︽ᠦᠳᠡᠬᠦᠰ ᠨᠢᠯᠬᠠᠰ︾ ᠲᠤ ᠬᠤᠯᠪᠤᠭᠳᠠᠬᠤ ᠡᠨᠡᠬᠦ ᠰᠢᠨ᠎ᠡ ᠳᠤᠭᠳᠠᠭᠠᠯ ᠢ ᠳᠠᠷᠠᠭ᠎ᠠ ᠰᠠᠷ᠎ᠠ ᠠᠴᠠ ᠡᠬᠢᠯᠡᠵᠤ ᠬᠡᠷᠡᠭᠵᠢᠬᠦᠯᠦᠨ᠎ᠡ
ᠨᠡᠶᠢᠲᠡᠯᠡᠭᠰᠡᠨ ᠴᠠᠭ᠄
2024/2/20
      ᠵᠠᠬ᠎ᠠ ᠳᠡᠯᠬᠡᠬᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠬᠡᠢ ᠳᠤᠪᠴᠢᠶ᠎ᠠ ᠦᠢᠷ᠎ᠠ ᠳᠤ ︽ᠠᠵᠤ ᠠᠬᠤᠶᠢᠯᠠᠯ ᠤᠨ ᠢᠳᠡᠬᠡᠨ ᠤ ᠠᠮᠤᠷ ᠲᠦᠪᠰᠢᠨ ᠤ ᠬᠠᠮᠢᠶᠠᠷᠤᠭᠴᠢ ᠳᠤ ᠬᠢᠨᠠᠯᠳᠠ ᠳᠠᠯᠪᠢᠵᠤ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠵᠦᠭᠯᠡᠬᠦᠷ︾ ᠪᠠ ︽ᠠᠵᠤ ᠠᠬᠤᠶᠢᠯᠠᠯ ᠤᠨ ᠢᠳᠡᠬᠡᠨ ᠤ ᠠᠮᠤᠷ ᠲᠦᠪᠰᠢᠨ ᠤ ᠬᠠᠮᠢᠶᠠᠷᠤᠭᠴᠢ ᠳᠤ ᠬᠢᠨᠠᠯᠳᠠ ᠳᠠᠯᠪᠢᠵᠤ ᠰᠤᠭᠤᠴᠢᠨ ᠪᠠᠶᠢᠴᠠᠭᠠᠵᠤ ᠬᠢᠨᠠᠨ ᠰᠢᠯᠭᠠᠬᠤ ᠬᠦᠳᠦᠯᠪᠤᠷᠢ︾ ᠶᠢ ᠨᠡᠶᠢᠳᠡᠯᠡᠵᠤ᠂ 2024 ᠤᠨ  ᠤ  ᠰᠠᠷ᠎ᠠ ᠶᠢᠨ 13 ᠤ ᠡᠳᠤᠷ ᠠᠴᠠ ᠡᠬᠢᠯᠡᠨ ᠬᠡᠷᠡᠭᠵᠢᠬᠦᠯᠬᠦ ᠪᠠᠷ ᠪᠤᠯᠪᠠ᠃ ᠡᠨᠡ ᠨᠢ ᠤᠨᠴᠠᠭᠠᠢ ᠢᠳᠡᠬᠡᠨ ᠢ ᠦᠢᠯᠡᠳᠪᠤᠷᠢᠯᠡᠵᠤ ᠡᠵᠡᠩᠨᠡᠬᠦ ᠠᠵᠤ ᠠᠬᠤᠶᠢᠯᠠᠯ ᠤᠨ ᠢᠳᠡᠬᠡᠨ ᠤ ᠠᠮᠤᠷ ᠲᠦᠪᠰᠢᠨ ᠤ ᠬᠠᠮᠢᠶᠠᠷᠤᠭᠴᠢ ᠶᠢᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠤᠯᠠᠮ ᠳᠤᠳᠤᠷᠬᠠᠢ ᠪᠤᠯᠭᠠᠬᠤ ᠪᠤᠯᠤᠨ᠎ᠠ᠃       ᠤᠨᠴᠠᠭᠠᠢ ᠢᠳᠡᠬᠡᠨ ᠳᠤ ᠡᠷᠡᠬᠦᠯᠵᠢᠯ ᠤᠨ ᠢᠳᠡᠬᠡᠨ᠂ ᠠᠨᠠᠭᠠᠬᠤ ᠤᠬᠠᠭᠠᠨ ᠤ ᠤᠨᠴᠠᠭᠠᠢ ᠬᠡᠷᠡᠭᠴᠡᠭᠡᠳᠤ ᠨᠠᠶᠢᠷᠠᠯᠭ᠎ᠠ ᠲᠠᠢ ᠢᠳᠡᠬᠡᠨ ᠪᠠ ᠨᠢᠯᠬ᠎ᠠ ᠬᠡᠤᠬᠡᠳ ᠤᠨ ᠨᠠᠶᠢᠷᠠᠯᠭ᠎ᠠ ᠲᠠᠢ ᠢᠳᠡᠬᠡᠨ ᠪᠠᠭᠳᠠᠵᠤ᠂ ︽ᠦᠳᠡᠬᠦᠰ ᠨᠢᠯᠬᠠᠰ︾ ᠵᠡᠷᠬᠡ ᠭᠤᠤᠯᠳᠠᠯᠭ᠎ᠠ ᠲᠠᠢ ᠬᠦᠮᠦᠰ ᠤᠨ ᠪᠡᠶ᠎ᠡ ᠮᠠᠬᠠᠪᠤᠳ ᠤᠨ ᠡᠷᠡᠬᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠲᠠᠢ ᠬᠤᠯᠪᠤᠭᠳᠠᠨ᠎ᠠ᠃       ᠳᠤᠰ ︽ᠵᠦᠭᠯᠡᠬᠦᠷ︾ ᠪᠠ ︽ᠬᠦᠳᠦᠯᠪᠤᠷᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠤᠰᠤᠯᠡᠪᠡᠯ᠂ ᠤᠨᠴᠠᠭᠠᠢ ᠢᠳᠡᠬᠡᠨ ᠢ ᠦᠢᠯᠡᠳᠪᠤᠷᠢᠯᠡᠵᠤ ᠡᠵᠡᠩᠨᠡᠬᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠳᠠᠨ ᠨᠢ ᠤᠨᠴᠠᠭᠠᠢ ᠢᠳᠡᠬᠡᠨ ᠤ ᠦᠢᠯᠡᠳᠪᠤᠷᠢᠯᠡᠯ ᠪᠠ ᠡᠵᠡᠩᠨᠡᠯᠳᠡ ᠯᠦᠭᠡ ᠬᠤᠯᠪᠤᠭᠳᠠᠬᠤ ᠢᠳᠡᠬᠡᠨ ᠤ ᠠᠮᠤᠷ ᠲᠦᠪᠰᠢᠨ ᠤ ᠬᠠᠤᠯᠢ ᠴᠠᠭᠠᠵᠠ ᠲᠦᠷᠢᠮ ᠳᠤᠭᠳᠠᠭᠠᠯ ᠪᠠ ᠪᠠᠷᠢᠮᠵᠢᠶ᠎ᠡ ᠶᠢ ᠰᠠᠶᠢᠳᠤᠷ ᠡᠵᠡᠮᠰᠢᠵᠤ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠬᠡᠷᠡᠭᠳᠡᠢ᠃       ᠤᠨᠴᠠᠭᠠᠢ ᠢᠳᠡᠬᠡᠨ ᠦᠢᠯᠡᠳᠪᠤᠷᠢᠯᠡᠬᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠳᠠᠨ ᠨᠢ ᠦᠢᠯᠡᠳᠪᠤᠷᠢᠯᠡᠯ ᠤᠨ ᠶᠠᠪᠤᠴᠠ ᠳᠠᠬᠢ ᠵᠠᠩᠬᠢᠯᠠᠭ᠎ᠠ ᠶᠢᠨ ᠲᠦᠭᠰᠢᠬᠦᠷᠢ ᠶᠢᠨ ᠴᠢᠭ ᠪᠤᠯᠤᠨ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠦᠢᠯᠠᠭᠠᠵᠤ᠂ ᠳᠤᠰ ᠠᠵᠤ ᠠᠬᠤᠶᠢᠯᠠᠯ ᠤᠨ ᠢᠳᠡᠬᠡᠨ ᠤ ᠠᠮᠤᠷ ᠲᠦᠪᠰᠢᠨ ᠤ ᠬᠠᠮᠢᠶᠠᠷᠤᠯᠳᠠ  ᠶᠢᠨ ᠲᠦᠷᠢᠮ᠂ ᠳᠤᠰ ᠠᠵᠤ ᠠᠬᠤᠶᠢᠯᠠᠯ ᠯᠤᠭ᠎ᠠ ᠬᠤᠯᠪᠤᠭᠳᠠᠬᠤ ᠬᠠᠤᠯᠢ ᠶᠢᠨ ᠬᠠᠷᠢᠭᠤᠴᠠᠯᠭ᠎ᠠ ᠪᠤᠯᠤᠨ ᠰᠢᠢᠳᠬᠡᠨ ᠳᠤᠷᠭᠠᠬᠤ ᠳᠤᠭᠳᠠᠭᠠᠯ ᠵᠢᠴᠢ ᠢᠳᠡᠬᠡᠨ ᠤ ᠠᠮᠤᠷ ᠲᠦᠪᠰᠢᠨ ᠤ ᠰᠠᠭᠤᠷᠢ ᠮᠡᠳᠡᠯᠬᠡ ᠵᠡᠷᠬᠡ ᠠᠭᠤᠯᠭ᠎ᠠ ᠶᠢ ᠡᠵᠡᠮᠰᠢᠬᠦ ᠬᠡᠷᠡᠭᠳᠡᠢ᠃ ᠤᠨᠴᠠᠭᠠᠢ ᠢᠳᠡᠬᠡᠨ ᠡᠵᠡᠩᠨᠡᠬᠦ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠳᠠᠨ ᠨᠢ ᠳᠤᠰ ᠠᠵᠤ ᠠᠬᠤᠶᠢᠯᠠᠯ ᠤᠨ ᠡᠵᠡᠩᠨᠡᠵᠤ ᠪᠠᠶᠢᠭ᠎ᠠ ᠤᠨᠴᠠᠭᠠᠢ ᠢᠳᠡᠬᠡᠨ ᠤ ᠳᠠᠩᠰᠠᠯᠠᠨ ᠳᠡᠮᠳᠡᠭᠯᠡᠭᠰᠡᠨ ᠪᠠᠶᠢᠳᠠᠯ᠂ ᠤᠨᠴᠠᠭᠠᠢ ᠢᠳᠡᠬᠡᠨ ᠢ ᠪᠤᠷᠤᠯᠠᠭᠤᠯᠬᠤ ᠤᠨᠴᠠᠭᠠᠢ ᠱᠠᠭᠠᠷᠳᠠᠯᠭ᠎ᠠ ᠵᠢᠴᠢ ᠪᠠᠷᠠᠭ᠎ᠠ ᠤᠷᠤᠭᠤᠯᠬᠤ᠂ ᠬᠤᠳᠠᠯᠳᠤᠬᠤ᠂ ᠬᠠᠳᠠᠭᠠᠯᠠᠬᠤ᠂ ᠳᠡᠬᠡᠬᠡᠪᠤᠷᠢᠯᠡᠬᠦ ᠵᠡᠷᠬᠡ ᠡᠵᠡᠩᠨᠡᠯᠳᠡ ᠶᠢᠨ ᠶᠠᠪᠤᠴᠠ ᠳᠠᠬᠢ ᠵᠠᠩᠬᠢᠯᠠᠭ᠎ᠠ ᠶᠢᠨ ᠲᠦᠭᠰᠢᠬᠦᠷᠢ ᠶᠢᠨ ᠴᠢᠭ ᠪᠤᠯᠤᠨ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠳᠤᠳᠤᠷᠬᠠᠢ ᠦᠢᠯᠠᠭᠠᠬᠤ ᠬᠡᠷᠡᠭᠳᠡᠢ᠃
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ