ᠳ᠋ᠦᠩᠱᠧᠩ ᠲᠣᠭᠤᠷᠢᠭ ᠤᠨ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠵᠠᠰᠠᠬᠤ ᠪᠠ ︽ᠭᠤᠷᠪᠠᠨ ᠬᠦᠴᠢᠷ︾ ᠠᠰᠠᠭᠤᠳᠠᠯ ᠢ ᠰᠢᠢᠳᠪᠦᠷᠢᠯᠡᠬᠦ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/2/21
                                     2 ᠰᠠᠷ᠎ᠠ ᠶᠢᠨ 20 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠸ ᠭᠡᠷ ᠪᠠᠶᠢᠰᠢᠩ ᠭᠠᠵᠠᠷ  ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠵᠠᠰᠠᠬᠤ ᠪᠠ ︽ᠭᠤᠷᠪᠠᠨ ᠬᠦᠴᠢᠷ︾ ᠠᠰᠠᠭᠤᠳᠠᠯ ᠢ ᠰᠢᠢᠳᠪᠦᠷᠢᠯᠡᠬᠦ ᠠᠵᠢᠯ ᠢ ᠲᠣᠬᠢᠷᠠᠭᠤᠯᠤᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠰᠤᠳᠤᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠢ ᠳᠠᠬᠢᠨᠳᠠ ᠳᠤᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠭᠡᠷ ᠪᠠᠶᠢᠰᠢᠩ ᠭᠠᠵᠠᠷ ᠬᠦᠷᠦᠩᠬᠡ ᠶᠢᠨ ᠬᠦᠷᠢᠶᠡᠨ ᠤ ᠦᠷᠭᠦᠯᠵᠢᠯᠡᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠨᠢ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠲᠠᠢ ᠬᠤᠯᠪᠣᠭᠳᠠᠵᠤ᠂ ᠠᠵᠤ ᠦᠢᠯᠡᠰ ᠤᠨ ᠬᠥᠭᠵᠢᠯᠲᠡ ᠪᠠ ᠠᠷᠠᠳ ᠤᠨ ᠠᠮᠢᠳᠤᠷᠠᠯ ᠤᠨ ᠪᠠᠲᠤᠯᠠᠭ᠎ᠠ ᠲᠠᠢ ᠬᠤᠯᠪᠣᠭᠳᠠᠵᠤ ᠪᠠᠶᠢᠳᠠᠭ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ᠪᠣᠳᠠᠲᠠᠢ ᠲᠤᠯᠭᠠᠮ᠎ᠠ ᠴᠢᠨᠠᠷ ᠢ ᠭᠦᠨᠵᠡᠭᠡᠢ ᠲᠠᠨᠢᠵᠤ᠂ ᠣᠯᠠᠨ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠪᠠᠷ ᠭᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠶᠢ ᠦᠨᠡᠨ ᠬᠦ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠳᠠᠬᠢᠨ ᠴᠢᠩᠭᠠᠷᠠᠭᠤᠯᠵᠤ᠂ ᠳᠤᠭᠤᠷᠢᠭ ᠤᠨ ᠨᠠᠮ ᠤᠨ ᠬᠤᠷᠢᠶ᠎ᠠ ᠶᠢᠨ ᠵᠥᠪᠯᠡᠨ ᠲᠣᠭᠲᠠᠭᠠᠭᠰᠠᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠲᠣᠭᠲᠠᠴᠠ᠂ ᠠᠵᠢᠯ ᠤᠨ ᠡᠭᠦᠷᠭᠡ ᠬᠠᠷᠠᠯᠲᠠ ᠵᠢᠴᠢ ᠠᠷᠭ᠎ᠠ ᠬᠡᠮᠵᠢᠶ᠎ᠡ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠵᠢᠯ ᠤᠨ ᠰᠠᠨᠠᠭᠠᠴᠢᠯᠠᠭᠠᠲᠤ ᠴᠢᠨᠠᠷ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠰᠠᠨᠠᠭᠠᠴᠢᠯᠠᠭ᠎ᠠ  ᠠᠴᠠ ᠪᠠᠨ ᠠᠵᠢᠯᠯᠠᠨ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠯ᠎ᠡ ᠱᠠᠲᠤᠨ ᠤ ᠲᠥᠷᠥ ᠶᠢᠨ ᠪᠣᠳᠣᠯᠭ᠎ᠠ ᠪᠠ ᠵᠢᠯᠤᠭᠤᠳᠬᠤ ᠰᠠᠨᠠᠯ ᠢ ᠭᠦᠢᠴᠡᠳ ᠰᠠᠶᠢᠲᠤᠷ ᠬᠡᠷᠡᠭᠵᠢᠬᠦᠯᠵᠤ᠂ ᠡᠯ᠎ᠡ ᠵᠦᠢᠯ ᠤᠨ ᠠᠵᠢᠯ ᠢᠶᠠᠨ ᠪᠦᠲᠦᠭᠡᠯᠴᠢ ᠪᠠᠷ ᠥᠷᠨᠢᠭᠦᠯᠬᠦ ᠬᠡᠷᠡᠭᠲᠡᠢ᠃ ᠠᠵᠢᠯᠯᠠᠭᠠᠨ ᠤ ᠲᠣᠭᠲᠠᠴᠠ ᠶᠢ ᠤᠯᠠᠮ ᠰᠢᠯᠤᠭᠤᠳᠬᠠᠨ ᠵᠣᠬᠢᠴᠠᠭᠤᠯᠵᠤ᠂ ᠬᠡᠷᠡᠭ ᠵᠥᠪᠯᠡᠬᠦ ᠪᠠᠶᠢᠭᠤᠯᠤᠮᠵᠢ᠂ ᠠᠵᠢᠯ ᠤᠨ ᠲᠤᠰᠬᠠᠢ ᠠᠩᠭᠢ᠂ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠪᠠ ᠰᠢᠪᠠᠳᠠᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ ᠵᠡᠷᠭᠡ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠥᠷᠢᠴᠡᠯ ᠵᠢᠭᠤᠷᠠᠯᠳᠤᠭᠠᠨ ᠢ ᠣᠯᠠᠨ ᠡᠰᠢᠵᠢᠭᠦᠯᠦᠨ ᠬᠤᠯᠪᠣᠯᠳᠤᠭᠤᠯᠤᠨ ᠰᠢᠢᠳᠪᠦᠷᠢᠯᠡᠬᠦ ᠵᠠᠭᠪᠤᠷ ᠢ ᠭᠦᠢᠴᠡᠳ ᠬᠡᠷᠡᠭᠯᠡᠨ᠂ ᠭᠡᠷ ᠪᠠᠶᠢᠰᠢᠩ ᠭᠠᠵᠠᠷ  ᠬᠥᠷᠥᠩᠭᠡ ᠶᠢᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠰᠢᠢᠳᠪᠤᠷᠢᠯᠡᠬᠦ ᠠᠵᠢᠯ ᠢ ᠬᠦᠴᠦᠲᠡᠢ ᠪᠥᠭᠡᠳ ᠡᠮᠬᠢ ᠵᠢᠷᠤᠮ ᠲᠠᠢ ᠥᠨᠳᠥᠷ ᠪᠦᠲᠦᠮᠵᠢᠲᠡᠶ ᠪᠠᠷ ᠠᠬᠢᠭᠤᠯᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠠᠵᠢᠯ ᠤᠨ ᠬᠠᠮᠲᠤᠷᠠᠯ ᠤᠨ ᠬᠦᠴᠦᠨ ᠢ ᠳᠠᠬᠢᠨ ᠨᠢᠭᠲᠠᠷᠠᠭᠤᠯᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠠᠷᠭ᠎ᠠ ᠵᠠᠮ ᠢ ᠲᠠᠰᠤᠷᠠᠯᠲᠠ ᠦᠭᠡᠢ ᠰᠠᠭᠠᠳ ᠦᠭᠡᠢ ᠨᠠᠪᠲᠠᠷᠡᠭᠦᠯᠵᠦ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠨ᠂ ᠡᠯ᠎ᠡ ᠲᠠᠯ᠎ᠠ ᠶᠢᠨ ᠦᠢᠯᠡᠳᠤᠯ ᠢ ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠶᠡᠷᠦᠩᠬᠡᠶᠢᠯᠡᠨ ᠬᠡᠷᠡᠭᠯᠡᠵᠦ᠂ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ᠂ ᠥᠮᠴᠢᠯᠡᠬᠦ ᠡᠷᠬᠡ ᠶᠢᠨ ᠦᠨᠡᠮᠯᠡᠯ ᠢ ᠭᠦᠢᠴᠡᠳᠬᠡᠬᠦ ᠪᠠ ᠲᠠᠸᠠᠷ ᠤᠨ ᠭᠡᠷ ᠪᠠᠶᠢᠰᠢᠩ ᠢ ᠬᠤᠭᠤᠴᠠᠭ᠎ᠠ ᠠᠴᠠ ᠬᠡᠳᠤᠷᠡᠬᠦᠯᠦᠨ ᠲᠤᠰᠢᠶᠠᠭᠰᠠᠨ ᠦᠭᠡᠢ ᠵᠡᠷᠭᠡ ᠲᠣᠪᠣᠶᠢᠮ᠎ᠠ ᠠᠰᠠᠭᠤᠳᠠᠯ ᠢ ᠨᠢᠭᠡᠳᠦᠯᠲᠡᠢ ᠲᠥᠯᠥᠪᠯᠡᠨ ᠰᠢᠢᠳᠪᠦᠷᠢᠯᠡᠬᠦ ᠬᠡᠷᠡᠭᠲᠡᠢ᠃ ᠬᠤᠷᠢᠭ᠎ᠠ ᠱᠤᠭᠤᠮ ᠤᠨ ᠰᠡᠳᠬᠢᠬᠦᠢ ᠶᠢ ᠤᠯᠠᠮ ᠪᠠᠲᠤ ᠪᠠᠬᠢ ᠪᠣᠯᠭᠠᠵᠤ᠂ ︽ᠰᠢᠢᠳᠪᠦᠷᠢᠯᠡᠬᠦ︾ ᠰᠡᠳᠬᠢᠬᠦᠢ ᠪᠠ ︽ᠤᠴᠢᠷ ᠶᠠᠪᠤᠳᠠᠯ ᠢ ᠰᠢᠢᠳᠪᠦᠷᠢᠯᠡᠬᠦ︾ ᠡᠷᠡᠰ ᠵᠣᠷᠢᠭ ᠢᠶᠠᠨ ᠪᠠᠲᠤᠳᠬᠠᠵᠤ᠂ ᠬᠠᠤᠯᠢ ᠪᠠᠷ ᠵᠠᠰᠠᠬᠤ ᠪᠠᠲᠤᠯᠠᠭ᠎ᠠ ᠶᠢ ᠲᠣᠪᠤᠶᠢᠯᠭᠠᠨ᠂ ᠠᠵᠢᠯ ᠤᠨ ᠬᠦᠴᠦᠨ ᠢᠶᠠᠨ ᠪᠠᠬᠢᠵᠢᠭᠦᠯᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠬᠤ ᠶᠢ ᠦᠨᠡᠨ ᠬᠦ ᠪᠠᠲᠤᠯᠠᠵᠤ᠂ ᠭᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠬᠡᠷᠡᠭᠲᠡᠢ ᠬᠡᠵᠤ ᠴᠢᠬᠤᠯᠠᠴᠢᠯᠠᠪᠠ᠃       ᠲᠣᠭᠤᠷᠢᠭ ᠤᠨ ᠤᠳᠤᠷᠢᠳᠤᠯᠭ᠎ᠠ ᠯᠢ ᠰᠢᠶᠣᠣ ᠳ᠋ᠦᠩ᠂ ᠭᠤᠸ ᠮᠢᠩ᠂ ᠵᠠᠩ ᠪᠢᠩ᠂ ᠵᠠᠩ ᠵᠢᠶᠠᠨ ᠬᠥᠩ ᠵᠢᠴᠢ ᠲᠣᠭᠤᠷᠢᠭ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠤᠷᠤᠯᠴᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ