2023 ᠣᠨ ᠳᠤ᠂ ᠳ᠋ᠦᠩᠱᠧᠩ ᠲᠣᠭᠤᠷᠢᠭ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠤ ᠠᠬᠤᠢ ᠶᠢᠨ ᠠᠵᠢᠯ ᠤᠨ ᠶᠡᠷᠦᠩᠬᠡᠢ ᠰᠡᠳᠬᠢᠴᠡ ᠶᠢ | ᠪᠠᠷᠢᠮᠲᠠᠯᠠᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠪᠠ᠃ ᠪᠥᠬᠦ ᠵᠢᠯ ᠤᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠵᠦ᠂ ᠪᠥᠬᠦ ᠬᠤᠲᠠ ᠳᠤ | ᠬᠤᠶᠠᠳᠤᠭᠠᠷ ᠲᠤ ᠪᠠᠶᠢᠷᠢᠯᠠᠵᠤ᠂ ᠪᠥᠬᠦ ᠤᠯᠤᠰ ᠤᠨ ᠬᠢ ᠠᠴᠠ 3.6 ᠵᠠᠭᠤᠨ ᠤ ᠬᠤᠪᠢ ᠥᠨᠳᠥᠷ ᠪᠤᠯᠵᠤ᠂ ᠪᠥᠬᠦ ᠥᠪᠡᠷᠲᠡᠭᠡᠨ ᠵᠠᠰᠠᠬᠤ ᠣᠷᠣᠨ ᠤ ᠬᠢ ᠠᠴᠠ | 0.8 ᠵᠠᠭᠤᠨ ᠤ ᠬᠤᠪᠢ ᠥᠨᠳᠥᠷ ᠪᠤᠯᠵᠤ᠂ ᠪᠥᠬᠦ ᠬᠤᠲᠠ ᠶᠢᠨ ᠬᠢ ᠠᠴᠠ 2.7 ᠵᠠᠭᠤᠨ ᠤ ᠬᠤᠪᠢ ᠥᠨᠳᠥᠷ ᠪᠤᠯᠪᠠ᠃ | ᠭᠤᠷᠪᠠᠨ ᠶᠡᠭᠡ ᠲᠦᠷᠦᠯ ᠵᠦᠢᠯ ᠤᠨ ᠬᠤᠶᠠᠷ ᠨᠢ ᠨᠡᠮᠡᠭᠳᠡᠵᠤ ᠨᠢᠭᠡ ᠨᠢ ᠪᠠᠭᠤᠷᠠᠪᠠ᠃ 2023 ᠣᠨ ᠳᠤ᠂ ᠠᠭᠤᠷᠬᠠᠢ ᠮᠠᠯᠲᠠᠬᠤ ᠦᠢᠯᠡᠰ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠪᠡ︔ ᠦᠢᠯᠡᠳᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7.7% | ᠪᠠᠷ ᠪᠠᠭᠤᠷᠠᠪᠠ︔ ᠴᠠᠬᠢᠯᠭᠠᠨ ᠬᠦᠴᠦᠨ᠂ ᠢᠯᠴᠢ ᠶᠢᠨ ᠬᠦᠴᠦᠨ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ | ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 38.1% ᠪᠠᠷ ᠨᠡᠮᠡᠭᠳᠡᠪᠡ᠃ ᠭᠤᠷᠪᠠᠨ ᠲᠣᠮᠣ ᠲᠥᠷᠥᠯ ᠤᠨ ᠨᠡᠮᠡᠭᠳᠡᠯ ᠥᠷᠲᠡᠭ ᠤᠨ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠤ ᠡᠵᠡᠯᠡᠬᠦ ᠬᠤᠪᠢ ᠶᠢᠨ ᠵᠢᠩ ᠨᠢ ᠲᠣᠰ ᠲᠣᠰ 84.3%᠂ 8.8% ᠪᠠ 6.9% ᠪᠣᠯᠣᠨ᠎ᠠ᠃ | ᠡᠨᠧᠷᠭᠢ ᠶᠢᠨ ᠠᠵᠤ ᠦᠢᠯᠡᠳᠪᠦᠷᠢ ᠶᠢᠨ ᠬᠤᠪᠢ ᠨᠡᠮᠡᠷᠢ ᠲᠣᠪᠣᠶᠢᠮ᠎ᠠ ᠪᠤᠯᠪᠠ᠃ 2023 ᠣᠨ ᠳᠤ᠂ ᠬᠡᠪᠴᠢᠶᠡᠵᠢᠯ ᠠᠴᠠ ᠳᠡᠭᠡᠭᠰᠢᠬᠢ ᠡᠨᠧᠷᠭᠢ ᠶᠢᠨ ᠠᠵᠤ | ᠦᠢᠯᠡᠳᠪᠦᠷᠢ ᠶᠢᠨ ᠨᠡᠮᠡᠭᠳᠡᠯ ᠦᠷᠳᠡᠭ ᠠᠳᠠᠯᠢ ᠬᠤᠭᠤᠴᠠᠭᠠᠨ ᠤ ᠬᠢ ᠠᠴᠠ 9.8% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠦᠷᠳᠡᠭ ᠤᠨ 90.9% ᠶᠢ ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ 8.6 ᠵᠠᠭᠤᠨ ᠤ ᠬᠤᠪᠢ ᠪᠠᠷ | ᠨᠡᠮᠡᠭᠳᠡᠬᠦ ᠶᠢ ᠳᠠᠶᠢᠴᠢᠯᠠᠪᠠ᠃ ᠡᠭᠦᠨ ᠳᠤ᠂ ᠨᠡᠭᠦᠷᠡᠰᠦᠨ ᠤ ᠠᠵᠢᠯ ᠲᠥᠷᠥᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 6% ᠪᠠᠷ ᠨᠡᠮᠡᠭᠳᠡᠵᠦ᠂ | ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 83.4% ᠪᠠᠶᠢᠵᠤ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 6.8 ᠵᠠᠭᠤᠨ ᠤ ᠬᠤᠪᠢ | ᠳᠠᠶᠢᠴᠢᠯᠠᠵᠤ᠂ ᠠᠵᠤ ᠦᠢᠯᠡᠳᠪᠦᠷᠢ ᠶᠢᠨ ᠨᠡᠮᠡᠭᠳᠡᠯ ᠤᠨ ᠭᠤᠣᠯ ᠬᠥᠳᠡᠯᠭᠡᠬᠦ ᠬᠦᠴᠦᠨ ᠪᠣᠯᠪᠠ︔ ᠴᠠᠬᠢᠯᠭᠠᠨ ᠭᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ | ᠪᠠ ᠬᠠᠩᠭᠠᠯᠭ᠎ᠠ ᠶᠢᠨ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 43.5% ᠪᠠᠷ ᠨᠡᠮᠡᠭᠳᠡᠵᠦ᠂ ᠬᠤᠪᠢ ᠨᠡᠮᠡᠷᠢ ᠶᠢᠨ ᠨᠣᠷᠮ᠎ᠠ 21.2% | ᠳᠤ ᠬᠦᠷᠴᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 1.7 ᠵᠠᠭᠤᠨ ᠤ ᠬᠤᠪᠢ ᠳᠠᠶᠢᠴᠢᠯᠠᠪᠠ᠃ | ᠮᠠᠰᠢᠨ ᠲᠡᠷᠭᠡ ᠦᠢᠯᠡᠳᠬᠦ ᠦᠢᠯᠡᠰ ᠳᠡᠭᠡᠳᠦ ᠬᠤᠷᠳᠤᠴᠠ ᠪᠠᠷ ᠨᠡᠮᠡᠭᠳᠡᠪᠡ᠃ 2023 ᠣᠨ ᠳᠤ᠂ ᠮᠠᠰᠢᠨ ᠲᠡᠷᠭᠡ ᠦᠢᠯᠡᠳᠬᠦ ᠦᠢᠯᠡᠰ ᠤᠨ ᠨᠡᠮᠡᠭᠳᠡᠯ | ᠥᠷᠲᠡᠭ ᠠᠳᠠᠯᠢ ᠬᠤᠭᠤᠴᠠᠭᠠᠨ ᠤ ᠬᠢ ᠠᠴᠠ 21.3% ᠪᠠᠷ ᠨᠡᠮᠡᠭᠳᠡᠵᠦ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ 0.2 ᠵᠠᠭᠤᠨ ᠤ ᠬᠤᠪᠢ | ᠠᠬᠢᠭᠤᠯᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ ᠨᠢ 3% ᠪᠠᠶᠢᠪᠠ᠃ | ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠪᠠ ᠪᠣᠷᠤᠯᠠᠭᠤᠯᠭ᠎ᠠ ᠬᠤᠶᠠᠷ ᠲᠠᠯ᠎ᠠ ᠪᠠᠷ ᠬᠥᠭᠵᠢᠪᠡ᠃ 2023 ᠣᠨ ᠳᠤ ᠬᠡᠪᠴᠢᠶᠡᠵᠢᠯ | ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯ ᠪᠣᠯᠬᠤ ᠠᠵᠤ ᠦᠢᠯᠡᠳᠪᠦᠷᠢ ᠶᠢᠨ ᠦᠢᠯᠡᠳᠬᠦᠨ ᠤ ᠭᠠᠷᠤᠯᠲᠠ ᠶᠢᠨ ᠬᠡᠮᠵᠢᠶ᠎ᠡ 14 ᠨᠢ ᠨᠡᠮᠡᠭᠳᠡᠵᠤ 3 ᠨᠢ | ᠪᠠᠭᠤᠷᠠᠪᠠ᠃ ᠡᠭᠦᠨ ᠳᠤ᠂ ᠨᠡᠭᠦᠷᠡᠰᠦᠨ ᠤ ᠭᠠᠷᠤᠯᠲᠠ 10949.23 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.56% ᠪᠠᠷ | ᠨᠡᠮᠡᠭᠳᠡᠪᠡ︔ ᠴᠠᠬᠢᠯᠭᠠᠨ ᠭᠠᠷᠭᠠᠭᠰᠠᠨ ᠬᠡᠮᠵᠢᠶ᠎ᠡ 160.97 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 71% ᠪᠠᠷ | ᠨᠡᠮᠡᠭᠳᠡᠪᠡ︔ ᠢᠯᠴᠢ ᠶᠢᠨ ᠬᠦᠴᠦᠨ 2360.43 ᠲᠦᠮᠡᠨ ᠵᠢᠢ ᠵᠢᠶᠣᠣ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 8.15% ᠪᠠᠷ ᠨᠡᠮᠡᠭᠳᠡᠪᠡ︔ ᠴᠠᠭᠠᠨ | ᠢᠳᠡᠭᠡᠨ 2795 ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 33.73% ᠪᠠᠷ ᠨᠡᠮᠡᠭᠳᠡᠪᠡ︔ ᠨᠣᠣᠰᠣᠨ ᠨᠡᠬᠡᠮᠡᠯ 642.16 ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 60.31% ᠪᠠᠷ ᠨᠡᠮᠡᠭᠳᠡᠪᠡ︔ ᠬᠤᠪᠴᠠᠰᠤ ᠬᠤᠨᠠᠷ 402.79 ᠲᠦᠮᠡᠨ ᠵᠠᠬ᠎ᠠ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.93% ᠪᠠᠷ ᠨᠡᠮᠡᠭᠳᠡᠪᠡ︔ ᠬᠢᠲᠠᠳ ᠡᠮ 235 ᠲᠣᠨ ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 6.69% ᠪᠠᠷ | ᠨᠡᠮᠡᠭᠳᠡᠪᠡ︔ ᠲᠠᠸᠠᠷ ᠤᠨ ᠪᠧᠲ᠋ᠤᠨ 485244.3 ᠪᠣᠰᠤᠭ᠎ᠠ ᠳᠥᠷᠪᠡᠯᠵᠢᠨ ᠮᠧᠲᠷ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 100.71% ᠪᠠᠷ | ᠨᠡᠮᠡᠭᠳᠡᠪᠡ︔ ᠬᠥᠳᠡᠯᠭᠡᠭᠦᠷ ᠮᠠᠰᠢᠨ 49438 ᠺᠢᠯᠣᠸᠠᠲ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.59% ᠪᠠᠷ ᠨᠡᠮᠡᠭᠳᠡᠪᠡ︔ ᠠᠭᠤᠷᠬᠠᠢ ᠶᠢᠨ | ᠲᠤᠰᠬᠠᠢ ᠬᠡᠷᠡᠭᠯᠡᠭᠡᠨ ᠤ ᠲᠥᠬᠦᠭᠡᠷᠦᠮᠵᠢ 3355 ᠲᠣᠨ ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 20.09 ᠳᠠᠬᠢᠨ ᠨᠡᠮᠡᠭᠳᠡᠪᠡ︔ ᠮᠠᠰᠢᠨ ᠲᠡᠷᠭᠡ | 105847 ᠳᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 95.69% ᠪᠠᠷ ᠨᠡᠮᠡᠭᠳᠡᠪᠡ︔ ᠴᠠᠬᠢᠯᠭᠠᠨ ᠤᠳᠠᠰᠤ 3491 ᠺᠢᠯᠣᠮᠧᠲᠷ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 193.73% ᠪᠠᠷ ᠨᠡᠮᠡᠭᠳᠡᠪᠡ︔ ᠰᠢᠩᠭᠡᠨ ᠲᠠᠯᠠᠰᠲᠤ ᠳᠡᠯᠭᠡᠴᠡ 11198 ᠲᠦᠮᠡᠨ ᠬᠡᠰᠡᠭ ᠲᠤ ᠬᠦᠷᠴᠤ᠂ ᠠᠳᠠᠯᠢ | ᠬᠤᠭᠤᠴᠠᠭᠠᠨ ᠤ ᠬᠢ ᠠᠴᠠ 28.64% ᠪᠠᠷ ᠨᠡᠮᠡᠭᠳᠡᠪᠡ︔ ᠲᠦᠭᠡᠭᠡᠯ ᠤᠰᠤᠨ ᠤ ᠦᠢᠯᠡᠳᠪᠦᠷᠢᠯᠡᠯ ᠤᠨ ᠬᠡᠮᠵᠢᠶ᠎ᠡ 3259 ᠲᠦᠮᠡᠨ ᠪᠣᠰᠤᠭ᠎ᠠ ᠳᠥᠷᠪᠡᠯᠵᠢᠨ | ᠮᠧᠲᠷ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.37% ᠪᠠᠷ ᠨᠡᠮᠡᠭᠳᠡᠪᠡ᠃ ᠪᠥᠬᠦ ᠵᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠦᠢᠯᠡᠳᠪᠦᠷᠢᠯᠡᠯ ᠪᠣᠷᠤᠯᠠᠭᠤᠯᠭ᠎ᠠ ᠶᠢᠨ ᠨᠣᠷᠮ᠎ᠠ 100% ᠪᠤᠯᠪᠠ᠃ | ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢᠯᠡᠳᠳᠡ ᠳᠡᠭᠡᠭᠰᠢᠯᠡᠪᠡ᠃ 2023 ᠣᠨ ᠳᠤ᠂ ᠳ᠋ᠦᠩᠱᠧᠩ ᠲᠣᠭᠤᠷᠢᠭ ᠠᠵᠤ | ᠠᠬᠤᠢ ᠶᠢᠨ ᠶᠡᠭᠡ ᠪᠠᠶᠢᠳᠠᠯ ᠢ ᠬᠦᠴᠦᠯᠡᠨ ᠲᠣᠭᠲᠠᠪᠤᠷᠢᠵᠢᠭᠤᠯᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠳ ᠤᠨ | ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠲᠣᠭᠲᠠᠭᠤᠨ ᠤ ᠳᠤᠮᠳᠠ ᠰᠠᠶᠢᠵᠢᠷᠠᠪᠠ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠷᠠᠳ | ᠠᠴᠠ ᠡᠵᠡᠩᠨᠡᠭᠰᠡᠨ ᠠᠵᠤ ᠠᠬᠤᠶᠢᠯᠠᠯ 65 ᠡᠷᠦᠬᠡ ᠪᠠᠶᠢᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠶᠡᠷᠦᠩᠬᠡᠢ | ᠡᠷᠦᠬᠡ ᠶᠢᠨ ᠲᠣᠭᠠᠨ ᠤ 77.4% ᠶᠢ ᠡᠵᠡᠯᠡᠪᠡ᠃ ᠠᠷᠠᠳ ᠠᠴᠠ ᠡᠵᠡᠩᠨᠡᠭᠰᠡᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ | ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ 53.3% ᠶᠢ | ᠡᠵᠡᠯᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠤᠨ ᠴᠢᠬᠤᠯᠠ ᠬᠥᠳᠡᠯᠭᠡᠬᠦ ᠬᠦᠴᠦᠨ ᠤ ᠡᠬᠢ ᠢᠷᠡᠯᠳᠡ ᠪᠤᠯᠪᠠ᠃ | ᠠᠰᠢᠭ ᠣᠯᠵᠠᠪᠤᠷᠢ ᠣᠯᠬᠤ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠪᠡ᠃ ᠵᠠᠬ᠎ᠠ ᠳᠡᠯᠭᠡᠭᠦᠷ ᠤᠨ ᠵᠢᠱᠢᠯᠲᠡ ᠶᠢᠨ ᠰᠠᠶᠢᠵᠢᠷᠠᠬᠤ ᠶᠢ ᠳᠠᠭᠠᠯᠳᠤᠨ᠂ ᠠᠵᠤ | ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠪᠣᠳᠠᠲᠠᠢ ᠪᠠᠷ ᠨᠠᠶᠢᠳᠠᠪᠤᠷᠢᠵᠢᠭᠤᠯᠤᠨ ᠢᠯᠡᠳᠲᠡ ᠦᠷ᠎ᠡ ᠪᠦᠲᠦᠮᠵᠢ ᠣᠯᠵᠤ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠦᠷ᠎ᠡ ᠠᠰᠢᠭ ᠲᠠᠰᠤᠷᠠᠯᠲᠠ ᠦᠭᠡᠢ ᠳᠡᠭᠡᠭᠰᠢᠯᠡᠪᠡ᠃ 2023 ᠣᠨ ᠳᠤ᠂ ᠳ᠋ᠦᠩᠱᠧᠩ ᠲᠣᠭᠤᠷᠢᠭ ᠤᠨ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 927.2 ᠳ᠋ᠦᠩᠰᠢᠭᠤᠷ ᠲᠥᠭᠦᠷᠢᠭ ᠲᠤ ᠬᠦᠷᠴᠦ᠂ | ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 244.8 ᠳ᠋ᠦᠩᠰᠢᠭᠤᠷ ᠲᠥᠭᠦᠷᠢᠭ ᠲᠤ ᠬᠦᠷᠴᠦ᠂ ᠵᠠᠭᠤᠨ ᠲᠥᠭᠦᠷᠢᠭ ᠪᠦᠷᠢ ᠶᠢᠨ ᠪᠡᠯᠡ | ᠬᠥᠷᠥᠩᠭᠡ ᠶᠢᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 104.5 ᠲᠥᠭᠦᠷᠢᠭ ᠲᠤ ᠬᠦᠷᠴᠦ᠂ ᠡᠵᠡᠩᠨᠡᠯᠲᠡ ᠶᠢᠨ ᠣᠷᠣᠯᠭ᠎ᠠ ᠶᠢᠨ ᠠᠰᠢᠭ ᠬᠤᠨᠵᠢᠪᠤᠷᠢ ᠶᠢᠨ | ᠨᠣᠷᠮ᠎ᠠ 26.4% ᠳᠤ ᠬᠦᠷᠴᠡᠢ᠃ | ᠠᠵᠤ ᠦᠢᠯᠡᠳᠪᠦᠷᠢ ᠶᠢᠨ ᠡᠨᠧᠷᠭᠢ ᠶᠢᠨ ᠬᠡᠷᠡᠭᠯᠡᠭᠡ ᠲᠦᠷᠭᠡᠨ ᠢᠶᠠᠷ ᠨᠡᠮᠡᠭᠳᠡᠵᠦ᠂ ᠡᠨᠧᠷᠭᠢ ᠶᠢᠨ ᠬᠤᠷᠣᠭᠳᠠᠯ ᠤᠨ ᠬᠤᠣᠰ ᠬᠢᠵᠠᠭᠠᠷᠯᠠᠯ ᠤᠨ ᠳᠠᠷᠤᠯᠲᠠ ᠢᠯᠡᠷᠬᠡᠢ | ᠪᠣᠯᠪᠠ᠃ 2023 ᠣᠨ ᠳᠤ᠂ ᠠᠵᠤ ᠦᠢᠯᠡᠳᠪᠦᠷᠢ ᠶᠢᠨ ᠡᠨᠧᠷᠭᠢ ᠶᠢᠨ ᠬᠤᠷᠣᠭᠳᠠᠯ ︵ᠲᠡᠩᠴᠡᠭᠦᠦ ᠦᠷᠳᠡᠭ︶ ᠤᠨ ᠨᠡᠮᠡᠭᠳᠡᠯ ᠤᠨ ᠬᠤᠷᠳᠤᠴᠠ ᠦᠷᠭᠦᠯᠵᠢᠯᠡᠨ | ᠲᠦᠷᠭᠡᠳᠴᠦ᠂ ᠨᠡᠮᠡᠭᠳᠡᠯ ᠤᠨ ᠬᠤᠷᠳᠤᠴᠠ 32.2% ᠲᠤ ᠬᠦᠷᠴᠦ᠂ ᠠᠵᠤ ᠦᠢᠯᠡᠳᠪᠦᠷᠢ ᠶᠢᠨ ᠬᠡᠷᠡᠭᠯᠡᠭᠡᠨ ᠤ ᠨᠡᠭᠦᠷᠡᠰᠦ 1722.7 ᠲᠦᠮᠡᠨ ᠲᠣᠨ ᠳᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 122.1% ᠪᠠᠷ ᠨᠡᠮᠡᠭᠳᠡᠵᠦ᠂ ᠴᠠᠬᠢᠯᠭᠠᠨ ᠬᠡᠷᠡᠭᠯᠡᠭᠰᠡᠨ ᠬᠡᠮᠵᠢᠶ᠎ᠡ 28.9 ᠳ᠋ᠦᠩᠰᠢᠭᠤᠷ ᠺᠢᠯᠣᠸᠠᠲ ᠴᠠᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 11.7% ᠪᠠᠷ ᠨᠡᠮᠡᠭᠳᠡᠪᠡ᠃ | |