ᠰᠢ ᠶᠢᠨ ᠫᠢᠩ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ ᠭᠠᠵᠠᠷ ᠰᠢᠷᠣᠢ ᠶᠢᠨ ᠡᠯᠧᠮᠧᠨ᠋ᠲ ᠤᠨ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠵᠤ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠭᠦ ᠬᠡᠷᠡᠭᠲᠡᠢ
ᠨᠡᠶᠢᠲᠡᠯᠡᠭᠰᠡᠨ ᠴᠠᠭ᠄
2024/2/22
      ᠯᠢ ᠴᠢᠶᠠᠩ ᠸᠠᠩ ᠬᠤ᠋ ᠨᠢᠩ ᠼᠠᠢ ᠴᠢ ᠣᠷᠣᠯᠴᠠᠵᠠᠢ      ᠰᠢᠨᠬᠤᠸᠠ ᠬᠤᠷᠢᠶ᠎ᠠ ᠶᠢᠨ ᠪᠡᠭᠡᠵᠢᠩ ᠤᠨ 2 ᠰᠠᠷ᠎ᠠ ᠶᠢᠨ 19 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠡᠷᠭᠢᠯᠡᠭᠴᠢ ᠰᠢ ᠶᠢᠨ ᠫᠢᠩ 2 ᠰᠠᠷ᠎ᠠ ᠶᠢᠨ 19 ᠤ ᠦᠳᠡ ᠶᠢᠨ ᠬᠤᠶᠢᠨ᠎ᠠ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠥᠷᠪᠡᠳᠦᠭᠡᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠭᠠᠵᠠᠷ ᠰᠢᠷᠣᠢ ᠶᠢᠨ ᠬᠠᠮᠢᠶᠠᠷᠤᠯᠲᠠ ᠶᠢᠨ ᠳᠦᠷᠢᠮ ᠳᠤ ᠥᠭᠡᠷᠡᠴᠢᠯᠡᠯᠲᠡ ᠬᠢᠵᠦ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠬᠤ ᠲᠤᠬᠠᠢ ᠰᠠᠨᠠᠯ︾᠂ ︽ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠤᠬᠠᠢ ᠰᠠᠨᠠᠯ︾᠂ ︽ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠭᠦ ᠲᠤᠬᠠᠢ ᠰᠠᠨᠠᠯ︾᠂ ︽ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ ᠳᠦᠷᠢᠮ ᠢ ᠲᠦᠷᠭᠡᠳᠬᠡᠨ ᠪᠦᠷᠢᠯᠳᠦᠭᠦᠯᠬᠦ ᠲᠤᠬᠠᠢ ᠰᠠᠨᠠᠯ︾᠂ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2023 ᠣᠨ ᠤ ᠠᠵᠢᠯ ᠤᠨ ᠳ᠋ᠦᠩᠨᠡᠯᠲᠡ ᠶᠢᠨ ᠮᠡᠳᠡᠭᠦᠯᠦᠯᠲᠡ︾᠂ ︽ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ 2024 ᠣᠨ ᠤ ᠠᠵᠢᠯ ᠤᠨ ᠭᠤᠣᠯᠳᠠᠯᠭ᠎ᠠ︾ ᠶᠢ ᠬᠢᠨᠠᠨ ᠵᠥᠪᠯᠡᠵᠦ ᠪᠠᠲᠤᠯᠠᠵᠠᠢ᠃      ᠰᠢ ᠶᠢᠨ ᠫᠢᠩ ᠬᠤᠷᠠᠯ ᠢ ᠡᠷᠭᠢᠯᠡᠭᠦ ᠳᠡᠭᠡᠨ᠂ ᠬᠤᠷᠸ᠎ᠠ ᠲᠦᠷᠦ ᠶᠢᠨ ᠪᠣᠳᠣᠯᠭ᠎ᠠ᠂ ᠣᠷᠣᠨ ᠪᠦᠰᠡ ᠶᠢᠨ ᠬᠥᠭᠵᠢᠯᠲᠡ ᠯᠦᠭᠡ ᠨᠡᠩ ᠥᠨᠳᠥᠷ ᠪᠦᠲᠦᠮᠵᠢᠲᠡᠢ ᠵᠣᠯᠭᠠᠯᠴᠠᠬᠤ ᠭᠠᠵᠠᠷ ᠰᠢᠷᠣᠢ ᠶᠢᠨ ᠬᠠᠮᠢᠶᠠᠷᠤᠯᠲᠠ ᠶᠢᠨ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠭᠠᠵᠠᠷ ᠰᠢᠷᠣᠢ ᠶᠢᠨ ᠡᠯᠧᠮᠧᠨ᠋ᠲ ᠢ ᠲᠣᠬᠢᠷᠠᠭᠤᠯᠬᠤ ᠶᠢᠨ ᠣᠨᠣᠪᠴᠢᠲᠤ ᠴᠢᠨᠠᠷ ᠪᠠ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠤᠣᠯ ᠴᠣᠭᠴᠠ ᠶᠢᠨ ᠴᠢᠳᠠᠮᠵᠢ ᠶᠢᠨ ᠬᠢᠵᠠᠭᠠᠷᠯᠠᠯ ᠪᠦᠲᠦᠮᠵᠢᠲᠡᠢ᠂ ᠤᠯᠤᠰ ᠤᠨ ᠨᠤᠲᠤᠭ ᠳᠡᠪᠢᠰᠬᠡᠷ ᠤᠨ ᠨᠡᠭᠡᠭᠡᠨ ᠬᠥᠭᠵᠢᠭᠦᠯᠦᠯᠲᠡ ᠶᠢ ᠵᠣᠬᠢᠴᠠᠩᠭᠤᠢ ᠡᠮᠬᠢ ᠵᠢᠷᠤᠮ ᠲᠠᠢ ᠪᠤᠯᠭᠠᠬᠤ ᠣᠷᠣᠨ ᠵᠠᠢ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠭᠠᠵᠠᠷ ᠰᠢᠷᠣᠢ ᠶᠢᠨ ᠡᠯᠧᠮᠧᠨ᠋ᠲ ᠤᠨ ᠳᠠᠪᠠᠭᠤᠯᠢᠭ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠪᠣᠯ ᠡᠬᠢ ᠪᠠᠶᠠᠯᠢᠭ ᠣᠷᠴᠢᠨ ᠲᠣᠭᠤᠷᠢᠨ ᠠᠮᠢ ᠠᠬᠤᠢ ᠶᠢᠨ ᠠᠰᠠᠭᠤᠳᠠᠯ ᠢ ᠰᠢᠢᠳᠪᠦᠷᠢᠯᠡᠬᠦ ᠰᠠᠭᠤᠷᠢ ᠪᠤᠯᠬᠤ ᠠᠷᠭ᠎ᠠ ᠪᠣᠳᠣᠯᠭ᠎ᠠ ᠪᠣᠯᠣᠨ᠎ᠠ᠂ ᠪᠦᠭᠦ ᠲᠠᠯ᠎ᠠ ᠪᠠᠷ ᠭᠡᠯᠪᠡᠷᠢ ᠪᠠᠨ ᠬᠤᠪᠢᠷᠠᠭᠤᠯᠬᠤ᠂ ᠬᠠᠮᠵᠢᠯᠴᠠᠨ ᠭᠡᠯᠪᠡᠷᠢ ᠪᠠᠨ ᠬᠤᠪᠢᠷᠠᠭᠤᠯᠬᠤ᠂ ᠰᠢᠨ᠎ᠡ ᠶᠢ ᠡᠭᠦᠳᠦᠨ ᠭᠡᠯᠪᠡᠷᠢ ᠪᠠᠨ ᠬᠤᠪᠢᠷᠠᠭᠤᠯᠬᠤ᠂ ᠠᠮᠤᠷ ᠲᠦᠪᠰᠢᠨ ᠢᠶᠠᠷ ᠭᠡᠯᠪᠡᠷᠢ ᠪᠠᠨ ᠬᠤᠪᠢᠷᠠᠭᠤᠯᠬᠤ ᠶᠢ ᠪᠠᠷᠢᠮᠲᠠᠯᠠᠵᠤ᠂ ︽ᠬᠤᠣᠰ ᠨᠡᠭᠦᠷᠡᠰᠦᠲᠥ᠋ᠷᠥᠭᠴᠢ︾ ᠶᠢᠨ ᠠᠵᠢᠯ ᠢᠶᠠᠷ ᠵᠢᠯᠣᠭᠤᠳᠤᠮᠵᠢ ᠪᠤᠯᠭᠠᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠤᠷᠠᠭᠤᠯᠬᠤ᠂ ᠪᠣᠬᠢᠷᠳᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠬᠡᠬᠦ᠂ ᠥᠰᠦᠯᠲᠡ ᠶᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠵᠤ᠂ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠶᠠᠪᠤᠴᠠ ᠡᠯ᠎ᠡ ᠲᠠᠯ᠎ᠠ ᠳᠤ ᠲᠤᠭᠤᠰᠢᠯᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ ᠬᠦᠴᠦᠨ ᠢ ᠳᠣᠷᠣᠭᠰᠢ ᠪᠠᠭᠤᠯᠭᠠᠬᠤ᠂ ᠪᠠᠲᠤᠯᠠᠭ᠎ᠠ ᠶᠢ ᠳᠣᠷᠣᠭᠰᠢ ᠬᠡᠯᠪᠠᠶᠢᠯᠭᠡᠬᠦ᠂ ᠪᠣᠭᠤᠮᠲᠠ ᠶᠢ ᠤᠷᠤᠭᠰᠢ ᠰᠢᠯᠵᠢᠭᠦᠯᠬᠦ ᠶᠢ ᠠᠬᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠠᠷᠢᠯᠭᠠᠵᠤ᠂ ᠡᠯ᠎ᠡ ᠲᠦᠷᠦᠯ ᠤᠨ ᠭᠠᠮᠰᠢᠭ ᠠᠳᠡᠯ ᠢ ᠴᠠᠭ ᠲᠤᠬᠠᠢ ᠳᠤᠨᠢ ᠬᠦᠴᠦᠲᠡᠢ ᠪᠦᠲᠦᠮᠵᠢᠲᠡᠢ ᠰᠢᠢᠳᠪᠦᠷᠢᠯᠡᠵᠦ᠂ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠣᠯᠣᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠬᠦᠯᠢᠶᠡᠰᠦᠯᠡᠵᠦ ᠪᠠᠶᠢᠭ᠎ᠠ ᠲᠣᠪᠤᠶᠢᠮ᠎ᠠ ᠠᠰᠠᠭᠤᠳᠠᠯ ᠲᠠᠢ ᠨᠢᠭᠲᠠ ᠤᠶᠠᠯᠳᠤᠭᠤᠯᠵᠤ᠂ ᠰᠢᠨ᠎ᠡ ᠶᠢ ᠡᠭᠦᠳᠬᠦ ᠳᠤ ᠶᠠᠭᠤ ᠬᠢᠬᠦ᠂ ᠬᠡᠨ ᠰᠢᠨ᠎ᠡ ᠶᠢ ᠡᠭᠦᠳᠬᠦ ᠶᠢ ᠵᠣᠬᠢᠶᠠᠨ ᠪᠠᠶᠢᠭᠤᠯᠬᠤ᠂ ᠰᠢᠨ᠎ᠡ ᠶᠢ ᠡᠭᠦᠳᠬᠦ ᠶᠢ ᠬᠡᠷᠬᠢᠨ ᠳᠡᠮᠵᠢᠨ ᠵᠣᠷᠢᠭᠵᠢᠭᠤᠯᠵᠤ ᠬᠠᠮᠠᠭᠠᠯᠠᠬᠤ ᠶᠢᠨ ᠲᠣᠭᠤᠷᠢᠨ ᠳᠤ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠰᠠᠭᠤᠷᠢ ᠳᠦᠷᠢᠮ ᠢ ᠲᠦᠷᠭᠡᠳᠬᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃      ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠳᠡᠳ᠋ ᠡᠷᠭᠢᠯᠡᠭᠴᠢ ᠯᠢ ᠴᠢᠶᠠᠩ᠂ ᠸᠠᠩ ᠬᠤ᠋ ᠨᠢᠩ᠂ ᠼᠠᠢ ᠴᠢ ᠬᠤᠷᠠᠯ ᠳᠤ ᠣᠷᠣᠯᠴᠠᠪᠠ᠃      ᠬᠤᠷᠠᠯ ᠠᠴᠠ᠂ ᠣᠷᠣᠨ ᠪᠦᠰᠡ ᠶᠢᠨ ᠠᠵᠤ ᠠᠬᠤᠢ ᠶᠢᠨ ᠪᠠᠶᠢᠷᠢᠰᠢᠭᠤᠯᠤᠯᠲᠠ ᠪᠣᠯᠣᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠠᠰᠢᠭᠯᠠᠯᠲᠠ ᠶᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠡᠯ᠎ᠡ ᠭᠠᠵᠠᠷ ᠤᠨ ᠦᠢᠯᠡᠳᠦᠯ ᠴᠢᠳᠠᠮᠵᠢ ᠶᠢᠨ ᠪᠠᠶᠢᠷᠢ ᠲᠣᠭᠲᠠᠭᠠᠯᠲᠠ ᠪᠣᠯᠣᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠭᠠᠵᠠᠷ ᠰᠢᠷᠣᠢ ᠶᠢᠨ ᠬᠠᠮᠢᠶᠠᠷᠤᠯᠲᠠ ᠶᠢᠨ ᠲᠦᠷᠦ ᠶᠢᠨ ᠪᠣᠳᠣᠯᠭ᠎ᠠ ᠶᠢᠨ ᠨᠢᠭᠡᠴᠢ ᠶᠢ ᠨᠠᠷᠢᠯᠢᠭᠵᠢᠭᠤᠯᠵᠤ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠲᠦᠪᠰᠢᠨ ᠢ ᠳᠡᠭᠡᠭᠰᠢᠯᠡᠭᠦᠯᠵᠦ᠂ ᠳᠠᠪᠠᠭᠤᠯᠢᠭ ᠭᠠᠵᠠᠷ ᠣᠷᠣᠨ ᠤ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ ᠵᠠᠭᠠᠭ ᠬᠢᠵᠠᠭᠠᠷ ᠢ ᠴᠢᠩᠭ᠎ᠠ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠳᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠵᠡᠷᠭᠡ ᠭᠤᠷᠪᠠᠨ ᠬᠢᠵᠠᠭᠠᠷᠯᠠᠬᠤ ᠱᠤᠭᠤᠮ ᠢ ᠴᠢᠩᠭ᠎ᠠ ᠰᠠᠬᠢᠵᠤ᠂ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠰᠦᠪᠡᠭᠴᠢᠯᠡᠯᠲᠡ ᠶᠢᠨ ᠴᠢᠨᠠᠷᠲᠠᠢ ᠪᠥᠭᠡᠳ ᠲᠦᠢᠯ ᠤᠨ ᠪᠠᠴᠢᠮ ᠲᠤᠯᠭᠠᠮ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ᠂ ᠯᠠᠪᠳᠠᠭᠤᠨ ᠪᠣᠯᠭᠤᠮᠵᠢᠲᠠᠢ ᠪᠠᠷ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠳᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠴᠢᠨᠠᠷ ᠰᠠᠶᠢᠲᠠᠢ ᠬᠥᠭᠵᠢᠯᠲᠡ ᠶᠢᠨ ᠣᠷᠣᠨ ᠵᠠᠢ ᠶᠢᠨ ᠪᠠᠶᠢᠷᠢᠰᠢᠯ ᠢ ᠪᠠᠶᠢᠭᠤᠯᠵᠤ᠂ ᠠᠵᠤ ᠦᠢᠯᠡᠰ ᠤᠨ ᠪᠦᠲᠦᠴᠡ᠂ ᠡᠨᠧᠷᠭᠢ ᠶᠢᠨ ᠪᠦᠲᠦᠴᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠦᠢᠯᠡᠳᠪᠦᠷᠢᠯᠡᠯ ᠤᠨ ᠠᠷᠭ᠎ᠠ ᠭᠡᠯᠪᠡᠷᠢ ᠪᠣᠯᠣᠨ ᠠᠮᠢᠳᠤᠷᠠᠯ ᠤᠨ ᠠᠷᠭ᠎ᠠ ᠭᠡᠯᠪᠡᠷᠢ ᠶᠢ ᠲᠦᠷᠭᠡᠳᠬᠡᠨ ᠪᠦᠷᠢᠯᠳᠦᠭᠦᠯᠬᠦ ᠬᠡᠷᠡᠭᠲᠡᠢ᠃ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠪᠦᠭᠦ ᠲᠠᠯ᠎ᠠ ᠪᠠᠷ ᠠᠷᠪᠢᠯᠠᠨ ᠭᠠᠮᠨᠠᠬᠤ ᠶᠢ ᠠᠬᠢᠭᠤᠯᠵᠤ᠂ ᠬᠡᠷᠡᠭᠯᠡᠭᠡ ᠶᠢᠨ ᠭᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠵᠦ᠂ ᠪᠣᠬᠢᠷᠳᠤᠯ ᠦᠭᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠡᠷᠢᠭᠦᠨ ᠤ ᠪᠣᠬᠢᠷᠳᠤᠯ ᠦᠭᠡᠢ ᠮᠡᠷᠭᠡᠵᠢᠯ ᠢ ᠳᠡᠯᠭᠡᠷᠡᠭᠦᠯᠦᠨ ᠬᠡᠷᠡᠭᠯᠡᠬᠦ ᠶᠢ ᠴᠢᠩᠭᠠᠳᠬᠠᠬᠤ ᠬᠡᠷᠡᠭᠲᠡᠢ᠃ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠳᠡᠮᠵᠢᠬᠦ ᠡᠳ᠋ ᠤᠨ ᠵᠠᠰᠠᠭ ᠭᠠᠶᠢᠯᠢ᠂ ᠮᠥᠩᠭᠦᠨ ᠭᠦᠢᠯᠭᠡᠭᠡᠨ᠂ ᠪᠡᠯᠡ ᠣᠷᠣᠭᠤᠯᠤᠯᠲᠠ᠂ ᠦᠨ᠎ᠡ ᠬᠠᠩᠰᠢ ᠶᠢᠨ ᠲᠦᠷᠦ ᠶᠢᠨ ᠪᠣᠳᠣᠯᠭ᠎ᠠ ᠪᠣᠯᠣᠨ ᠬᠤᠯᠪᠣᠭᠳᠠᠯ ᠪᠦᠬᠦᠢ ᠵᠠᠬ᠎ᠠ ᠳᠡᠯᠭᠡᠭᠦᠷᠴᠢᠯᠡᠭᠰᠡᠨ ᠲᠣᠭᠲᠠᠴᠠ ᠶᠢ ᠪᠦᠷᠢᠨᠰᠢᠭᠦᠯᠵᠦ᠂ ᠪᠣᠬᠢᠷᠳᠤᠯ ᠦᠭᠡᠢ ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠪᠣᠯᠣᠨ ᠳᠦᠷᠢᠮ ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠵᠤ᠂ ᠨᠠᠮ ᠤᠨ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠳᠠᠪᠠᠭᠤᠯᠢᠭ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠲᠤᠰᠬᠠᠢ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠵᠤ᠂ ︽ᠰᠡᠷᠭᠡᠶᠢᠯᠡᠬᠦ︾ ᠪᠠ ︽ᠠᠪᠤᠷᠠᠬᠤ︾ ᠬᠠᠷᠢᠭᠤᠴᠠᠯᠭ᠎ᠠ ᠶᠢᠨ ᠬᠡᠯᠬᠢᠶ᠎ᠡ ᠶᠢ ᠰᠠᠶᠢᠲᠤᠷ ᠵᠣᠯᠭᠠᠭᠤᠯᠵᠤ᠂ ᠶᠡᠭᠡ ᠠᠮᠤᠷ ᠲᠦᠪᠰᠢᠨ ᠶᠡᠭᠡ ᠪᠠᠴᠢᠮ ᠪᠠᠶᠢᠳᠠᠯ ᠢ ᠠᠷᠭᠠᠴᠠᠭᠠᠬᠤ ᠪᠣᠷᠣ ᠲᠥᠯᠥᠪ ᠢ ᠪᠦᠷᠢᠨᠰᠢᠭᠦᠯᠬᠦ ᠬᠡᠷᠡᠭᠲᠡᠢ᠃ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ᠂ ᠠᠶᠤᠯ ᠲᠦᠭᠰᠢᠭᠦᠷᠢ ᠶᠢ ᠢᠯᠭᠠᠨ ᠲᠠᠨᠢᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ᠂ ᠴᠠᠭ ᠲᠤᠬᠠᠢ ᠳᠤᠨᠢ ᠰᠢᠢᠳᠪᠦᠷᠢᠯᠡᠬᠦ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠪᠦᠷᠢᠯᠳᠦᠬᠦ ᠶᠢ ᠠᠬᠢᠭᠤᠯᠵᠤ᠂ ᠤᠷᠢᠳᠴᠢᠯᠠᠨ ᠰᠡᠷᠭᠡᠶᠢᠯᠡᠬᠦ᠂ ᠡᠷᠲᠡ ᠠᠴᠠ ᠢᠯᠡᠷᠡᠭᠦᠯᠬᠦ᠂ ᠪᠠᠭ᠎ᠠ ᠳᠡᠭᠡᠷ᠎ᠡ ᠨᠢ ᠰᠢᠢᠳᠪᠦᠷᠢᠯᠡᠬᠦ ᠶᠢ ᠪᠡᠶᠡᠯᠡᠭᠦᠯᠬᠦ ᠬᠡᠷᠡᠭᠲᠡᠢ᠃ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠵᠦ᠂ ᠰᠠᠭᠤᠷᠢᠯᠠᠬᠤ ᠴᠢᠨᠠᠷᠲᠠᠢ ᠣᠷᠣᠭᠤᠯᠤᠯᠲᠠ ᠶᠢ ᠨᠡᠮᠡᠭᠳᠡᠭᠦᠯᠦᠨ᠂ ᠭᠠᠵᠠᠷ ᠣᠷᠣᠨ ᠤ ᠬᠥᠮᠥᠨ ᠠᠮᠠ ᠶᠢᠨ ᠲᠤᠭ᠎ᠠ ᠬᠡᠮᠵᠢᠶ᠎ᠡ᠂ ᠠᠵᠤ ᠠᠬᠤᠢ ᠶᠢᠨ ᠬᠡᠪᠴᠢᠶ᠎ᠡ᠂ ᠭᠠᠮᠰᠢᠭ ᠤᠨ ᠠᠳᠡᠯ ᠤᠨ ᠣᠨᠴᠠᠯᠢᠭ᠂ ᠠᠮᠤᠷ ᠲᠦᠪᠰᠢᠨ ᠤ ᠲᠦᠭᠰᠢᠭᠦᠷᠢ ᠶᠢᠨ ᠬᠡᠮᠵᠢᠶ᠎ᠡ ᠵᠡᠷᠭᠡ ᠬᠦᠴᠦᠨ ᠵᠦᠢᠯ ᠢ ᠦᠨᠳᠦᠰᠦᠯᠡᠨ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠦᠷᠢᠨ ᠭᠦᠢᠴᠡᠳ ᠬᠦᠴᠦᠷᠬᠡᠭ ᠬᠦᠴᠦᠨ ᠢ ᠲᠣᠬᠢᠷᠠᠭᠤᠯᠬᠤ ᠬᠡᠷᠡᠭᠲᠡᠢ᠃ ᠦᠨᠳᠦᠰᠦᠨ ᠱᠠᠲᠤᠨ ᠤ ᠺᠠᠳ᠋ᠷ ᠤᠨ ᠬᠥᠮᠦᠵᠢᠯ ᠪᠣᠯᠪᠠᠰᠤᠷᠠᠯ ᠢ ᠴᠢᠩᠭᠠᠳᠬᠠᠵᠤ᠂ ᠨᠡᠶᠢᠭᠡᠮ ᠤᠨ ᠤᠯᠠᠨ ᠨᠡᠶᠢᠲᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠪᠣᠯᠣᠨ ᠥᠪᠡᠷ ᠢ ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠦᠭᠦ ᠲᠠᠯ᠎ᠠ ᠪᠠᠷ ᠰᠢᠨ᠎ᠡ ᠶᠢ ᠡᠭᠦᠳᠬᠦ ᠶᠢ ᠳᠡᠮᠵᠢᠬᠦ ᠰᠠᠭᠤᠷᠢ ᠳᠦᠷᠢᠮ ᠢ ᠲᠦᠷᠭᠡᠳᠬᠡᠨ ᠪᠦᠷᠢᠯᠳᠦᠭᠦᠯᠬᠦ ᠪᠣᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠡᠶᠡᠯᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯ ᠳᠠᠬᠢ ᠨᠠᠮ ᠤᠨ ᠲᠥᠪ ᠬᠤᠷᠢᠶ᠎ᠠ ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢᠨ ᠪᠠᠶᠢᠭᠤᠯᠤᠮᠵᠢ ᠶᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠤᠯᠤᠰ ᠳᠠᠶᠠᠭᠠᠷ ᠤᠨ ᠪᠠᠶᠢᠭᠤᠯᠤᠮᠵᠢ ᠶᠢ ᠪᠦᠷᠢᠨᠰᠢᠭᠦᠯᠵᠦ᠂ ᠭᠤᠣᠯ ᠴᠣᠭᠴᠠ ᠶᠢᠨ ᠬᠠᠮᠵᠢᠯᠴᠠᠭ᠎ᠠ᠂ ᠴᠢᠬᠤᠯᠠ ᠡᠯᠧᠮᠧᠨ᠋ᠲ ᠤᠨ ᠲᠣᠬᠢᠷᠠᠭᠤᠯᠤᠯᠲᠠ᠂ ᠤᠷᠮᠠᠰᠢᠭᠤᠯᠵᠤ ᠬᠢᠵᠠᠭᠠᠷᠯᠠᠬᠤ᠂ ᠨᠡᠭᠡᠭᠡᠯᠲᠡᠲᠤ ᠠᠮᠤᠷ ᠲᠦᠪᠰᠢᠨ ᠵᠡᠷᠭᠡ ᠲᠠᠯ᠎ᠠ ᠶᠢᠨ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠳᠦᠷᠢᠮ ᠤᠨ ᠳᠤᠲᠠᠭᠤᠳᠠᠯ ᠢ ᠨᠥᠬᠦᠪᠦᠷᠢᠯᠡᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ᠂ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ᠂ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠠᠳᠠᠯᠢ ᠪᠤᠰᠤ ᠵᠢᠮ᠎ᠡ ᠶᠣᠰᠣ ᠶᠢ ᠦᠨᠳᠦᠰᠦᠯᠡᠨ᠂ ᠳᠦᠷᠢᠮ ᠤᠨ ᠵᠢᠷᠤᠭ ᠲᠥᠯᠥᠪᠯᠡᠭᠡ ᠶᠢ ᠲᠥᠷᠥᠯ ᠬᠤᠪᠢᠶᠠᠨ ᠴᠢᠩᠭᠠᠳᠬᠠᠵᠤ᠂ ᠴᠢᠬᠤᠯᠠ ᠶᠡᠭᠡ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠤᠷᠢᠳ ᠢᠶᠠᠷ ᠬᠢᠬᠦ ᠬᠡᠷᠡᠭᠲᠡᠢ᠃ ᠰᠢᠰᠲ᠋ᠧᠮ ᠤᠨ ᠬᠤᠷᠠᠮᠠᠯ ᠢ ᠴᠢᠩᠭᠠᠳᠬᠠᠵᠤ᠂ ᠰᠢᠨ᠎ᠡ ᠪᠠᠷ ᠨᠡᠶᠢᠲᠡᠯᠡᠭᠰᠡᠨ ᠠᠷᠭ᠎ᠠ ᠬᠡᠮᠵᠢᠶ᠎ᠡ᠂ ᠰᠢᠨ᠎ᠡ ᠪᠠᠷ ᠲᠣᠭᠲᠠᠭᠠᠭᠰᠠᠨ ᠳᠦᠷᠢᠮ ᠳᠤ ᠲᠥᠷᠥ ᠶᠢᠨ ᠪᠣᠳᠣᠯᠭ᠎ᠠ ᠶᠢᠨ ᠬᠠᠨᠳᠤᠰᠢ ᠶᠢᠨ ᠨᠢᠭᠡᠳᠦᠯᠲᠦ ᠴᠢᠨᠠᠷᠲᠠᠢ ᠳᠤ ᠦᠨᠡᠯᠡᠯᠲᠡ ᠬᠢᠵᠦ᠂ ᠠᠳᠠᠯᠢ ᠴᠢᠭᠯᠡᠯ ᠢᠶᠠᠷ ᠬᠦᠴᠦᠯᠡᠵᠦ᠂ ᠬᠠᠮᠲᠤᠷᠠᠯ ᠬᠦᠴᠦᠨ ᠢ ᠪᠦᠷᠢᠯᠳᠦᠭᠦᠯᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠥᠩᠭᠡᠷᠡᠭᠰᠡᠨ ᠨᠢᠭᠡ ᠵᠢᠯ ᠳᠤ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠶᠠᠪᠤᠴᠠ ᠳᠤ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠳᠤ ᠳᠤᠷᠠᠳᠤᠭᠰᠠᠨ ᠰᠢᠨ᠎ᠡ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠰᠢᠨ᠎ᠡ ᠭᠠᠷᠤᠭ᠎ᠠ ᠳᠡᠭᠡᠷ᠎ᠡ ᠠᠴᠠ ᠥᠭᠡᠷᠡᠴᠢᠯᠡᠯᠲᠡ ᠶᠢᠨ ᠠᠵᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠣᠨᠢᠨ ᠳᠡᠭᠡᠷ᠎ᠡ ᠨᠢ ᠬᠦᠴᠦᠯᠡᠵᠦ᠂ ᠬᠠᠮᠵᠢᠯᠴᠠᠨ ᠬᠦᠴᠦᠯᠡᠵᠦ᠂ ᠦᠷᠭᠦᠯᠵᠢᠯᠡᠨ ᠬᠦᠴᠦᠯᠡᠵᠦ᠂ ᠰᠢᠨ᠎ᠡ ᠠᠶᠠᠨ ᠢ ᠡᠬᠢᠯᠡᠭᠦᠯᠬᠦ ᠳᠤ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠬᠠᠩᠭᠠᠪᠠ᠃ ᠨᠠᠮ ᠤᠨ ᠬᠤᠷᠢᠳᠤᠭᠠᠷ ᠶᠡᠭᠡ ᠬᠤᠷᠠᠯ ᠠᠴᠠ ᠪᠠᠶᠢᠷᠢᠯᠠᠭᠤᠯᠤᠭᠰᠠᠨ ᠥᠭᠡᠷᠡᠴᠢᠯᠡᠯᠲᠡ ᠶᠢᠨ ᠡᠭᠦᠷᠭᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠢᠭᠡ ᠪᠦᠯᠦᠭ ᠴᠢᠬᠤᠯᠠ ᠥᠭᠡᠷᠡᠴᠢᠯᠡᠯᠲᠡ ᠶᠢᠨ ᠪᠢᠴᠢᠭ ᠮᠠᠲ᠋ᠧᠷᠢᠶᠠᠯ ᠢ ᠰᠤᠳᠤᠯᠤᠨ ᠪᠠᠲᠤᠯᠠᠵᠤ᠂ ᠬᠦᠴᠦᠨ ᠢᠶᠠᠨ ᠲᠥᠪᠯᠡᠷᠡᠭᠦᠯᠦᠨ ᠴᠢᠨᠠᠷ ᠰᠠᠶᠢᠲᠠᠢ ᠬᠥᠭᠵᠢᠯᠲᠡ ᠳᠤ ᠪᠠᠴᠢᠮ ᠱᠠᠭᠠᠷᠳᠠᠭᠳᠠᠵᠤ ᠪᠠᠶᠢᠭ᠎ᠠ᠂ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭ᠎ᠠ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠪᠡ᠃ ᠨᠠᠮ ᠪᠠ ᠲᠥᠷᠥ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ᠂ ᠮᠥᠩᠭᠦᠨ ᠭᠦᠢᠯᠭᠡᠭᠡᠨ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠲᠥᠪ ᠤᠨ ᠳᠠᠪᠬᠤᠷᠭ᠎ᠠ ᠶᠢᠨ ᠥᠭᠡᠷᠡᠴᠢᠯᠡᠯᠲᠡ ᠶᠢᠨ ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠪᠡ᠃ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠵᠣᠬᠢᠴᠠᠭᠤᠯᠤᠨ ᠠᠬᠢᠭᠤᠯᠬᠤ᠂ ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠥᠭᠡᠷᠡᠴᠢᠯᠡᠯᠲᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠳᠦᠮᠵᠢ ᠭᠠᠷᠭᠠᠬᠤ ᠶᠢ ᠠᠬᠢᠭᠤᠯᠪᠠ᠃      ᠡᠨᠡ ᠵᠢᠯ ᠪᠣᠯ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠪᠠᠰᠠ ᠨᠢᠭᠡᠨ ᠴᠢᠬᠤᠯᠠ ᠵᠢᠯ ᠮᠥᠨ᠂ ᠡᠨᠡ ᠵᠢᠯ ᠤᠨ ᠭᠤᠣᠯ ᠡᠭᠦᠷᠭᠡ ᠪᠣᠯ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠶᠠᠪᠤᠳᠠᠯ ᠢ ᠲᠥᠯᠥᠪᠯᠡᠬᠦ ᠶᠠᠪᠤᠳᠠᠯ ᠪᠣᠯᠣᠨ᠎ᠠ᠂ ᠡᠨᠡ ᠪᠣᠯ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠨᠠᠭᠠᠰᠢᠬᠢ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠦᠢᠯᠡᠳᠦᠯᠭᠡ ᠶᠢᠨ ᠦᠷᠭᠦᠯᠵᠢᠯᠡᠯ ᠮᠥᠨ ᠪᠥᠭᠡᠳ ᠪᠠᠰᠠ ᠴᠤ ᠰᠢᠨ᠎ᠡ ᠠᠶᠠᠨ ᠳᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠠᠬᠢᠭᠤᠯᠬᠤ ᠴᠠᠭ ᠦᠶ᠎ᠡ ᠶᠢᠨ ᠰᠢᠨ᠎ᠡ ᠬᠠᠭᠤᠳᠠᠰᠤ ᠮᠥᠨ᠃ ᠥᠭᠡᠷᠡᠴᠢᠯᠡᠯᠲᠡ ᠨᠡᠭᠡᠭᠡᠯᠲᠡ ᠭᠡᠬᠦ ᠡᠨᠡ ᠬᠦ ᠵᠠᠩᠭᠢᠯᠠᠭ᠎ᠠ ᠶᠢᠨ ᠠᠷᠭ᠎ᠠ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠬᠦ᠂ ᠤᠷᠤᠭᠰᠢᠯᠠᠯᠲᠠ ᠶᠢᠨ ᠵᠠᠮ ᠳᠡᠭᠡᠷᠡᠬᠢ ᠠᠶᠤᠯ ᠲᠦᠭᠰᠢᠭᠦᠷᠢ ᠥᠷᠢᠰᠦᠯᠳᠦᠭᠡᠨ ᠢ ᠠᠷᠭᠠᠴᠠᠭᠠᠬᠤ ᠶᠢ ᠪᠠᠷᠢᠮᠲᠠᠯᠠᠬᠤ ᠬᠡᠷᠡᠭᠲᠡᠢ᠃ ᠳᠣᠲᠣᠭᠠᠳᠤ ᠬᠡᠷᠡᠭᠴᠡᠭᠡ ᠶᠢ ᠥᠷᠭᠡᠳᠬᠡᠬᠦ᠂ ᠪᠦᠲᠦᠴᠡ ᠶᠢ ᠰᠢᠯᠢᠳᠡᠭᠵᠢᠭᠦᠯᠬᠦ᠂ ᠢᠲᠡᠭᠡᠯ ᠵᠣᠷᠢᠭ ᠢ ᠬᠥᠪᠴᠢᠯᠡᠬᠦ᠂ ᠠᠷᠠᠳ ᠤᠨ ᠠᠮᠢᠳᠤᠷᠠᠯ ᠢ ᠪᠠᠲᠤᠯᠠᠬᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠳᠤ ᠠᠰᠢᠭᠲᠠᠢ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠰᠠᠶᠢᠲᠤᠷ ᠠᠳᠬᠤᠵᠤ᠂ ᠬᠠᠮᠤᠭ ᠤᠨ ᠵᠠᠩᠭᠢᠯᠠᠭ᠎ᠠ ᠶᠢᠨ᠂ ᠬᠠᠮᠤᠭ ᠤᠨ ᠲᠤᠯᠭᠠᠮ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠬᠡᠷᠡᠭᠲᠡᠢ᠃ ᠥᠭᠡᠷᠡᠴᠢᠯᠡᠯᠲᠡ ᠶᠢ ᠴᠢᠨᠠᠭᠰᠢᠳᠠ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠤᠷᠤᠭᠰᠢᠲᠠᠢ ᠠᠭᠢᠬᠤ ᠶᠢ ᠬᠠᠷᠰᠢᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠲᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠪᠠᠶᠢᠯᠳᠤᠬᠤ ᠪᠣᠳᠣᠯᠭ᠎ᠠ ᠶᠢᠨ ᠭᠤᠣᠯᠳᠠᠯᠭ᠎ᠠ᠂ ᠤᠷᠢᠳ ᠢᠶᠠᠷ ᠬᠢᠬᠦ ᠲᠡᠰ ᠳᠠᠷᠠᠭᠠᠯᠠᠯ᠂ ᠭᠤᠣᠯ ᠰᠢᠪᠲᠤᠯᠬᠤ ᠴᠢᠭᠯᠡᠯ᠂ ᠠᠬᠢᠭᠤᠯᠬᠤ ᠠᠷᠭ᠎ᠠ ᠭᠡᠯᠪᠡᠷᠢ ᠶᠢ ᠲᠣᠳᠣᠷᠬᠠᠶᠢᠯᠠᠵᠤ᠂ ᠥᠭᠡᠷᠡᠴᠢᠯᠡᠯᠲᠡ ᠶᠢᠨ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠤ᠂ ᠡᠯ᠎ᠡ ᠬᠦᠷᠢᠶᠡᠨ ᠳᠠᠬᠢ ᠭᠤᠣᠯᠳᠠᠯᠭ᠎ᠠ ᠲᠠᠢ ᠥᠭᠡᠷᠡᠴᠢᠯᠡᠯᠲᠡ ᠶᠢᠨ ᠡᠭᠦᠷᠭᠡ ᠶᠢ ᠲᠤᠪᠤᠶᠢᠯᠭᠠᠬᠤ ᠬᠡᠷᠡᠭᠲᠡᠢ᠃ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠳᠤ ᠢᠯᠡ ᠲᠣᠳᠣ ᠬᠠᠨᠳᠤᠯᠭᠠᠲᠤ ᠴᠢᠨᠠᠷ ᠲᠠᠢ ᠪᠠᠶᠢᠵᠤ᠂ ᠬᠠᠮᠤᠭ ᠤᠨ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠰᠢᠭᠤᠳ ᠬᠦᠴᠦᠯᠡᠵᠦ᠂ ᠥᠭᠡᠷᠡᠴᠢᠯᠡᠯᠲᠡ ᠶᠢᠨ ᠦᠨᠦᠷ ᠠᠮᠲᠠ ᠥᠳᠬᠡᠨ᠂ ᠶᠠᠰᠤ ᠴᠢᠨᠠᠷ ᠰᠠᠶᠢᠨ ᠪᠠᠶᠢᠬᠤ ᠬᠡᠷᠡᠭᠲᠡᠢ᠃ ᠡᠯ᠎ᠡ ᠲᠠᠯ᠎ᠠ ᠶᠢᠨ ᠥᠭᠡᠷᠡᠴᠢᠯᠡᠯᠲᠡ ᠶᠢᠨ ᠢᠳᠡᠪᠬᠢᠵᠢᠯ ᠢ ᠭᠦᠢᠴᠡᠳ ᠲᠠᠶᠢᠴᠢᠯᠠᠵᠤ᠂ ᠥᠭᠡᠷᠡᠴᠢᠯᠡᠯᠲᠡ ᠶᠢᠨ ᠬᠠᠮᠲᠤ ᠶᠢᠨ ᠲᠠᠨᠢᠯᠲᠠ ᠶᠢ ᠴᠢᠨᠠᠭᠰᠢᠳᠠ ᠨᠢᠭᠲᠠᠷᠠᠭᠤᠯᠵᠤ᠂ ᠪᠦᠭᠦ ᠨᠠᠮ ᠪᠦᠭᠦ ᠤᠯᠤᠰ ᠤᠨ ᠬᠦᠴᠦᠨ ᠢ ᠲᠠᠶᠢᠴᠢᠯᠠᠨ ᠴᠢᠬᠤᠯᠠ ᠶᠡᠭᠡ ᠥᠭᠡᠷᠡᠴᠢᠯᠡᠯᠲᠡ ᠶᠢᠨ ᠡᠭᠦᠷᠭᠡ ᠶᠢ ᠠᠬᠢᠭᠤᠯᠬᠤ ᠪᠠ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠴᠤ᠂ ᠦᠨᠳᠦᠰᠦᠨ ᠱᠠᠲᠤ ᠪᠣᠯᠣᠨ ᠤᠯᠠᠨ ᠲᠦᠮᠡᠨ ᠤ ᠡᠭᠦᠳᠦᠨ ᠪᠦᠲᠦᠭᠡᠭᠰᠡᠨ ᠰᠢᠨ᠎ᠡ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠵᠦ᠂ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠵᠤ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠬᠤ ᠭᠦᠨ ᠵᠤᠵᠠᠭᠠᠨ ᠥᠭᠡᠷᠡᠴᠢᠯᠡᠯᠲᠡ ᠶᠢᠨ ᠠᠭᠤᠷ ᠠᠮᠢᠰᠬᠤᠯ ᠢ ᠪᠤᠢ ᠪᠤᠯᠭᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠡᠰᠢᠭᠦᠳ ᠬᠤᠷᠠᠯ ᠳᠤ ᠣᠷᠣᠯᠴᠠᠵᠤ᠂ ᠲᠥᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃
ᠢᠷᠡᠯᠲᠡ᠄ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠡᠨ ᠰᠦᠯᠵᠢᠶ᠎ᠠ