ᠬᠡᠷ ᠤᠨ ᠠᠬᠠᠮᠠᠳ ᠬᠡᠤᠬᠡᠳ ᠢᠶᠠᠨ ᠠᠮᠢᠰᠬᠤᠯ ᠤᠨ ᠵᠠᠮ ᠤᠨ ᠡᠪᠡᠳᠴᠢᠨ ᠳᠤ ᠨᠡᠷᠪᠡᠭᠳᠡᠬᠦ ᠠᠴᠠ ᠬᠡᠷᠬᠢᠨ ᠪᠤᠯᠭᠤᠮᠵᠢᠯᠠᠬᠤ ᠪᠤᠢ︖
ᠨᠡᠶᠢᠲᠡᠯᠡᠭᠰᠡᠨ ᠴᠠᠭ᠄
2024/2/1
      ᠬᠡᠤᠬᠡᠳ ᠤᠨ ᠬᠠᠮᠠᠭᠠᠯᠠᠯᠳᠠ ᠶᠢ ᠬᠡᠷᠬᠢᠨ ᠰᠠᠶᠢᠳᠤᠷ ᠬᠢᠪᠡᠯ ᠵᠤᠬᠢᠬᠤ ᠪᠤᠢ︖       ᠬᠡᠤᠬᠡᠳ ᠬᠦᠮᠦᠨ ᠠᠷᠪᠢᠨ ᠴᠤᠭᠯᠠᠷᠠᠳᠠᠭ ᠤᠯᠠᠨ ᠨᠡᠶᠢᠳᠡ ᠶᠢᠨ ᠳᠠᠯᠠᠪᠤᠷ ᠲᠤ ᠴᠦᠬᠡᠨ ᠤᠴᠢᠬᠤ᠂ ᠡᠬᠦᠨ  ᠳᠤ ᠬᠡᠷ ᠳᠤᠳᠤᠷᠠᠬᠢ ᠤᠯᠠᠨ ᠨᠡᠶᠢᠳᠡ ᠶᠢᠨ ᠳᠠᠯᠠᠪᠤᠷ ᠲᠤ ᠤᠴᠢᠬᠤ ᠪᠤᠶᠤ ᠪᠤᠰᠤᠳ ᠲᠠᠢ ᠦᠢᠷᠠᠳᠬᠤ ᠳᠤ ᠪᠠᠨ ᠠᠮᠠᠪᠴᠢ ᠵᠡᠬᠦᠬᠦ ᠬᠡᠷᠡᠭᠳᠡᠢ᠃       ᠬᠡᠤᠬᠡᠳ ᠤᠨ ᠬᠠᠮᠠᠭᠠᠯᠠᠯᠳᠠ ᠶᠢ ᠬᠡᠷᠬᠢᠨ ᠰᠠᠶᠢᠳᠤᠷ ᠬᠢᠪᠡᠯ ᠵᠤᠬᠢᠬᠤ ᠪᠤᠢ︖       ᠬᠡᠤᠬᠡᠳ ᠭᠠᠷ ᠤᠨ ᠠᠷᠢᠭᠤᠨ ᠴᠡᠪᠡᠷ ᠢ ᠪᠠᠳᠤᠯᠠᠵᠤ᠂ ᠪᠤᠵᠠᠷ ᠭᠠᠷ ᠢᠶᠠᠷ ᠢᠶᠠᠨ ᠠᠮᠠ᠂ ᠨᠢᠳᠤ᠂ ᠬᠠᠮᠠᠷ  ᠢᠶᠠᠨ ᠳᠡᠮᠳᠡᠷᠢᠬᠦ ᠦᠬᠡᠢ᠃       ᠬᠡᠤᠬᠡᠳ ᠤᠨ ᠬᠠᠮᠠᠭᠠᠯᠠᠯᠳᠠ ᠶᠢ ᠬᠡᠷᠬᠢᠨ ᠰᠠᠶᠢᠳᠤᠷ ᠬᠢᠪᠡᠯ ᠵᠤᠬᠢᠬᠤ ᠪᠤᠢ︖       ᠬᠡᠷ ᠤᠨ ᠠᠬᠠᠮᠠᠳ ᠬᠡᠤᠬᠡᠳ ᠤᠨ ᠢᠶᠠᠨ ᠦᠷᠦᠬᠡ ᠶᠢᠨ ᠰᠢᠨ᠎ᠡ ᠰᠤᠷᠭᠤᠭ ᠠᠭᠤᠷ ᠠᠮᠢᠰᠬᠤᠯ ᠢ ᠪᠠᠳᠤᠯᠠᠬᠤ ᠬᠡᠷᠡᠭᠳᠡᠢ᠃       ᠬᠡᠤᠬᠡᠳ ᠤᠨ ᠬᠠᠮᠠᠭᠠᠯᠠᠯᠳᠠ ᠶᠢ ᠬᠡᠷᠬᠢᠨ ᠰᠠᠶᠢᠳᠤᠷ ᠬᠢᠪᠡᠯ ᠵᠤᠬᠢᠬᠤ ᠪᠤᠢ︖       ᠬᠡᠤᠬᠡᠳ ᠲᠤ ᠴᠠᠭ ᠳᠤᠬᠠᠢ ᠳᠤᠨᠢ ᠸᠢᠺᠼᠢᠨ ᠤ ᠳᠠᠷᠢᠯᠭ᠎ᠠ ᠳᠠᠷᠢᠨ᠎ᠠ᠃ 14 ᠨᠠᠰᠤᠨ ᠠᠴᠠ ᠳᠤᠷᠤᠭᠰᠢᠬᠢ ᠬᠡᠤᠬᠡᠳ ᠲᠤ ᠳᠠᠷᠬᠠᠯᠠᠭ᠎ᠠ ᠶᠢᠨ ᠲᠦᠯᠦᠪᠯᠡᠭᠡ ᠶᠢᠨ ᠱᠠᠭᠠᠷᠳᠠᠯᠭ᠎ᠠ ᠶᠤᠰᠤᠭᠠᠷ ᠳᠠᠷᠢᠬᠤ ᠠᠴᠠ ᠭᠠᠳᠠᠨ᠎ᠠ᠂ ᠪᠡᠶ᠎ᠡ ᠶᠢᠨ ᠪᠠᠶᠢᠳᠠᠯ ᠢ ᠦᠨᠳᠤᠰᠤᠯᠡᠨ ᠳᠤᠮᠤᠭᠤ ᠳᠠᠭᠰᠢᠭᠤᠷ ᠤᠨ ᠸᠠᠺᠼᠢᠨ᠂ ᠠᠭᠤᠰᠬᠢᠨ ᠦᠷᠪᠢᠰᠤᠯ ᠤᠨ ᠪᠠᠺᠲ᠋ᠧᠷᠢ ᠶᠢᠨ ᠸᠠᠺᠼᠢᠨ᠂ B ᠬᠡᠯᠪᠡᠷᠢ ᠶᠢᠨ ᠳᠤᠮᠤᠭᠤ ᠳᠠᠭᠰᠢᠭᠤᠷ ᠤᠨ ᠴᠢᠰᠤᠷᠬᠠᠭ ᠰᠠᠪᠠᠭ᠋ᠠᠴᠢᠷ ᠪᠠᠺᠲ᠋ᠧᠷᠢ ᠶᠢᠨ ᠸᠠᠺᠼᠢᠨ ᠵᠡᠷᠬᠡ ᠦᠯᠦ ᠬᠠᠯᠳᠠᠭᠠᠬᠤ ᠲᠦᠯᠦᠪᠯᠡᠭᠡ ᠶᠢᠨ ᠸᠠᠺᠼᠢᠨ ᠢ ᠳᠠᠷᠢᠵᠤ ᠪᠤᠯᠤᠨ᠎ᠠ᠃       ᠬᠡᠤᠬᠡᠳ ᠤᠨ ᠬᠠᠮᠠᠭᠠᠯᠠᠯᠳᠠ ᠶᠢ ᠬᠡᠷᠬᠢᠨ ᠰᠠᠶᠢᠳᠤᠷ ᠬᠢᠪᠡᠯ ᠵᠤᠬᠢᠬᠤ ᠪᠤᠢ︖       ᠬᠡᠤᠬᠡᠳ ᠤᠨ ᠰᠢᠮ᠎ᠡ ᠳᠡᠵᠢᠬᠡᠯ ᠤᠨ ᠳᠡᠩᠴᠡᠬᠦᠷᠢ ᠶᠢ ᠪᠠᠳᠤᠯᠠᠨ᠎ᠠ᠃ ᠢᠳᠡᠰᠢᠨ ᠨᠤᠭᠤᠭ᠎ᠠ᠂ ᠦᠨᠳᠡᠭᠡ᠂ ᠰᠦ ᠶᠢ ᠢᠯᠡᠬᠦᠬᠡᠨ ᠡᠳ᠋ᠯᠡᠵᠤ ᠳᠤᠰᠤᠯᠢᠭ ᠵᠦᠢᠯ ᠪᠠ ᠭᠤᠱᠤᠭᠤᠨ ᠢᠳᠡᠬᠡᠨ ᠢ ᠪᠠᠭ᠎ᠠ ᠢᠳᠡᠨ᠎ᠡ᠃ ᠨᠢᠯᠬ᠎ᠠ ᠬᠡᠤᠬᠡᠳ  ᠢ ᠡᠬᠡ ᠶᠢᠨ ᠰᠦ ᠪᠠᠷ ᠬᠦᠬᠦᠬᠦᠯᠬᠦ ᠶᠢ ᠪᠠᠷᠢᠮᠳᠠᠯᠠᠨ᠎ᠠ᠃       ᠬᠡᠤᠬᠡᠳ ᠤᠨ ᠬᠠᠮᠠᠭᠠᠯᠠᠯᠳᠠ ᠶᠢ ᠬᠡᠷᠬᠢᠨ ᠰᠠᠶᠢᠳᠤᠷ ᠬᠢᠪᠡᠯ ᠵᠤᠬᠢᠬᠤ ᠪᠤᠢ︖       ᠬᠡᠤᠬᠡᠳ ᠤᠨ ᠪᠡᠶ᠎ᠡ ᠮᠠᠬᠠᠪᠤᠳ ᠤᠨ ᠪᠤᠯᠪᠠᠰᠤᠷᠠᠯ ᠢ ᠴᠢᠩᠭᠠᠳᠬᠠᠵᠤ᠂ ᠳᠠᠷᠬᠠᠯᠠᠭ᠎ᠠ ᠶᠢ ᠨᠢ ᠳᠡᠬᠡᠭᠰᠢᠯᠡᠬᠦᠯᠦᠨ᠎ᠡ᠃ ᠬᠦᠳᠡᠯᠬᠡᠬᠡᠨ ᠬᠢᠭᠰᠡᠨ ᠤ ᠳᠠᠷᠠᠭ᠎ᠠ ᠬᠦᠯᠦᠷᠡᠭᠰᠡᠨ ᠬᠤᠪᠴᠠᠰᠤ ᠪᠠᠨ ᠴᠠᠭ ᠳᠤᠬᠠᠢ ᠳᠤᠨᠢ ᠰᠤᠯᠢᠵᠤ᠂ ᠵᠢᠩᠬᠢᠨᠡᠬᠦ ᠠᠴᠠ ᠰᠡᠷᠬᠡᠶᠢᠯᠡᠨ᠎ᠡ᠃       ᠬᠡᠤᠬᠡᠳ ᠤᠨ ᠬᠠᠮᠠᠭᠠᠯᠠᠯᠳᠠ ᠶᠢ ᠬᠡᠷᠬᠢᠨ ᠰᠠᠶᠢᠳᠤᠷ ᠬᠢᠪᠡᠯ ᠵᠤᠬᠢᠬᠤ ᠪᠤᠢ︖       ᠬᠡᠤᠬᠡᠳ ᠰᠠᠶᠢᠨ ᠰᠠᠶᠢᠬᠠᠨ ᠤᠨᠳᠠᠬᠤ ᠳᠠᠳᠬᠠᠯ ᠢ ᠪᠤᠢ ᠪᠤᠯᠭᠠᠵᠤ᠂ ᠤᠨᠳᠠᠯᠭ᠎ᠠ ᠶᠢᠨ ᠴᠢᠨᠠᠷ ᠢᠶᠠᠨ ᠳᠡᠬᠡᠭᠰᠢᠯᠡᠬᠦᠯᠦᠨ᠂ ᠬᠦᠢᠴᠡᠳ ᠤᠨᠳᠠᠬᠤ ᠶᠢ ᠪᠠᠳᠤᠯᠠᠨ᠎ᠠ᠃
ᠢᠷᠡᠯᠲᠡ᠄ NMTV ᠰᠤᠶᠤᠯ