᠲᠠᠢ᠂ ᠨᠡᠩ ᠳᠤᠯᠠᠭᠠᠬᠠᠨ ᠪᠣᠯᠭᠠᠪᠠ᠃       ᠬᠦᠴᠢᠷ ᠪᠡᠷᠬᠡᠰᠢᠶᠡᠯ ᠶᠢᠨ ᠡᠮᠤᠨ᠎ᠡ ᠡᠷᠡᠰ ᠵᠤᠷᠢᠭ ᠢᠯᠡᠷᠡᠵᠤ᠂ ᠬᠠᠲᠠᠭᠤᠵᠢᠯ ᠳᠠᠪᠳᠠᠯᠳᠠ ᠪᠠᠷ ᠠᠮᠵᠢᠯᠲᠠ ᠣᠯᠣᠨ᠎ᠠ᠃ ᠥᠩᠭᠡᠷᠡᠭᠰᠡᠨ ᠨᠢᠭᠡ ᠵᠢᠯ ᠤᠨ ᠬᠢᠯᠪᠠᠷ ᠪᠤᠰᠤ ᠪᠠᠷ ᠣᠯᠣᠭᠰᠠᠨ ᠠᠮᠵᠢᠯᠲᠠ ᠪᠦᠲᠦᠮᠵᠢ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠶᠢᠨ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠪᠦᠬᠦ ᠳᠤᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠢᠷᠭᠠᠭᠤ ᠬᠠᠲᠠᠭᠤᠵᠢᠯᠲᠠᠢ ᠠᠵᠢᠯᠯᠠᠭᠰᠠᠨ ᠤ ᠦᠷ᠎ᠡ ᠳ᠋ᠦᠩ ᠮᠥᠨ᠃ ᠤᠯᠠᠨ ᠢᠶᠠᠷ ᠢᠶᠠᠨ ᠰᠢᠷᠭᠠᠭᠤ ᠬᠠᠲᠠᠭᠤᠵᠢᠯᠲᠠᠢ ᠠᠵᠢᠯᠯᠠᠵᠤ᠂ ᠴᠢᠷᠮᠠᠶᠢᠨ ᠲᠡᠮᠡᠴᠡᠵᠦ ᠬᠤᠪᠢ ᠨᠡᠮᠡᠷᠢ ᠦᠵᠡᠭᠦᠯᠵᠦ᠂ ᠲᠤᠩ ᠲᠦᠮᠡᠨ ᠬᠦᠮᠦᠰ ᠤᠨ ᠪᠣᠭᠤᠮᠲᠠ ᠰᠢᠪᠲᠤᠯᠬᠤ ᠳᠡᠮᠡᠴᠡᠯ ᠢᠶᠠᠷ᠂  ᠴᠢᠷᠮᠠᠶᠢᠨ ᠤᠷᠤᠭᠰᠢᠯᠠᠵᠤ ᠪᠠᠶᠢᠭ᠎ᠠ ᠳ᠋ᠦᠩᠱᠧᠩ ᠤᠨ ᠲᠦᠷᠬᠦ ᠶᠢ ᠪᠦᠳᠦᠬᠡᠮᠦᠢ︕      ᠴᠠᠭ ᠮᠦᠴᠡ ᠳᠠᠰᠤᠷᠠᠯᠳᠠ ᠦᠬᠡᠢ ᠦᠩᠬᠡᠷᠡᠵᠤ  ᠴᠢᠷᠮᠠᠶᠢᠯᠭ᠎ᠠ ᠳᠡᠮᠡᠴᠡᠯ ᠢᠶᠠᠷ ᠢᠷᠡᠬᠡᠳᠤᠢ ᠳᠤ ᠬᠦᠷᠦᠨᠡᠮ᠃ 2025 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢ ᠬᠡᠷᠡᠭᠵᠢᠬᠦᠯᠦᠨ ᠳᠠᠭᠤᠰᠬᠠᠬᠤ ᠵᠢᠯ ᠮᠥᠨ᠂ ᠪᠠᠰᠠ ᠴᠤ ᠠᠷᠪᠠᠨ ᠲᠠᠪᠤᠳᠤᠭᠠᠷ ᠲᠠᠪᠤᠨ ᠵᠢᠯ ᠤᠨ ᠲᠥᠯᠦᠪᠵᠢᠭᠦᠯᠭᠡ ᠶᠢᠨ ᠬᠥᠭᠵᠢᠯᠲᠡ ᠶᠢ ᠲᠥᠯᠥᠪᠯᠡᠨ ᠪᠠᠶᠢᠷᠢᠯᠠᠭᠤᠯᠬᠤ ᠵᠢᠯ ᠮᠥᠨ᠃ ᠰᠢᠨ᠎ᠡ ᠨᠢᠭᠡ ᠵᠢᠯ ᠳᠤ᠂ ᠪᠢᠳᠡ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠢ ᠬᠠᠮᠤᠭ ᠤᠨ ᠴᠢᠬᠤᠯᠠ ᠬᠠᠷᠠᠯᠳᠠ ᠪᠤᠯᠭᠠᠨ ᠪᠠᠷᠢᠮᠳᠠᠯᠠᠨ᠂ ︽ᠭᠤᠷᠪᠠᠨ ᠳᠤᠭᠤᠷᠢᠭ ᠲᠦᠷᠪᠡᠨ ᠬᠤᠳᠠ︾ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠨᠢᠭᠡ ᠭᠤᠣᠯ ᠰᠢᠵᠢᠮ ᠢ ᠲᠤᠤᠱᠯᠠᠭᠤᠯᠤᠨ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠢ ᠬᠥᠭᠵᠢᠭᠰᠡᠨ᠂ ᠠᠷᠠᠳ ᠤᠯᠠᠨ ᠪᠠᠶᠠᠵᠢᠭᠰᠠᠨ᠂ ᠠᠮᠢ ᠠᠬᠤᠢ ᠦᠵᠡᠰᠬᠦᠯᠡᠩᠲᠦ ᠰᠠᠶᠢᠬᠠᠨ ᠣᠳᠣᠬᠢᠴᠢᠯᠠᠯᠲᠠ ᠶᠢᠨ ᠳ᠋ᠦᠩᠱᠧᠩ ᠤᠨ ᠰᠢᠨ᠎ᠡ ᠢᠷᠡᠭᠡᠳᠦᠢ ᠶᠢ ᠪᠡᠶᠡᠯᠡᠭᠦᠯᠬᠦ ᠪᠠᠷ ᠬᠦᠴᠦᠯᠡᠨ ᠴᠢᠷᠮᠠᠶᠢᠬᠤ ᠬᠡᠷᠡᠭᠲᠡᠢ᠃ ᠪᠢᠳᠡ ᠴᠢᠨᠠᠷ ᠰᠠᠶᠢᠲᠠᠢ ᠬᠥᠭᠵᠢᠯᠲᠡ ᠪᠠᠷ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ ᠶᠢ ᠪᠠᠷᠢᠮᠲᠠᠯᠠᠵᠤ᠂ ᠠᠷᠭ᠎ᠠ ᠬᠡᠯᠪᠡᠷᠢ ᠶᠢ ᠬᠤᠪᠢᠷᠠᠭᠤᠯᠬᠤ᠂ ᠪᠦᠲᠦᠴᠡ ᠶᠢ ᠲᠣᠬᠢᠷᠠᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ ᠲᠠᠯ᠎ᠠ ᠪᠠᠷ ᠢᠳᠡᠪᠬᠢᠲᠡᠢ ᠪᠠᠷ ᠤᠷᠤᠭᠰᠢᠯᠠᠨ ᠳᠠᠪᠰᠢᠵᠤ᠂ ᠴᠢᠷᠮᠠᠶᠢᠨ ᠳᠠᠪᠠᠵᠤ᠂ ᠠᠵᠤ ᠠᠬᠤᠢ ᠶᠢᠨ ᠲᠣᠭᠲᠠᠭᠤᠨ ᠤ ᠳᠤᠮᠳᠠ ᠰᠠᠶᠢᠵᠢᠷᠠᠬᠤ ᠬᠠᠨᠳᠤᠰᠢ ᠶᠢ ᠦᠨᠡᠨᠬᠦ ᠪᠠᠬᠢᠵᠢᠭᠦᠯᠦᠨ ᠴᠢᠩᠭᠠᠳᠬᠠᠵᠤ᠂ ᠳ᠋ᠦᠩᠱᠧᠩ ᠤᠨ ᠬᠥᠭᠵᠢᠯᠲᠡ ᠶᠢ ᠲᠠᠰᠤᠷᠠᠯᠳᠡ ᠦᠭᠡᠢ ᠨᠡᠩ ᠠᠮᠢᠵᠢᠷᠠᠯ ᠤᠨ ᠬᠦᠴᠦᠨ ᠲᠠᠢ᠂ ᠨᠡᠩ ᠤᠶᠠᠨ ᠬᠠᠳᠠᠨ ᠴᠢᠨᠠᠷ ᠲᠠᠢ ᠪᠣᠯᠭᠠᠨ᠎ᠠ᠃ ᠪᠢᠳᠡ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠠᠮᠤᠷ ᠲᠦᠪᠰᠢᠨ ᠬᠦᠴᠢᠷ ᠵᠣᠪᠠᠭᠤᠷᠢ ᠶᠢ ᠢᠮᠠᠭᠲᠠ ᠰᠡᠳᠬᠢᠯ ᠳᠡᠭᠡᠨ ᠪᠤᠳᠤᠵᠤ᠂ ᠤᠯᠠᠨ ᠲᠦᠮᠡᠨ ᠤ ᠬᠦᠴᠢᠷᠳᠡᠯ ᠬᠠᠮᠢᠭ᠎ᠠ ᠪᠠᠶᠢᠬᠤ᠂ ᠬᠦᠰᠡᠯ ᠡᠷᠡᠮᠡᠯᠵᠡᠯ ᠬᠠᠮᠢᠭ᠎ᠠ ᠪᠠᠶᠢᠪᠠᠯ ᠠᠵᠢᠯ ᠢᠶᠠᠨ ᠲᠡᠨᠳᠡ ᠬᠦᠷᠲᠡᠯ᠎ᠡ ᠥᠷᠨᠢᠭᠦᠯᠵᠦ᠂ ᠨᠡᠩ ᠤᠯᠠᠨ ᠬᠠᠯᠠᠭᠤᠨ ᠳᠤᠯᠠᠭᠠᠨ ᠠᠷᠭ᠎ᠠ ᠬᠡᠮᠵᠢᠶ᠎ᠡ ᠪᠠ ᠠᠷᠠᠳ ᠤᠨ ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ ᠪᠠᠷ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠢ ᠨᠡᠩ ᠪᠢᠯᠬᠠᠮ᠎ᠠ᠂ ᠵᠣᠯ ᠵᠢᠷᠭᠠᠯᠲᠤ ᠲᠥᠷᠥᠭᠳᠡᠯ ᠢ ᠨᠡᠩ ᠦᠷᠬᠦᠯᠵᠢᠯᠡᠬᠦᠶᠢᠴᠡ᠂ ᠠᠮᠤᠷ ᠲᠦᠪᠰᠢᠨ ᠤ ᠲᠥᠷᠥᠭᠳᠡᠯ ᠢ ᠨᠡᠩ ᠪᠠᠲᠤᠯᠠᠭ᠎ᠠ ᠲᠠᠢ ᠪᠣᠯᠭᠠᠨ᠎ᠠ᠃       ᠪᠦᠯᠬᠦᠮᠳᠡᠭᠦᠯᠦᠨ ᠨᠢᠠᠠᠳᠠᠷᠠᠵᠤ ᠬᠦᠴᠦᠨ ᠢᠶᠠᠨ ᠲᠦᠪᠯᠡᠷᠡᠬᠦᠯᠦᠨ᠂ ᠪᠣᠳᠠᠲᠠᠢ ᠠᠵᠢᠯᠯᠠᠪᠠᠯ ᠠᠤᠭ᠎ᠠ ᠦᠢᠯᠡᠰ ᠢ ᠪᠦᠲᠦᠭᠡᠨ᠎ᠡ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠢᠯᠡᠬᠦᠦ ᠨᠢᠭᠲᠠᠷᠠᠨ ᠪᠦᠯᠬᠦᠮᠳᠡᠵᠦ᠂ ᠳᠡᠭᠡᠳᠦ ᠳᠣᠣᠷᠠᠳᠤ ᠱᠠᠲᠤ ᠪᠠᠷ ᠢᠶᠠᠨ ᠬᠦᠰᠡᠯ ᠢᠶᠠᠨ ᠨᠢᠭᠡᠳᠬᠡᠬᠦ᠂ ᠺᠠᠳ᠋ᠷ ᠤᠯᠠᠨ ᠲᠦᠮᠡᠨ ᠰᠡᠳᠬᠢᠯ ᠢᠶᠠᠨ ᠨᠢᠭᠡᠳᠬᠡᠬᠦ᠂ ᠠᠵᠢᠯ ᠶᠠᠪᠤᠳᠠᠯ ᠢ ᠵᠠᠪᠠᠯ ᠪᠡᠶᠡᠯᠡᠭᠦᠯᠬᠦ ᠪᠠᠷ ᠴᠢᠷᠮᠠᠶᠢᠬᠤ᠂ ᠪᠠᠶᠢᠯᠳᠤᠪᠠᠯ ᠵᠠᠪᠠᠯ ᠢᠯᠠᠬᠤ ᠰᠦᠷ ᠳᠠᠯᠠᠶᠢᠴᠠᠲᠠᠢ ᠬᠦᠴᠦᠨ ᠢ ᠳᠠᠰᠤᠷᠠᠯᠳᠠ ᠦᠭᠡᠢ ᠨᠢᠭᠲᠠᠷᠠᠭᠤᠯᠵᠤ᠂ ᠪᠣᠳᠠᠲᠠᠢ ᠶᠢ ᠡᠷᠬᠢᠮᠯᠡᠨ ᠲᠡᠷᠢᠭᠦᠨ ᠳᠤ ᠣᠷᠣᠬᠤ ᠪᠠᠷ ᠴᠢᠷᠮᠠᠶᠢᠨ᠂ ᠡᠷᠡᠯᠬᠡᠭᠯᠡᠨ ᠳᠡᠮᠡᠴᠡᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠠᠷᠠᠭᠤᠯ ᠳᠠᠷᠳᠠᠩ ᠵᠠᠮ ᠢᠶᠠᠷ ᠡᠷᠡᠯᠬᠡᠭᠯᠡᠨ ᠤᠷᠤᠭᠰᠢᠯᠠᠵᠠᠭᠠᠶ᠎ᠠ︕       ᠠᠭᠤᠤ ᠶᠡᠭᠡ ᠡᠬᠡ ᠤᠯᠤᠰ ᠤᠨ ᠢᠶᠠᠨ ᠤᠯᠠᠮ ᠢᠶᠠᠷ ᠴᠡᠴᠡᠭᠯᠡᠨ ᠮᠠᠨᠳᠤᠵᠤ᠂ ᠲᠦᠷᠦ ᠲᠦᠪᠰᠢᠨ ᠲᠦᠮᠡᠨ ᠠᠮᠤᠭᠤᠯᠠᠩ ᠪᠠᠶᠢᠬᠤ ᠶᠢ ᠵᠦᠩᠨᠡᠶ᠎ᠡ︕      ᠪᠦᠬᠦ ᠳᠤᠭᠤᠷᠢᠭ ᠤᠨ ᠠᠷᠠᠳ ᠲᠦᠮᠡᠨ ᠳᠤ ᠰᠢᠨ᠎ᠡ ᠤᠨ ᠤ ᠪᠠᠶᠠᠷ ᠬᠦᠷᠭᠡᠵᠦ᠂ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠢᠷᠦᠬᠡᠶ᠎ᠡ︕       ᠳ᠋ᠦᠩᠱᠧᠩ ᠤᠨ ᠮᠠᠷᠭᠠᠰᠢ ᠡᠳᠦᠷ ᠠᠴᠠ ᠡᠳᠦᠷ ᠥᠭᠡᠳᠡᠯᠡᠨ ᠮᠠᠨᠳᠤᠵᠤ᠂  ᠨᠡᠩ ᠰᠠᠶᠢᠨ ᠰᠠᠶᠢᠬᠠᠨ ᠪᠣᠯᠬᠤ ᠶᠢ ᠢᠷᠦᠭᠡᠶ᠎ᠡ︕ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ