ᠨᠢᠬᠡ᠄ ᠡᠷᠡᠬᠦᠯ ᠪᠤᠰᠤ ᠳᠠᠳᠬᠠᠯ ᠢ ᠳᠡᠪᠴᠢᠶᠡ | ᠬᠡᠳᠤᠷᠬᠡᠢ ᠬᠤᠷᠳᠤᠨ ᠢᠳᠡᠬᠦ | ᠬᠤᠭᠤᠯᠠ ᠪᠤᠳᠠᠭ᠎ᠠ ᠶᠢ ᠬᠡᠳᠤᠷᠬᠡᠢ ᠬᠤᠷᠳᠤᠨ ᠢᠳᠡᠬᠦ ᠨᠢ ᠰᠢᠮ᠎ᠡ ᠳᠡᠵᠢᠬᠡᠯ ᠢ ᠰᠢᠩᠬᠡᠬᠡᠨ ᠠᠪᠬᠤ ᠶᠢ | ᠬᠠᠷᠰᠢᠯᠠᠬᠤ ᠪᠠᠷ ᠪᠠᠷᠠᠬᠤ ᠦᠬᠡᠢ ᠪᠠᠰᠠ ᠰᠢᠩᠬᠡᠬᠡᠯᠳᠡ ᠶᠢ ᠮᠠᠭᠤᠳᠠᠭᠤᠯᠵᠤ ᠮᠡᠳᠡᠨ᠎ᠡ᠃ ᠡᠬᠦᠨ ᠠᠴᠠ ᠭᠠᠳᠠᠨ᠎ᠠ ᠡᠯ᠎ᠡ | ᠵᠦᠢᠯ ᠤᠨ ᠡᠪᠡᠳᠴᠢᠨ ᠡᠮᠬᠡᠭ ᠲᠤ ᠨᠡᠷᠪᠡᠭᠳᠡᠬᠦ ᠲᠦᠭᠰᠢᠬᠦᠷᠢ ᠶᠢ ᠨᠡᠮᠡᠭᠳᠡᠬᠦᠯᠦᠨ᠎ᠡ᠂ ᠵᠢᠱᠢᠶᠡᠯᠡᠪᠡᠯ ᠰᠢᠬᠢᠷ ᠰᠢᠵᠢᠩ | ᠡᠪᠡᠳᠴᠢᠨ᠂ ᠳᠠᠷᠢᠬᠢ ᠴᠢᠰᠤᠨ ᠰᠤᠳᠠᠯ ᠤᠨ ᠡᠪᠡᠳᠴᠢᠨ ᠵᠡᠷᠬᠡ᠃ | ᠬᠡᠳᠤᠷᠬᠡᠢ ᠱᠤᠷᠪᠤᠭ᠂ ᠬᠡᠳᠤ ᠬᠠᠯᠠᠭᠤᠨ ᠢᠶᠠᠷ ᠢᠳᠡᠬᠦ | ᠬᠤᠭᠤᠯᠠ ᠤᠮᠳᠠ ᠶᠢ ᠬᠡᠳᠤᠷᠬᠡᠢ ᠱᠤᠷᠪᠤᠭ ᠢᠳᠡᠵᠤ ᠤᠤᠭᠤᠪᠠᠯ᠂ ᠵᠢᠷᠦᠬᠡ ᠪᠦᠬᠡᠷ᠎ᠡ ᠶᠢᠨ ᠠᠵᠢᠯᠯᠠᠭ᠎ᠠ ᠳᠤ | ᠬᠦᠨᠳᠤᠷᠡᠯ ᠤᠴᠠᠷᠠᠭᠤᠯᠵᠤ᠂ ᠴᠢᠰᠤᠨ ᠳᠠᠷᠤᠯᠳᠠ ᠶᠢᠨ ᠬᠡᠮ ᠠᠯᠳᠠᠭᠳᠠᠬᠤ ᠡᠪᠡᠳᠴᠢᠨ ᠳᠤ ᠨᠡᠷᠪᠡᠭᠳᠡᠬᠦᠯᠵᠤ | ᠮᠡᠳᠡᠨ᠎ᠡ᠃ ᠤᠷᠳᠤ ᠬᠤᠭᠤᠴᠠᠭ᠎ᠠ ᠪᠠᠷ ᠬᠡᠳᠤ ᠬᠠᠯᠠᠭᠤᠨ ᠢᠳᠡᠬᠡᠨ ᠢᠳᠡᠬᠦ ᠪᠤᠶᠤ ᠤᠮᠳᠠᠭᠠᠨ ᠤᠤᠭᠤᠪᠠᠯ᠂ ᠠᠮᠠᠨ | ᠬᠦᠨᠳᠡᠢ᠂ ᠤᠯᠠᠭᠠᠨ ᠬᠤᠭᠤᠯᠠᠢ ᠪᠠ ᠬᠤᠳᠤᠭᠤᠳᠤ ᠶᠢ ᠠᠮᠠᠷᠬᠠᠨ ᠬᠡᠮᠳᠤᠬᠡᠵᠤ᠂ ᠤᠳᠠᠭᠠᠨ ᠳᠤ ᠪᠠᠨ ᠦᠮᠡᠨ ᠳᠤ | ᠨᠡᠷᠪᠡᠭᠳᠡᠬᠦ ᠲᠦᠭᠰᠢᠬᠦᠷᠢ ᠶᠢ ᠨᠡᠮᠡᠭᠳᠡᠬᠦᠯᠦᠨ᠎ᠡ᠃ | ᠬᠤᠨᠤᠭ ᠦᠨᠵᠢᠭᠰᠡᠨ ᠬᠤᠭᠤᠯᠠ ᠪᠤᠳᠠᠭ᠎ᠠ ᠶᠢ ᠢᠳᠡᠬᠦ | ᠦᠯᠡᠳᠡᠭᠰᠡᠨ ᠬᠤᠭᠤᠯᠠ ᠨᠤᠭᠤᠭ᠎ᠠ ᠶᠢ ᠳᠠᠬᠢᠨ ᠳᠠᠪᠳᠠᠨ ᠬᠠᠯᠠᠭᠤᠯᠬᠤ ᠶᠠᠪᠤᠴᠠ ᠳᠤ ᠰᠢᠮ᠎ᠡ ᠳᠡᠵᠢᠬᠡᠯ ᠨᠢ | ᠠᠯᠳᠠᠭᠳᠠᠵᠤ᠂ ᠴᠢᠨᠠᠭᠰᠢᠯᠠᠪᠠᠯ ᠠᠽᠤᠲ ᠬᠦᠴᠢᠯ ᠤᠨ ᠳᠠᠪᠤᠰᠤ ᠮᠡᠳᠤ ᠶᠢ ᠬᠤᠤᠷᠳᠤ ᠪᠤᠳᠠᠰ ᠡᠬᠦᠰᠴᠤ᠂ | ᠬᠤᠳᠤᠭᠤᠳᠤᠨ ᠤ ᠦᠮᠡᠨ᠂ ᠤᠯᠠᠭᠠᠨ ᠬᠤᠭᠤᠯᠠᠢ ᠶᠢᠨ ᠦᠮᠡᠨ ᠵᠡᠷᠬᠡ ᠦᠮᠡᠨ ᠡᠬᠦᠰᠬᠦ ᠲᠦᠭᠰᠢᠬᠦᠷᠢ ᠶᠢ | ᠨᠡᠮᠡᠭᠳᠡᠬᠦᠯᠦᠨ᠎ᠡ᠃ | ᠬᠤᠶᠠᠷ᠄ ᠡᠷᠡᠬᠦᠯ ᠰᠠᠶᠢᠬᠠᠨ ᠳᠠᠳᠬᠠᠯ ᠢ ᠪᠠᠷᠢᠮᠳᠠᠯᠠᠶ᠎ᠠ | ᠬᠡᠳᠤᠷᠬᠡᠢ ᠱᠤᠷᠪᠤᠭ᠂ ᠬᠡᠳᠤ ᠬᠠᠯᠠᠭᠤᠨ ᠢᠶᠠᠷ ᠢᠳᠡᠬᠦ ᠦᠬᠡᠢ ᠪᠤᠯ ᠵᠤᠬᠢᠨ᠎ᠠ | ᠬᠤᠭᠤᠯᠠ ᠨᠤᠭᠤᠭ᠎ᠠ ᠶᠢ ᠬᠡᠳᠤ ᠬᠠᠯᠠᠭᠤᠨ ᠢᠶᠠᠷ ᠢᠳᠡᠬᠦ᠂ ᠬᠡᠳᠤᠷᠬᠡᠢ ᠱᠤᠷᠪᠤᠭ ᠢᠳᠡᠬᠦ ᠠᠴᠠ | ᠵᠠᠶᠢᠯᠠᠰᠬᠢᠨ᠎ᠡ᠃ ᠬᠤᠭᠤᠯᠠ ᠨᠤᠭᠤᠭ᠎ᠠ ᠳᠤ ᠳᠤᠰᠤ ᠪᠠ ᠳᠠᠪᠤᠰᠤ ᠬᠡᠷᠡᠭᠯᠡᠬᠦ ᠬᠡᠮᠵᠢᠶ᠎ᠡ ᠶᠢ ᠬᠢᠵᠠᠭᠠᠷᠯᠠᠵᠤ᠂ ᠦᠨᠦᠷᠳᠤ | ᠡᠳ᠋ ᠪᠤᠶᠤ ᠪᠤᠰᠤᠳ ᠪᠠᠶᠢᠭᠠᠯᠢ ᠶᠢᠨ ᠠᠮᠳᠠ ᠤᠷᠤᠭᠤᠯᠬᠤ ᠡᠳ᠋ ᠢᠶᠠᠷ ᠠᠮᠳᠠ ᠤᠷᠤᠭᠤᠯᠤᠨ᠎ᠠ᠃ | ᠬᠤᠭᠤᠯᠠ ᠪᠠᠨ ᠢᠳᠡᠵᠤ ᠪᠠᠷᠠᠮᠠᠭᠴᠠ ᠳᠠᠷᠤᠶᠢᠬᠠᠨ ᠬᠡᠪᠳᠡᠬᠦ ᠦᠬᠡᠢ ᠪᠤᠯ ᠵᠤᠬᠢᠨ᠎ᠠ | ᠬᠤᠭᠤᠯᠠ ᠪᠠᠨ ᠢᠳᠡᠵᠤ ᠪᠠᠷᠠᠮᠠᠭᠴᠠ ᠳᠠᠷᠤᠶᠢᠬᠠᠨ ᠬᠡᠪᠳᠡᠵᠤ ᠪᠤᠯᠬᠤ ᠦᠬᠡᠢ᠂ ᠡᠰᠡ ᠳᠡᠬᠡᠪᠡᠯ | ᠬᠤᠳᠤᠭᠤᠳᠤᠨ ᠤ ᠰᠢᠩᠬᠡᠬᠡᠯᠳᠡ ᠶᠢ ᠨᠦᠯᠦᠬᠡᠯᠡᠨ᠎ᠡ᠂ ᠬᠤᠭᠤᠯᠠᠨ ᠤ ᠳᠠᠷᠠᠭ᠎ᠠ 30 ᠮᠢᠨᠦ᠋ᠲ ᠪᠤᠯᠪᠠᠯ ᠬᠦᠩᠬᠡᠨ | ᠬᠦᠳᠡᠯᠬᠡᠬᠡᠨ ᠬᠢᠵᠤ ᠪᠤᠯᠤᠨ᠎ᠠ ︵ᠵᠢᠱᠢᠶᠡᠯᠡᠪᠡᠯ ᠰᠤᠯᠠ ᠠᠯᠬᠤᠬᠤ︶᠂ ᠡᠨᠡ ᠨᠢ ᠬᠤᠳᠤᠭᠤᠳᠤ ᠬᠡᠳᠡᠰᠤᠨ ᠤ | ᠰᠢᠩᠬᠡᠬᠡᠯᠳᠡ ᠳᠤ ᠠᠰᠢᠭᠳᠠᠢ ᠪᠠᠶᠢᠳᠠᠭ᠃ |