| ᠳ᠋ᠦᠩᠱᠧᠩ ᠵᠠᠰᠠᠭ ᠠᠯᠪᠡᠨ ᠲᠠᠷᠬᠠᠭᠠᠭᠰᠡᠨ ﹇2024﹈ 43 ᠳ᠋ᠤᠭᠠᠷ ᠲᠣᠭᠠᠲᠤ | ᠬᠠᠨᠲᠠᠶ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠲᠤᠭᠤᠷᠢᠭ ᠤᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠢ ᠬᠡᠷᠡᠭᠵᠢᠭᠦᠯᠬᠦ ᠨᠠᠷᠢᠨ ᠳᠦᠷᠢᠮ︾ ︵ᠲᠢᠩᠬᠢᠮ ᠲᠠᠷᠬᠠᠭᠠᠭᠰᠠᠨ ﹇2019﹈ 51 ᠳ᠋ᠦ᠋ᠬᠡᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ︿ᠠᠵᠢᠯ ᠲᠥᠷᠥᠯ ᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠤ ᠠᠰᠠᠭᠤᠳᠠᠯ ᠢ ᠬᠠᠮᠢᠶᠠᠷᠬᠤ᠂ ᠲᠤᠬᠠᠶᠢᠯᠠᠭᠰᠠᠨ ᠠᠵᠢᠯ ᠢ ᠬᠠᠮᠢᠶᠠᠷᠬᠤ ᠳᠤ | ᠡᠷᠬᠡᠪᠰᠢ ᠠᠮᠤᠷ ᠲᠦᠪᠰᠢᠨ ᠤ ᠠᠰᠠᠭᠤᠳᠠᠯ ᠢ ᠬᠠᠮᠢᠶᠠᠷᠬᠤ᠂ ᠦᠢᠯᠡᠳᠪᠦᠷᠢᠯᠡᠯ ᠡᠵᠡᠩᠨᠡᠯᠲᠡ ᠶᠢ ᠬᠠᠮᠢᠶᠠᠷᠬᠤ ᠳᠤ ᠡᠷᠬᠡᠪᠰᠢ ᠠᠮᠤᠷ ᠲᠦᠪᠰᠢᠨ ᠤ ᠠᠰᠠᠭᠤᠳᠠᠯ ᠢ | ᠬᠠᠮᠢᠶᠠᠷᠬᠤ﹀ ᠠᠯᠢ ᠤᠯᠠᠨ ᠲᠣᠭᠲᠠᠭᠠᠯ ᠤᠳ ︵ᠥᠪᠥᠷ ᠮᠣᠩᠭᠤᠯ ᠤᠨ ᠠᠶᠤᠯᠬᠦᠢ ᠤᠶᠢᠯᠡᠳᠪᠤᠷᠢᠯᠠᠯ ᠤᠨ ᠵᠥᠪᠯᠡᠯ ﹇2023﹈ 18 ᠳ᠋ᠤᠭᠠᠷ ᠲᠣᠭᠠᠲᠤ︶︾ ᠢ | ᠦᠨᠳᠦᠰᠦᠯᠡᠨ᠂ ᠤᠳᠤ ᠰᠢᠶᠠᠨ ᠤ ᠱᠠᠲᠤᠨ ᠤ ᠤᠳᠤᠷᠢᠳᠤᠯᠭ᠎ᠠ ᠠᠴᠠ ᠠᠶᠤᠯᠲᠠᠢ ᠬᠢᠮᠢ ᠶᠢᠨ ᠪᠤᠳᠠᠰ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠠᠵᠤ | ᠠᠬᠤᠶᠢᠯᠠᠯ ᠤᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ ᠲᠠᠭᠠᠭᠠᠴᠢᠯᠠᠨ ᠬᠠᠷᠢᠯᠴᠠᠬᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ | ᠮᠡᠲᠦ ᠮᠡᠳᠡᠭᠳᠡᠶ᠎ᠡ᠄ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠣᠨ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ᠂ ᠨᠠᠮ | ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠬᠠᠷᠢᠭᠤᠴᠠᠯᠭ᠎ᠠ ᠪᠠᠨ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ︾ | ᠵᠠᠷᠴᠢᠮ ᠢ ᠦᠨᠳᠦᠰᠦᠯᠡᠨ᠂ ᠤᠳᠤᠷᠢᠳᠬᠤ ᠺᠠᠳ᠋ᠷ ᠤᠨ ᠲᠠᠭᠠᠭᠠᠴᠢᠯᠠᠨ ᠬᠠᠷᠢᠯᠴᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠶᠤᠯᠭᠦᠢ ᠬᠢᠮᠢ ᠶᠢᠨ ᠪᠣᠳᠠᠰ ᠤᠨ | ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠣᠭᠲᠠᠭᠤᠨ ᠢᠶᠠᠷ ᠰᠠᠶᠢᠵᠢᠷᠠᠬᠤ ᠶᠢ ᠦᠷᠭᠦᠯᠵᠢᠯᠡᠨ ᠠᠬᠢᠭᠤᠯᠤᠨ᠎ᠠ᠃ | ᠬᠤᠶᠠᠷ᠂ ᠲᠠᠭᠠᠭᠠᠴᠢᠯᠠᠨ ᠬᠠᠷᠢᠯᠴᠠᠬᠤ ᠬᠡᠪᠴᠢᠶ᠎ᠡ | ᠪᠥᠬᠦ ᠲᠤᠭᠤᠷᠢᠭ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠪᠤᠯᠬᠤ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ︵ᠳᠣᠷᠣᠭᠰᠢ ᠠᠵᠤ | ᠠᠬᠤᠶᠢᠯᠠᠯ ᠭᠡᠵᠦ ᠲᠣᠪᠴᠢᠯᠠᠨ᠎ᠠ︶᠃ | ᠭᠤᠷᠪᠠ᠂ ᠲᠠᠭᠠᠭᠠᠴᠢᠯᠠᠨ ᠬᠠᠷᠢᠯᠴᠠᠬᠤ ᠵᠠᠷᠴᠢᠮ | ᠰᠢᠶᠠᠨ ᠤ ᠱᠠᠲᠤᠨ ᠤ ᠤᠳᠤᠷᠢᠳᠬᠤ ᠨᠥᠬᠦᠳ ᠬᠦᠨᠳᠦ ᠶᠡᠭᠡ ᠠᠶᠤᠯ ᠤᠨ ᠡᠬᠢ ᠰᠤᠷᠪᠤᠯᠵᠢ ᠠᠵᠤ ᠠᠬᠤᠶᠢᠯᠠᠯ ᠤᠨ ᠠᠶᠤᠯᠬᠦᠢ ᠦᠢᠯᠡᠳᠪᠦᠷᠢᠯᠡᠯ ᠤᠨ ᠠᠵᠢᠯ ᠢ | ᠲᠠᠭᠠᠭᠠᠴᠢᠯᠠᠨ ᠬᠠᠷᠢᠯᠴᠠᠬᠤ ᠳᠤ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠵᠤ᠂ ᠭᠤᠣᠯᠳᠠᠯᠭ᠎ᠠ ᠶᠢ ᠲᠣᠪᠤᠶᠢᠯᠭᠠᠨ᠂ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠵᠤ᠂ ᠬᠢᠨᠠᠨ ᠬᠠᠪᠰᠤᠷᠬᠤ ᠶᠢ ᠨᠢᠭᠡ ᠴᠣᠭᠴᠠ ᠪᠣᠯᠭᠠᠬᠤ ᠶᠢ ᠪᠠᠷᠢᠮᠳᠠᠯᠠᠨ᠎ᠠ᠃ ᠲᠤᠭᠤᠷᠢᠭ ᠤᠨ ᠠᠶᠤᠯᠭᠦᠢ ᠤᠶᠢᠯᠡᠳᠪᠤᠷᠢᠯᠡᠯ ᠤᠨ ᠵᠥᠪᠯᠡᠯ ᠵᠢᠴᠢ | ᠲᠡᠭᠦᠨ ᠤ ᠡᠯ᠎ᠡ ᠲᠤᠰᠬᠠᠢ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠵᠢᠯᠣᠭᠤᠳᠤᠨ ᠵᠣᠬᠢᠴᠠᠭᠤᠯᠬᠤ᠂ ᠬᠢᠨᠠᠯᠲᠠ ᠲᠠᠯᠪᠢᠵᠤ ᠪᠠᠶᠢᠴᠠᠭᠠᠬᠤ᠂ ᠲᠣᠭᠤᠷᠢᠨ | ᠪᠠᠶᠢᠴᠠᠭᠠᠵᠤ ᠰᠢᠯᠭᠠᠨ ᠬᠢᠨᠠᠬᠤ ᠵᠡᠷᠭᠡ ᠠᠵᠢᠯ ᠢ ᠴᠢᠩᠭᠠᠷᠠᠭᠤᠯᠤᠨ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠠᠵᠤ ᠠᠬᠤᠶᠢᠯᠠᠯ ᠢ ᠲᠠᠭᠠᠭᠠᠴᠢᠯᠠᠨ ᠬᠠᠷᠢᠯᠴᠠᠬᠤ | ᠶᠢ ᠪᠠᠶᠢᠩᠭᠤᠵᠢᠭᠤᠯᠤᠨ ᠠᠶᠤᠯᠭᠦᠢ ᠶᠢᠨ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠶᠢ ᠰᠢᠮᠳᠠᠭᠤᠯᠵᠤ᠂ ᠠᠵᠢᠯ ᠳᠤᠮᠳᠠᠬᠢ ᠴᠢᠬᠤᠯᠠ ᠶᠡᠭᠡ ᠠᠰᠠᠭᠤᠳᠠᠯ ᠢ | ᠰᠤᠳᠤᠯᠤᠨ ᠰᠢᠢᠳᠪᠦᠷᠢᠯᠡᠨ᠎ᠡ᠃ | ᠳᠥᠷᠪᠡ᠂ ᠲᠠᠭᠠᠭᠠᠴᠢᠯᠠᠨ ᠬᠠᠷᠢᠯᠴᠠᠬᠤ ᠠᠭᠤᠯᠭ᠎ᠠ | ︵ᠨᠢᠭᠡ︶ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠬᠦᠢ ᠦᠢᠯᠡᠳᠪᠦᠷᠢᠯᠡᠯ ᠤᠨ ᠲᠤᠬᠠᠢ | ᠴᠢᠬᠤᠯᠠ ᠥᠭᠦᠯᠡᠯᠲᠡ ᠪᠣᠯᠣᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠦᠵᠡᠯ | ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠦᠵᠡᠯ ᠤᠬᠠᠮᠰᠠᠷ ᠦᠵᠡᠯᠲᠡ ᠶᠢᠨ ᠠᠰᠠᠭᠤᠳᠠᠯ ᠢ ᠰᠢᠢᠳᠪᠦᠷᠢᠯᠡᠵᠦ᠂ ᠬᠥᠭᠵᠢᠯᠲᠡ ᠪᠣᠯᠣᠨ ᠠᠶᠤᠯᠬᠦᠢ ᠶᠢᠨ | ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠠᠶᠤᠯᠬᠦᠢ ᠦᠢᠯᠡᠳᠪᠦᠷᠢᠯᠡᠯ ᠤᠨ ᠴᠢᠳᠠᠮᠵᠢ ᠪᠣᠯᠣᠨ ᠬᠢᠷᠢ ᠲᠦᠪᠰᠢᠨ ᠢ ᠲᠡᠭᠡᠭᠰᠢᠯᠡᠬᠦᠯᠦᠨ᠎ᠠ᠃ | ︵ᠬᠤᠶᠠᠷ︶ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠮᠢᠶ᠎ᠠ ᠪᠦᠬᠦᠢ | ᠠᠶᠤᠯᠬᠦᠢ ᠦᠢᠯᠡᠳᠪᠦᠷᠢᠯᠡᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠬᠦᠢ ᠦᠢᠯᠡᠳᠪᠦᠷᠢᠯᠡᠯ ᠤᠨ | ᠵᠥᠪᠯᠡᠯ ᠤᠨ ᠠᠷᠪᠠᠨ ᠲᠠᠪᠤᠨ ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ | ᠤ ᠬᠤᠯᠪᠣᠭᠳᠠᠯ ᠪᠦᠬᠦᠢ ᠠᠶᠤᠯᠬᠦᠢ ᠦᠢᠯᠡᠳᠪᠦᠷᠢᠯᠡᠯ ᠤᠨ ᠠᠵᠢᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ | ︵ᠭᠤᠷᠪᠠ︶ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠢ ᠵᠢᠯᠣᠭᠤᠳᠤᠨ ᠰᠢᠮᠳᠠᠭᠤᠯᠵᠤ ᠠᠶᠤᠯᠬᠦᠢ ᠦᠢᠯᠡᠳᠪᠦᠷᠢᠯᠡᠯ ᠤᠨ ᠨᠢᠭᠡᠳᠦᠭᠡᠷ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠭᠦᠯᠦᠨ᠎ᠡ᠃ ᠠᠵᠤ ᠠᠬᠤᠶᠢᠯᠠᠯ ᠤᠨ ᠪᠥᠬᠦ ᠠᠵᠢᠯᠲᠠᠨ ᠤ ᠠᠶᠤᠯᠬᠦᠢ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠬᠦ ᠪᠠ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠶᠤᠯᠬᠦᠢ ᠦᠢᠯᠡᠳᠪᠦᠷᠢᠯᠡᠯ ᠤᠨ ᠪᠠᠷᠢᠮᠵᠢᠶᠠᠵᠢᠯᠳᠠ ᠶᠢ | ᠡᠬᠦᠳᠴᠦ᠂ ᠬᠢᠮᠢ ᠶᠢᠨ ᠠᠵᠤ ᠦᠢᠯᠡᠳᠪᠦᠷᠢ ᠶᠢᠨ ᠶᠠᠪᠤᠴᠠ ᠶᠢᠨ ᠠᠶᠤᠯᠬᠦᠢ ᠶᠢᠨ ᠬᠠᠮᠢᠶᠠᠷᠤᠯᠲᠠ ᠶᠢ ᠠᠬᠢᠭᠤᠯᠤᠨ᠂ᠪᠦᠬᠦ ᠠᠵᠢᠯᠲᠠᠨ ᠤ ᠠᠮᠤᠷ ᠲᠦᠪᠰᠢᠨ ᠤ | ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠎ᠠ᠃ | ︵ᠳᠥᠷᠪᠡ︶ ᠠᠵᠤ ᠠᠬᠤᠶᠢᠯᠠᠯ ᠢ ᠵᠢᠯᠣᠭᠤᠳᠤᠨ ᠰᠢᠮᠳᠠᠭᠤᠯᠵᠤ ᠠᠶᠤᠯᠬᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠂ | ᠳᠦᠷᠢᠮ ᠲᠣᠭᠲᠠᠭᠠᠯ ᠪᠣᠯᠣᠨ ᠪᠠᠷᠢᠮᠵᠢᠶ᠎ᠠ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠢᠯᠡᠷᠡᠬᠦᠯᠦᠭᠰᠡᠨ ᠠᠵᠤ ᠠᠬᠤᠶᠢᠯᠠᠯ ᠤᠨ ᠬᠠᠤᠯᠢ ᠲᠣᠭᠲᠠᠭᠠᠯ ᠠᠴᠠ | ᠵᠥᠷᠢᠴᠡᠭᠰᠡᠨ ᠥᠢᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠷᠢᠭᠯᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠶᠠᠨ ᠪᠠᠶᠢᠭᠤᠯᠤᠨ ᠬᠠᠤᠯᠢ ᠶᠣᠰᠣᠭᠠᠷ | ᠴᠢᠩᠭ᠎ᠠ ᠰᠢᠢᠳᠪᠤᠷᠢᠯᠡᠨ᠎ᠠ᠃ | ︵ᠲᠠᠪᠤ︶ ᠠᠵᠤ ᠠᠬᠤᠶᠢᠯᠠᠯ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠬᠠᠷᠢᠭᠤᠴᠠᠯᠭ᠎ᠠ ᠶᠢᠨ ᠳᠦᠷᠢᠮ ᠢ | ᠪᠠᠶᠢᠭᠤᠯᠤᠭᠰᠠᠨ ᠪᠠᠶᠢᠳᠠᠯ᠂ ᠭᠤᠣᠯ ᠬᠠᠷᠢᠭᠤᠴᠠᠯᠭᠠᠲᠠᠨ᠂ ᠮᠡᠷᠭᠡᠵᠢᠯ ᠤᠨ ᠬᠠᠷᠢᠭᠤᠴᠠᠯᠭᠠᠲᠠᠨ᠂ ᠠᠵᠢᠯᠯᠠᠬᠤ ᠬᠠᠷᠢᠭᠤᠴᠠᠯᠭᠠᠲᠠᠨ ᠤ ᠠᠮᠤᠷ ᠲᠦᠪᠰᠢᠨ ᠤ | ᠪᠠᠲᠤᠯᠠᠭ᠎ᠠ ᠶᠢᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠵᠢᠴᠢ ᠠᠵᠤ ᠠᠬᠤᠶᠢᠯᠠᠯ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠭᠤᠯᠤᠮᠵᠢ ᠠᠴᠠ | ᠳᠠᠭᠠᠭᠠᠴᠢᠯᠠᠭᠰᠠᠨ ᠬᠠᠷᠢᠭᠤᠴᠠᠯᠭᠠᠲᠠᠨ ᠤ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ | ︵ᠵᠢᠷᠭᠤᠭ᠎ᠠ︶ ᠠᠵᠤ ᠠᠬᠤᠶᠢᠯᠠᠯ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠠᠶᠤᠯᠬᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠪᠣᠯᠣᠨ | ᠠᠵᠢᠯᠯᠠᠬᠤ ᠳᠦᠷᠢᠮ ᠢ ᠲᠣᠭᠲᠠᠭᠠᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠲᠡᠭᠦᠨ ᠤ | ᠬᠡᠷᠡᠭᠵᠢᠭᠦᠯᠦᠭᠳᠡᠬᠦ ᠶᠢ ᠪᠠᠳᠤᠯᠠᠨ᠎ᠠ᠃ | ︵ᠲᠤᠯᠤᠭ᠎ᠠ︶ ᠠᠵᠤ ᠠᠬᠤᠶᠢᠯᠠᠯ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠬᠠᠮᠢᠶᠠᠷᠤᠯᠳᠠ ᠪᠠ ᠠᠵᠢᠯᠯᠠᠭᠠᠨ ᠤ ᠪᠠᠶᠢᠷᠢ ᠶᠢᠨ ᠠᠵᠢᠯᠲᠠᠨ ᠳᠤ ᠬᠢᠬᠦ | ᠠᠶᠤᠯᠭᠦᠢ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ᠂ ᠠᠶᠤᠯᠭᠦᠢ ᠦᠢᠯᠡᠳᠪᠦᠷᠢᠯᠡᠯ ᠳᠤ ᠴᠢᠬᠤᠯᠠ ᠪᠦᠬᠦᠢ ᠠᠶᠤᠯᠭᠦᠢ ᠶᠢᠨ ᠣᠷᠣᠭᠤᠯᠤᠯᠲᠠ᠂ | ᠦᠢᠯᠡᠳᠪᠦᠷᠢᠯᠡᠯ ᠤᠨ ᠠᠶᠤᠯᠭᠦᠢ ᠶᠢᠨ ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠤᠷᠢᠳᠴᠢᠯᠠᠭᠰᠠᠨ ᠲᠥᠰᠥᠯ ᠵᠢᠴᠢ ᠰᠣᠷᠢᠯᠲᠠ ᠶᠢᠨ | ᠪᠠᠶᠢᠳᠠᠯ ᠢ ᠪᠠᠶᠢᠴᠠᠭᠠᠨ᠎ᠠ᠃ | ︵ᠨᠠᠢᠮᠠ︶ ᠠᠵᠤ ᠠᠬᠤᠶᠢᠯᠠᠯ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠢᠯᠭᠠᠨ ᠲᠠᠨᠢᠬᠤ᠂ ᠦᠨᠡᠯᠡᠨ ᠵᠢᠱᠢᠬᠦ᠂ ᠳᠠᠩᠰᠠᠯᠠᠬᠤ᠂ ᠬᠠᠷᠭᠤᠭᠤᠯᠤᠨ | ᠲᠠᠩᠰᠠᠨ ᠠᠴᠠ ᠬᠠᠰᠤᠬᠤ ᠵᠡᠷᠭᠡ ᠠᠵᠢᠯ᠂ ᠠᠶᠤᠯᠲᠠᠢ ᠬᠢᠮᠢ ᠶᠢᠨ ᠪᠣᠳᠠᠰ ᠤᠨ ᠳᠠᠩᠰᠠᠯᠠᠯᠲᠠ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠤᠨ ᠬᠦᠨᠳᠦ | ᠶᠡᠭᠡ ᠠᠶᠤᠯ ᠤᠨ ᠡᠬᠢ ᠰᠤᠷᠪᠤᠯᠵᠢ ᠶᠢᠨ ᠬᠤᠯᠪᠣᠭᠳᠠᠯ ᠪᠦᠬᠦᠢ ᠮᠡᠳᠡᠭᠡ ᠵᠠᠩᠭᠢ ᠶᠢ ᠲᠠᠭᠯᠠᠨ ᠮᠡᠳᠡᠭᠦᠯᠦᠭᠰᠡᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ | ︵ᠶᠢᠰᠦ︶ ᠠᠵᠤ ᠠᠬᠤᠶᠢᠯᠠᠯ ᠤᠨ ᠠᠮᠤᠷ ᠲᠦᠪᠰᠢᠨ ᠤ ᠲᠦᠭᠰᠢᠭᠦᠷᠢ ᠶᠢ ᠲᠠᠰ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ | ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠣᠭᠲᠠᠴᠠ ᠶᠢᠨ ᠪᠠᠶᠢᠭᠤᠯᠤᠯᠲᠠ ᠪᠠ ᠬᠡᠷᠡᠭᠵᠢᠭᠦᠯᠦᠭᠰᠡᠨ ᠪᠠᠶᠢᠳᠠᠯ᠂ ᠬᠦᠨᠳᠦ ᠶᠡᠭᠡ ᠠᠳᠡᠯ ᠤᠨ ᠳᠠᠯᠳᠠ | ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠭᠰᠠᠨ ᠵᠢᠴᠢ ᠴᠡᠭᠴᠡᠯᠡᠨ ᠰᠠᠶᠢᠵᠢᠷᠠᠭᠤᠯᠵᠤ ᠳ᠋ᠤᠭᠠᠷ ᠬᠠᠰᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠨ᠎ᠠ᠃ | ︵ᠠᠷᠪᠠ︶ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠠᠶᠤᠯᠲᠠᠢ ᠬᠢᠮᠢ ᠶᠢᠨ ᠪᠣᠳᠠᠰ ᠤᠨ ᠠᠶᠤᠯᠭᠦᠢ | ᠦᠢᠯᠡᠳᠪᠦᠷᠢᠯᠡᠯ ᠤᠨ ᠲᠦᠭᠰᠢᠭᠦᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠰᠢᠰᠲ᠋ᠧᠮ ᠤᠨ ᠠᠵᠢᠯᠯᠠᠭᠠᠨ ᠤ ᠪᠠᠶᠢᠳᠠᠯ᠂ ᠠᠵᠤ ᠠᠬᠤᠶᠢᠯᠠᠯ ᠤᠨ ᠬᠦᠨᠳᠦ | ᠶᠡᠭᠡ ᠠᠶᠤᠯ ᠤᠨ ᠡᠬᠢ ᠰᠤᠷᠪᠤᠯᠵᠢ ᠶᠢᠨ ᠠᠶᠤᠯᠭᠦᠢ ᠠᠵᠢᠯᠯᠠᠭᠠᠨ ᠤ ᠪᠠᠶᠢᠳᠠᠯ ᠢ ᠰᠦᠯᠵᠢᠶᠡᠨ ᠳᠡᠭᠡᠷ᠎ᠡ ᠲᠣᠭᠤᠷᠢᠨ ᠪᠠᠶᠢᠴᠠᠭᠠᠵᠤ ᠰᠤᠭᠤᠴᠢᠨ ᠪᠠᠶᠢᠴᠠᠭᠠᠭᠰᠠᠨ | ᠪᠠᠶᠢᠳᠠᠯ᠂ ᠠᠵᠤ ᠠᠬᠤᠶᠢᠯᠠᠯ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢᠨ ᠠᠶᠤᠯᠲᠠᠢ ᠬᠢᠮᠢ ᠶᠢᠨ ᠪᠣᠳᠠᠰ ᠤᠨ ᠠᠵᠤ ᠠᠬᠤᠶᠢᠯᠠᠯ ᠳᠤ ᠬᠢᠨᠠᠯᠲᠠ ᠲᠠᠯᠪᠢᠵᠤ | ᠪᠠᠶᠢᠴᠠᠭᠠᠭᠰᠠᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ | ︵ᠠᠷᠪᠠᠨ ᠨᠢᠭᠡ︶ ᠠᠵᠤ ᠠᠬᠤᠶᠢᠯᠠᠯ ᠢ ᠵᠢᠯᠣᠭᠤᠳᠤᠨ ᠬᠠᠪᠰᠤᠷᠴᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠲᠠᠢ | ᠠᠰᠠᠭᠤᠳᠠᠯ ᠢ ᠨᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠤᠨ ᠠᠶᠤᠯᠭᠦᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠤᠭᠤᠷᠢᠨ ᠪᠠ ᠨᠥᠬᠦᠴᠡᠯ ᠢ | ᠬᠠᠩᠭᠠᠨ᠎ᠠ᠃ | ︵ᠠᠷᠪᠠᠨ ᠬᠤᠶᠠᠷ︶ ᠮᠠᠨ ᠤ ᠲᠤᠭᠤᠷᠢᠭ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠠᠮᠤᠷ ᠲᠦᠪᠰᠢᠨ ᠦᠲ᠋ᠠᠭᠠᠭᠠᠴᠢᠯᠠᠨ ᠬᠠᠷᠢᠯᠴᠠᠬᠤ ᠳᠤ ᠣᠷᠣᠭᠤᠯᠬᠤ | ᠴᠢᠬᠤᠯᠠᠲᠠᠢ ᠪᠤᠰᠤᠳ ᠠᠵᠢᠯ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠲᠠᠭᠠᠭᠠᠴᠢᠯᠠᠨ ᠬᠠᠷᠢᠯᠴᠠᠬᠤ ᠪᠠᠶᠢᠭ᠎ᠠ ᠬᠠᠷᠢᠭᠤᠴᠠᠯᠭᠠᠲᠠᠨ ᠨᠢ ᠰᠢ ᠶᠢᠨ ᠫᠢᠩ ᠶᠡᠷᠦᠩᠬᠡᠢ ᠱᠦᠵᠢ ᠶᠢᠨ ᠠᠶᠤᠯᠭᠦᠢ ᠦᠢᠯᠡᠳᠪᠦᠷᠢᠯᠡᠯ ᠤᠨ ᠲᠤᠬᠠᠢ | ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠢᠶᠠᠨ ᠤ ᠱᠠᠲᠤᠨ ᠤ ᠤᠳᠤᠷᠢᠳᠬᠤ ᠺᠠᠳ᠋ᠷᠴᠤᠳ ᠤᠨ ᠬᠦᠨᠳᠦ ᠶᠡᠭᠡ | ᠠᠶᠤᠯᠲᠠᠢ ᠬᠢᠮᠢ ᠶᠢᠨ ᠪᠣᠳᠠᠰ ᠤᠨ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠠᠵᠤ ᠠᠬᠤᠶᠢᠯᠠᠯ ᠢ ᠲᠠᠭᠠᠭᠠᠴᠢᠯᠠᠨ ᠬᠠᠷᠢᠯᠴᠠᠬᠤ ᠶᠢ ᠨᠠᠶᠢᠳᠠᠪᠤᠷᠢᠵᠢᠭᠤᠯᠬᠤ ᠶᠢᠨ | ᠴᠢᠬᠤᠯᠠ ᠠᠴᠢ ᠬᠤᠯᠪᠣᠭᠳᠠᠯ ᠢ ᠭᠦᠨᠵᠡᠭᠡᠢ ᠤᠶᠢᠯᠠᠭᠠᠨ᠎ᠠ᠃ ᠰᠢᠶᠠᠨ ᠤ ᠱᠠᠲᠤᠨ ᠤ ᠲᠠᠭᠠᠭᠠᠴᠢᠯᠠᠨ ᠬᠠᠷᠢᠯᠴᠠᠬᠤ ᠪᠠᠶᠢᠭ᠎ᠠ ᠤᠳᠤᠷᠢᠳᠤᠯᠭ᠎ᠠ ᠲᠠᠭᠠᠭᠠᠴᠢᠯᠠᠭᠰᠡᠨ ᠠᠵᠤ | ᠠᠬᠤᠶᠢᠯᠠᠯ ᠳᠤ ᠬᠦᠨᠵᠡᠬᠡᠶᠢᠷᠡᠬᠦ ᠤᠳᠠᠭ᠎ᠠ ᠨᠢ ᠬᠠᠭᠠᠰ ᠵᠢᠯ ᠳᠤ ᠨᠢᠭᠡ ᠠᠴᠠ ᠳᠤᠲᠠᠭᠤ ᠪᠠᠶᠢᠵᠤ ᠪᠣᠯᠬᠤ ᠦᠭᠡᠢ᠂ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ | ᠴᠢᠭ ᠪᠠ ᠰᠡᠷᠭᠡᠭ ᠴᠠᠭ ᠬᠤᠭᠤᠴᠠᠭᠠᠨ ᠳᠤ ᠲᠠᠭᠠᠭᠠᠴᠢᠯᠠᠨ ᠬᠠᠷᠢᠯᠴᠠᠬᠤ ᠪᠠᠶᠢᠭ᠎ᠠ ᠠᠵᠢᠯᠯᠠᠭ᠎ᠠ ᠶᠢ ᠴᠠᠭ ᠲᠤᠬᠠᠢ ᠳᠤᠨᠢ ᠦᠷᠨᠢᠬᠦᠯᠦᠨ᠎ᠠ᠃ | ︵ᠬᠤᠶᠠᠷ︶ ᠲᠠᠭᠠᠭᠠᠴᠢᠯᠠᠨ ᠬᠠᠷᠢᠯᠴᠠᠬᠤ ᠪᠠᠶᠢᠭ᠎ᠠ ᠬᠠᠷᠢᠭᠤᠴᠠᠯᠭᠠᠲᠠᠨ ᠨᠢ ᠤᠬᠠᠭᠤᠯᠤᠨ ᠲᠤᠤᠱᠯᠠᠭᠤᠯᠬᠤ ᠪᠣᠯᠪᠠᠰᠤᠷᠠᠭᠤᠯᠤᠯ᠂ ᠪᠠᠶᠢᠴᠠᠭᠠᠨ ᠰᠤᠳᠤᠯᠤᠯᠲᠠ ᠬᠢᠬᠦ᠂ | ᠰᠡᠳᠬᠢᠯ ᠤᠨ ᠦᠭᠡ ᠪᠠᠨ ᠬᠡᠯᠡᠯᠴᠡᠨ ᠶᠠᠷᠢᠯᠴᠠᠬᠤ᠂ ᠲᠤᠬᠠᠢ ᠶᠢᠨ ᠲᠠᠯᠠᠪᠤᠷ ᠲᠤ ᠬᠤᠷᠠᠯ ᠬᠢᠬᠦ᠂ ᠲᠤᠰᠬᠠᠢ ᠲᠦᠷᠦᠯ ᠤᠨ ᠪᠠᠶᠢᠴᠠᠭᠠᠯᠳᠠ ᠬᠢᠬᠦ ᠵᠡᠷᠭᠡ ᠠᠷᠭ᠎ᠠ | ᠮᠠᠶ᠋ᠢᠭ ᠢᠶᠠᠷ ᠲᠠᠭᠠᠭᠠᠴᠢᠯᠠᠨ ᠬᠠᠷᠢᠯᠴᠠᠵᠤ ᠪᠠᠶᠢᠭ᠎ᠠ ᠠᠵᠢᠯ ᠢ ᠦᠷᠨᠢᠬᠦᠯᠦᠨ᠎ᠠ᠃ ᠴᠢᠬᠤᠯᠠ ᠲᠠᠢ ᠦᠶ᠎ᠡ ᠳᠤ ᠠᠮᠤᠷ ᠲᠦᠪᠰᠢᠨ ᠤ ᠲᠤᠰᠬᠠᠢ ᠮᠡᠷᠭᠡᠵᠢᠯᠲᠡᠨ ᠪᠤᠶᠤ | ᠭᠤᠷᠪᠠᠳᠠᠭᠢ ᠡᠲᠡᠭᠡᠳ ᠤᠨ ᠠᠮᠤᠷ ᠲᠦᠪᠰᠢᠨ ᠤ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢ ᠤᠷᠢᠵᠤ ᠬᠠᠮᠵᠢᠯᠴᠠᠨ ᠠᠵᠢᠯ ᠥᠷᠨᠢᠭᠦᠯᠵᠦ᠂ ᠲᠠᠭᠠᠭᠠᠴᠢᠯᠠᠨ | ᠬᠠᠷᠢᠯᠴᠠᠬᠤ ᠬᠠᠷᠢᠭᠤᠴᠠᠯᠭ᠎ᠠ ᠶᠢ ᠦᠨᠡᠨᠬᠦ ᠰᠠᠶᠢᠲᠤᠷ ᠭᠦᠢᠴᠡᠳᠬᠡᠨ᠎ᠡ᠃ ᠲᠠᠭᠠᠭᠠᠴᠢᠯᠠᠨ ᠬᠠᠷᠢᠯᠴᠠᠬᠤ ᠠᠵᠤ ᠠᠬᠤᠶᠢᠯᠠᠯ ᠨᠢ ᠦᠢᠯᠡᠳᠪᠦᠷᠢ ᠶᠢᠨ ᠲᠣᠭᠤᠷᠢᠭ ᠤᠨ | ᠡᠭᠦᠳᠡᠨ ᠳᠡᠭᠡᠷᠡᠬᠢ ᠢᠯᠡ ᠪᠠᠶᠢᠷᠢᠨ ᠳᠤ ᠤᠳᠤᠷᠢᠳᠬᠤ ᠺᠠᠳ᠋ᠷ ᠤᠨᠲ᠋ᠠᠭᠠᠭᠠᠴᠢᠯᠠᠨ ᠬᠠᠷᠢᠯᠴᠠᠬᠤ ᠨᠡᠶᠢᠲᠡᠯᠡᠬᠦ ᠫᠠᠶᠢᠰᠠ ᠶᠢ ᠡᠯᠭᠦᠵᠦ᠂ ᠨᠡᠶᠢᠭᠡᠮ ᠤᠨ ᠤᠯᠠᠨ ᠲᠦᠮᠡᠨ ᠪᠠ | ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠬᠢᠨᠠᠯᠲᠠ ᠶᠢ ᠬᠦᠯᠢᠶᠠᠨ᠎ᠠ᠃ | ︵ᠭᠤᠷᠪᠠ︶ ᠲᠠᠭᠠᠭᠠᠴᠢᠯᠠᠨ ᠬᠠᠷᠢᠯᠴᠠᠵᠤ ᠪᠠᠶᠢᠭ᠎ᠠ ᠤᠳᠤᠷᠢᠳᠬᠤ ᠺᠠᠳ᠋ᠷ ᠬᠤᠪᠢᠷᠠᠯᠲᠠ ᠭᠠᠷᠪᠠᠯ᠂ ᠵᠣᠬᠢᠬᠤ ᠠᠵᠢᠯ ᠤᠨ ᠪᠠᠶᠢᠷᠢ ᠶᠢᠨ ᠡᠭᠦᠷᠭᠡ | ᠬᠠᠷᠢᠭᠤᠴᠠᠯᠭ᠎ᠠ ᠲᠠᠢ ᠠᠵᠢᠯᠲᠠᠨ ᠨᠢ ᠥᠪᠡᠷ ᠢᠶᠠᠨ ᠨᠥᠬᠦᠪᠦᠷᠢᠯᠡᠨ᠎ᠡ᠂ ᠠᠰᠲᠠᠭᠠᠨ ᠪᠢᠴᠢᠭ ᠢᠶᠠᠷ ᠮᠡᠳᠡᠭᠳᠡᠬᠦ ᠦᠭᠡᠢ︔ᠬᠡᠷᠪᠡ ᠰᠢᠨ᠎ᠡ ᠪᠠᠷ ᠬᠦᠨᠳᠦ ᠶᠡᠭᠡ ᠠᠶᠤᠯ ᠤᠨ | ᠡᠬᠢ ᠰᠤᠷᠪᠤᠯᠵᠢ ᠠᠵᠤ ᠠᠬᠤᠶᠢᠯᠠᠯ ᠨᠡᠮᠡᠭᠳᠡᠪᠡᠯ᠂ ᠪᠣᠳᠠᠲᠤ ᠪᠠᠶᠢᠳᠠᠯ ᠢᠶᠠᠨ ᠦᠨᠳᠦᠰᠦᠯᠡᠨ ᠲᠣᠬᠢᠷᠠᠭᠤᠯᠤᠯᠲᠠ ᠬᠢᠨ᠎ᠡ᠃ | ᠳᠠᠭᠠᠯᠳᠤᠭᠤᠯᠤᠯ᠄ ᠰᠢᠶᠠᠨ ᠤ ᠱᠠᠲᠤᠨ ᠤ ᠤᠳᠤᠷᠢᠳᠬᠤ ᠺᠠᠳ᠋ᠷ ᠤᠨᠲ᠋ᠠᠭᠠᠭᠠᠴᠢᠯᠠᠨ ᠬᠠᠷᠢᠯᠴᠠᠬᠤ ᠠᠵᠤ ᠠᠬᠤᠶᠢᠯᠠᠯ ᠤᠨ ᠨᠡᠷᠡᠰ | ᠣᠷᠳᠣᠰ ᠬᠤᠳᠠ ᠶᠢᠨ ᠳ᠋ᠦᠩᠱᠧᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2024 ᠣᠨ ᠤ 9 ᠰᠠᠷ᠎ᠠ ᠶᠢᠨ 29 ᠤ ᠡᠳᠦᠷ | | | |