| ᠳ᠋ᠦᠩᠱᠧᠩ ᠤᠨ ᠮᠡᠳᠡᠭᠡ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠦᠨᠡᠨᠴᠢ ᠢᠲᠡᠭᠡᠮᠵᠢ ᠶᠢᠨ | ᠪᠠᠶᠢᠭᠤᠯᠤᠯᠲᠠ ᠶᠢᠨ ᠢᠨᠵᠧᠨᠧᠷᠢᠩ ᠤᠨ ᠶᠡᠷᠦᠩᠬᠡᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠣᠶᠢᠷ᠎ᠠ ᠶᠢᠨ | ᠬᠤᠭᠤᠴᠠᠭᠠᠨ ᠳᠤ᠂ ᠳ᠋ᠦᠩᠱᠧᠩ ᠲᠣᠭᠤᠷᠢᠭ ᠤᠨ ᠬᠢᠨ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠡᠠ ᠳᠠᠬᠢ 89 | ᠵᠦᠢᠯ ᠤᠨ ᠭᠦᠢᠴᠡᠳᠭᠡᠯ ᠲᠤᠭ᠎ᠠ ᠶᠢᠨ ᠡᠭᠦᠷᠭᠡ ᠳᠤ ᠴᠢᠭᠯᠡᠭᠦᠯᠦᠨ ᠵᠦᠢᠯ ᠳᠠᠷᠠᠭᠠᠯᠠᠨ ᠨᠠᠷᠢᠯᠢᠬᠵᠢᠭᠤᠯᠤᠨ ᠵᠠᠳᠠᠯᠵᠤ᠂ | 44 ᠬᠠᠷᠢᠭᠤᠴᠠᠯᠭᠠᠲᠤ ᠨᠢᠭᠡᠴᠢ ᠳᠤ ᠨᠠᠶᠢᠳᠠᠪᠤᠷᠢᠵᠢᠭᠤᠯᠤᠨ᠂ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠪᠥᠬᠦ | ᠲᠠᠯ᠎ᠠ ᠪᠠᠷ ᠰᠢᠯᠢᠳᠡᠭᠵᠢᠭᠦᠯᠵᠦ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠴᠢᠨᠠᠷᠵᠢᠯ ᠦᠷ᠎ᠡ | ᠪᠦᠲᠦᠮᠵᠢ ᠶᠢ ᠳᠡᠭᠡᠭᠰᠢᠯᠡᠭᠦᠯᠪᠡ᠃ | ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠲᠠᠯ᠎ᠠ ᠪᠠᠷ᠂ ᠳ᠋ᠦᠩᠱᠧᠩ ᠲᠣᠭᠤᠷᠢᠭ ᠰᠠᠯᠠᠭ᠎ᠠ | ᠮᠥᠴᠢᠷ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠲᠠᠰᠤᠷᠠᠯᠳᠡ ᠦᠭᠡᠢ ᠴᠢᠩᠭᠠᠳᠬᠠᠵᠤ᠂ ᠵᠣᠬᠢᠶᠠᠨ | ᠪᠠᠶᠢᠭᠤᠯᠵᠤ ᠤᠳᠤᠷᠢᠳᠬᠤ ᠪᠠᠨ ᠴᠢᠩᠭᠠᠳᠬᠠᠬᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠨᠠᠷᠢᠯᠢᠬᠵᠢᠭᠤᠯᠬᠤ᠂ ᠤᠬᠠᠭᠤᠯᠭ᠎ᠠ ᠬᠥᠮᠦᠵᠢᠯ ᠤᠨ ᠡᠷᠴᠢᠮ ᠢ ᠴᠢᠩᠭᠠᠷᠠᠭᠤᠯᠬᠤ ᠵᠡᠷᠭᠡ ᠠᠷᠭ᠎ᠠ ᠪᠠᠷᠢᠯ ᠢᠶᠠᠷ ᠵᠠᠰᠠᠭ ᠤᠨ | ᠶᠠᠪᠤᠳᠠᠯ ᠤᠨ ᠦᠨᠡᠨᠴᠢ ᠢᠲᠡᠭᠡᠮᠵᠢ ᠶᠢᠨ ᠠᠭᠤᠷ ᠠᠮᠢᠰᠬᠤᠯ ᠢ ᠪᠤᠢ ᠪᠤᠯᠭᠠᠪᠠ︔ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠶᠢᠨ ᠴᠢᠯᠥᠭᠡᠲᠦ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ | ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠲᠣᠰ ᠱᠠᠲᠤᠨ ᠤ ᠵᠠᠰᠠᠭ ᠵᠠᠬᠢᠷᠭᠠᠨ ᠤ 91 ᠵᠦᠢᠯ ᠤᠨ | ᠬᠡᠷᠡᠭᠵᠢᠭᠦᠯᠬᠦ ᠡᠷᠭᠡ ᠲᠠᠢ ᠤᠴᠢᠷ ᠶᠠᠪᠤᠳᠠᠯ ᠳᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠵᠠᠰᠠᠭ ᠵᠠᠬᠢᠷᠭᠠᠨ ᠤ | ᠵᠥᠪᠰᠢᠶᠡᠷᠡᠯ ᠤᠨ ᠵᠦᠢᠯᠡᠰ ᠤᠨ ᠨᠠᠷᠢᠨ ᠲᠠᠩᠰᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠨᠠᠷᠢᠨ | ᠲᠠᠩᠰᠠ᠂ ᠰᠦᠢᠳᠭᠡᠯ ᠬᠤᠷᠢᠶᠠᠬᠤ ᠨᠠᠷᠢᠨ ᠲᠠᠩᠰᠠ ᠶᠢ 57 ᠬᠤᠪᠢ ᠨᠡᠶᠢᠲᠡᠯᠡᠨ᠂ ᠵᠠᠰᠠᠭ ᠵᠠᠬᠢᠷᠭᠠᠨ ᠢᠶᠠᠷ ᠳᠠᠬᠢᠨ | ᠵᠥᠪᠯᠡᠭᠦᠯᠬᠦ ᠭᠤᠶᠤᠴᠢᠯᠠᠯ ᠢ 55 ᠬᠤᠪᠢ ᠭᠥᠯᠢᠶᠡᠨ ᠠᠪᠴᠤ᠂ ᠪᠤᠷᠤᠭᠤ ᠶᠢ ᠵᠠᠯᠠᠷᠠᠭᠤᠯᠬᠤ 8 ᠬᠤᠪᠢ ᠲᠣᠭᠲᠠᠭᠠᠯ | ᠭᠠᠷᠭᠠᠵᠤ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠲᠠᠨ ᠤ ᠰᠢᠭᠦᠯᠲᠡ ᠳᠤ ᠣᠷᠣᠯᠴᠠᠭᠰᠠᠨ ᠨᠣᠷᠮ᠎ᠠ | 100% ᠳᠤ ᠬᠥᠷᠪᠡ᠃ | ᠬᠤᠳᠠᠯᠳᠤᠭᠠᠨ ᠤ ᠶᠠᠪᠤᠳᠠᠯ ᠤᠨ ᠦᠨᠡᠨᠴᠢ ᠢᠲᠡᠭᠡᠮᠵᠢ ᠶᠢᠨ ᠲᠠᠯ᠎ᠠ ᠪᠠᠷ᠂ ᠣᠷᠳᠣᠰ ᠬᠤᠲᠠ ᠶᠢᠨ ᠨᠡᠶᠢᠭᠡᠮ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠪᠠ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ ᠲᠦᠰᠢᠭᠯᠡᠨ᠂ | ᠳ᠋ᠦᠩᠱᠧᠩ ᠲᠣᠭᠤᠷᠢᠭ ᠤᠨ ᠬᠢᠨ ᠡᠯ᠎ᠡ ᠲᠥᠷᠥᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠨᠡᠶᠢᠲᠡ 1777 ᠲᠦᠮᠡ | ᠭᠠᠷᠤᠶ ᠵᠤᠷᠪᠤᠰ ᠬᠤᠷᠢᠶᠠᠨ ᠠᠪᠴᠠᠢ᠃ ᠡᠭᠦᠨ ᠤ ᠬᠠᠮᠲᠤ᠂ ︽ᠰᠢᠨ ᠢ +︾ ᠬᠡᠷᠡᠭᠯᠡᠭᠡ ᠶᠢ ᠥᠷᠭᠡᠳᠭᠡᠬᠦ ᠶᠢ | ᠢᠳᠡᠪᠬᠢᠲᠡᠶ ᠰᠦᠪᠡᠭᠴᠢᠯᠡᠵᠦ᠂ ᠦᠨᠡᠨᠴᠢ ᠢᠲᠡᠭᠡᠮᠵᠢ ᠪᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ | ᠬᠦᠴᠦᠨ ᠨᠡᠮᠡᠷᠢᠯᠡᠬᠦ ᠶᠢ ᠲᠠᠰᠤᠷᠠᠯᠲᠠ ᠥᠬᠡᠶ ᠠᠬᠢᠭᠤᠯᠤᠨ᠂ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ | ᠲᠥᠷᠥᠯ ᠲᠡᠮᠳᠡᠭᠲᠦ ᠶᠢ ᠴᠤᠭᠴᠠᠯᠠᠵᠦ᠂ ᠠᠵᠤ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠵᠠᠢ᠃ | ᠨᠡᠶᠢᠭᠡᠮ ᠤᠨ ᠦᠨᠡᠨᠴᠢ ᠢᠲᠡᠭᠡᠮᠵᠢ ᠶᠢᠨ ᠲᠠᠯ᠎ᠠ ᠪᠠᠷ᠂ ᠳ᠋ᠦᠩᠱᠧᠩ ᠲᠣᠭᠤᠷᠢᠭ ᠪᠥᠬᠦ ᠣᠷᠣᠨ ᠤ ᠬᠠᠤᠯᠢ ᠶᠢᠨ | ᠡᠷᠬᠡᠲᠡᠨ ᠤ ᠭᠤᠤᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠬᠠᠤᠯᠢ ᠶᠢᠨ ᠡᠷᠬᠡᠲᠡᠨ ᠪᠠ ᠬᠠᠤᠯᠢ ᠶᠢᠨ ᠡᠷᠬᠡᠲᠡᠨ ᠪᠤᠰᠤ ᠵᠣᠬᠢᠶᠠᠨ ᠪᠠᠶᠢᠭᠤᠯᠤᠯᠲᠠ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠡᠮᠬᠢᠯᠡᠵᠦ ᠴᠤᠭᠯᠠᠭᠤᠯᠪᠠ︔ ︽ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ | ᠰᠠᠷ᠎ᠠ︾ ᠵᠡᠷᠭᠡ ᠴᠢᠬᠤᠯᠠ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠠᠵᠠ ᠲᠣᠬᠢᠶᠠᠯ ᠪᠣᠯᠭᠠᠵᠤ᠂ | ᠦᠨᠡᠨᠴᠢ ᠢᠲᠡᠭᠡᠮᠵᠢ ᠶᠢᠨ ᠤᠬᠠᠭᠤᠯᠭ᠎ᠠ ᠬᠥᠮᠦᠵᠢᠯ ᠢ ᠪᠥᠬᠦ ᠲᠠᠯ᠎ᠠ ᠪᠠᠷ ᠥᠷᠨᠢᠭᠦᠯᠪᠠ︔ ᠬᠡᠷ ᠤᠨ ᠳᠣᠲᠣᠨ᠎ᠠ | ᠭᠠᠳᠠᠨᠠᠬᠢ ᠡᠯᠧᠺᠲᠷᠤᠨ ᠳᠡᠯᠭᠡᠴᠡ᠂ ᠤᠬᠠᠭᠤᠯᠭ᠎ᠠ ᠶᠢᠨ ᠪᠤᠯᠤᠩ ᠵᠡᠷᠭᠡ ᠠᠴᠢᠶᠠᠯᠠᠭᠴᠢ ᠶᠢ ᠠᠰᠢᠭᠯᠠᠨ᠂ ᠦᠨᠡᠨᠴᠢ | ᠢᠲᠡᠭᠡᠮᠵᠢ ᠶᠢᠨ ᠨᠡᠶᠢᠲᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠤᠬᠠᠭᠤᠯᠭ᠎ᠠ ᠶᠢ ᠥᠷᠨᠢᠭᠦᠯᠪᠠ︔ | ︽ᠦᠵᠡᠰᠭᠦᠯᠡᠩᠲᠦ ᠰᠠᠶᠢᠬᠠᠨ ᠳ᠋ᠦᠩᠱᠧᠩ︾ APP ᠳᠤ ︽ᠢᠲᠡᠭᠡᠮᠵᠢ ᠶᠢᠨ ᠳ᠋ᠦᠩᠱᠧᠩ︾ ᠲᠤᠰᠬᠠᠶ ᠰᠡᠳᠦᠪᠲᠦ | ᠪᠤᠯᠤᠩ ᠭᠠᠷᠭᠠᠵᠤ᠂ ᠡᠯ᠎ᠡ ᠲᠥᠷᠥᠯ ᠤᠨ ᠤᠬᠠᠭᠤᠯᠭ᠎ᠠ ᠶᠢᠨ ᠡᠬᠡ ᠪᠢᠴᠢᠭ ᠢ ᠨᠡᠶᠢᠲᠡᠯᠡᠪᠡ᠃ | ᠬᠠᠤᠯᠢ ᠴᠠᠭᠠᠵᠠ ᠶᠢᠨ ᠤᠯᠠᠨ ᠨᠡᠶᠢᠲᠡ ᠶᠢᠨ ᠢᠲᠡᠭᠡᠮᠵᠢ ᠶᠢᠨ ᠲᠠᠯ᠎ᠠ ᠪᠠᠷ᠂ ᠳ᠋ᠦᠩᠱᠧᠩ ᠲᠣᠭᠤᠷᠢᠭ ᠬᠠᠤᠯᠢ | ᠴᠠᠭᠠᠵᠠ ᠶᠢ ᠢᠯᠡ ᠪᠣᠯᠭᠠᠬᠤ ᠡᠷᠴᠢᠮ ᠪᠣᠯᠤᠨ ᠭᠦᠢᠴᠡᠳᠭᠡᠬᠦ ᠡᠷᠴᠢᠮ ᠢᠶᠠᠨ ᠴᠢᠩᠭᠠᠷᠠᠭᠤᠯᠪᠠ᠃ ᠡᠨᠡ ᠵᠢᠯ ᠠᠴᠠ | ᠨᠠᠭᠠᠰᠢ᠂ ᠰᠢᠭᠦᠨ ᠲᠠᠰᠤᠯᠤᠯᠲᠠ ᠶᠢᠨ ᠶᠠᠪᠤᠴᠠ ᠶᠢᠨ ᠮᠡᠳᠡᠭᠡ ᠵᠠᠩᠭᠢ ᠶᠢ 7399 ᠬᠤᠪᠢ ᠨᠡᠶᠢᠲᠡᠯᠡᠨ᠂ | ᠪᠦᠲᠦᠮᠵᠢᠲᠡᠢ ᠢᠯᠡ ᠪᠣᠯᠭᠠᠭᠰᠠᠨ ᠨᠤᠷᠮ᠎ᠠ 99.96% ᠳᠤ ᠬᠦᠷᠴᠦ᠂ 12309 ᠪᠠᠶᠢᠴᠠᠭᠠᠬᠤ ᠦᠢᠯᠡᠴᠢᠯᠡᠭᠡᠨ ᠤ | ᠲᠥᠪ ᠤᠨ ᠲᠠᠪᠴᠠᠩ ᠳᠤ ᠲᠦᠰᠢᠭᠯᠡᠨ ᠵᠢᠷᠤᠮ ᠤᠨ ᠴᠢᠨᠠᠷᠲᠠᠢ ᠮᠡᠳᠡᠭᠡ ᠵᠠᠩᠭᠢ ᠶᠢ 929 ᠬᠤᠪᠢ ᠨᠡᠶᠢᠲᠡᠯᠡᠵᠦ᠂ | ᠬᠠᠤᠯᠢ ᠴᠠᠭᠠᠵᠠ ᠶᠢᠨ ᠪᠢᠴᠢᠭ ᠢ 5 ᠬᠤᠪᠢ ᠨᠡᠶᠢᠲᠡᠯᠡᠪᠡ᠃ ᠤᠯᠤᠰ ᠲᠦᠷᠦ ᠬᠠᠤᠯᠢ ᠴᠠᠭᠠᠵᠠ ᠶᠢᠨ ᠡᠯ᠎ᠡ | ᠨᠢᠭᠡᠴᠢ ᠶᠢᠨ ᠮᠡᠳᠡᠭᠡ ᠵᠠᠩᠭᠢ ᠶᠢ ᠢᠯᠡ ᠪᠣᠯᠭᠠᠭᠰᠠᠨ ᠨᠤᠷᠮ᠎ᠠ ᠴᠥᠮ 99% ᠠᠴᠠ ᠳᠡᠭᠡᠭᠰᠢ ᠳᠤ ᠬᠦᠷᠪᠡ᠃ | ᠳᠠᠷᠠᠭᠠᠴᠢ ᠶᠢᠨ ᠠᠯᠬᠤᠮ ᠳᠤ᠂ ᠳ᠋ᠦᠩᠱᠧᠩ ᠲᠣᠭᠤᠷᠢᠭ ᠤᠨ ᠬᠢᠨ ᠪᠣᠭᠤᠮᠲᠠ ᠰᠢᠪᠲᠤᠯᠬᠤ ᠡᠷᠴᠢᠮ ᠢᠶᠠᠨ | ᠴᠢᠩᠭᠠᠷᠠᠭᠤᠯᠤᠨ᠂ ᠵᠠᠭᠠᠯᠳᠤᠯᠭ᠎ᠠ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠢᠯᠤᠭᠤᠳᠬᠠᠵᠤ᠂ ᠵᠠᠭᠠᠯᠳᠤᠯᠭ᠎ᠠ ᠶᠢ | ᠰᠢᠢᠳᠪᠦᠷᠢᠯᠡᠬᠦ ᠶᠠᠪᠤᠴᠠ ᠶᠢ ᠰᠢᠯᠢᠳᠡᠭᠵᠢᠭᠦᠯᠤᠨ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠪᠣᠯᠤᠨ ᠳᠤᠮᠳᠠ | ᠪᠠᠭ᠎ᠠ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ︔ ᠢᠲᠡᠭᠡᠮᠵᠢ ᠲᠠᠢ ᠪᠠᠶᠢᠬᠤ ᠶᠢ | ᠤᠷᠮᠠᠰᠢᠭᠤᠯᠤᠨ ᠵᠣᠷᠢᠭᠵᠢᠭᠤᠯᠬᠤ ᠪᠠ ᠢᠲᠡᠭᠡᠯ ᠠᠯᠳᠠᠬᠤ ᠶᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ | ᠴᠢᠩᠭᠠᠳᠬᠠᠵᠤ᠂ ︽ᠵᠠᠰᠠᠭ ᠤᠨ ᠣᠷᠳᠣᠨ ᠤ ᠠᠮᠠᠯᠠᠯᠲᠠ + ᠨᠡᠶᠢᠭᠡᠮ ᠤᠨ ᠬᠢᠨᠠᠯᠲᠠ + ᠢᠲᠡᠭᠡᠯ ᠠᠯᠳᠠᠪᠠᠯ | ᠬᠠᠷᠢᠭᠤᠴᠠᠯᠭ᠎ᠠ ᠨᠡᠬᠡᠮᠵᠢᠯᠡᠬᠦ︾ ᠬᠠᠮᠢᠶᠠᠷᠤᠯᠲᠠ ᠶᠢ ᠬᠡᠷᠡᠭᠵᠢᠭᠦᠯᠤᠨ᠂ ᠰᠣᠨᠢᠨ ᠮᠡᠳᠡᠭᠡᠨ ᠤ ᠵᠠᠭᠤᠴᠢᠯᠠᠭᠤᠷ ᠪᠠ | ᠰᠦᠯᠵᠢᠶᠡᠨ ᠤ ᠲᠠᠪᠴᠠᠩ ᠤᠨ ᠤᠬᠠᠭᠤᠯᠤᠨ ᠬᠥᠲᠥᠯᠦᠨ ᠵᠢᠯᠣᠭᠤᠳᠬᠤ ᠪᠠ ᠤᠯᠠᠮᠵᠢᠯᠠᠨ ᠳᠡᠯᠭᠡᠷᠡᠭᠦᠯᠬᠦ ᠦᠢᠯᠡᠳᠦᠯ ᠢ | ᠪᠠᠳᠠᠷᠠᠭᠤᠯᠵᠤ᠂ ᠦᠨᠡᠨᠴᠢ ᠢᠲᠡᠭᠡᠮᠵᠢ ᠶᠢ ᠡᠷᠬᠢᠮᠯᠡᠬᠦ᠂ ᠦᠨᠡᠨᠴᠢ ᠢᠲᠡᠭᠡᠮᠵᠢ ᠶᠢ ᠦᠢᠯᠡᠳᠦᠯᠭᠡᠵᠢᠭᠦᠯᠬᠦ ᠰᠠᠶᠢᠨ | ᠰᠠᠶᠢᠬᠠᠨ ᠨᠡᠶᠢᠭᠡᠮ ᠤᠨ ᠬᠡᠪ ᠰᠤᠷᠲᠠᠯ ᠢ ᠢᠳᠡᠪᠬᠢᠲᠡᠶ ᠪᠠᠷ ᠪᠣᠶ ᠪᠣᠯᠭᠠᠵᠤ᠂ ᠳ᠋ᠦᠩᠱᠧᠩ ᠲᠣᠭᠤᠷᠢᠭ ᠤᠨ ᠦᠨᠡᠨᠴᠢ | ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠷᠭᠦᠯᠵᠢᠯᠡᠨ | ᠠᠬᠢᠭᠤᠯᠤᠨ᠎ᠠ᠃ | | |