2023 ᠣᠨ ᠳᠤ ᠳ᠋ᠦᠩᠱᠧᠩ ᠲᠣᠭᠤᠷᠢᠭ ᠤᠨ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠵᠦ᠂ ᠬᠡᠷᠡᠭᠯᠡᠭᠡᠨ ᠤ ᠳᠠᠯᠳᠠ ᠬᠦᠴᠦᠨ ᠢ ᠠᠯᠬᠤᠮ ᠠᠯᠬᠤᠮ ᠢᠶᠠᠷ ᠪᠠᠳᠠᠷᠠᠭᠤᠯᠪᠠ
ᠨᠡᠶᠢᠲᠡᠯᠡᠭᠰᠡᠨ ᠴᠠᠭ᠄
2024/2/22
    2023 ᠣᠨ ᠳᠤ᠂ ᠳ᠋ᠦᠩᠱᠧᠩ ᠲᠣᠭᠤᠷᠢᠭ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠢᠮᠠᠭᠲᠠ ᠪᠠᠷᠢᠮᠲᠠᠯᠠᠵᠤ᠂ ᠠᠵᠤ ᠠᠬᠤᠢ ᠶᠢᠨ ᠰᠡᠷᠭᠦᠨ ᠰᠠᠶᠢᠵᠢᠷᠠᠬᠤ ᠬᠠᠨᠳᠤᠰᠢ ᠶᠢ ᠪᠦᠬᠦ ᠬᠦᠴᠦᠨ ᠢᠶᠠᠷ ᠪᠠᠬᠢᠵᠢᠭᠦᠯᠦᠨ ᠴᠢᠩᠭᠠᠳᠬᠠᠵᠤ᠂ ᠠᠵᠤ ᠠᠬᠤᠢ ᠶᠢᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠪᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠰᠠᠭᠤᠭᠠᠯᠢ ᠠᠷᠠᠳ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠬᠦᠯᠦᠨ᠂ ᠬᠡᠷᠡᠭᠯᠡᠭᠡᠨ ᠤ ᠳᠠᠯᠳᠠ ᠬᠦᠴᠦᠨ ᠢ ᠠᠯᠬᠤᠮ ᠠᠯᠬᠤᠮ ᠢᠶᠠᠷ ᠪᠠᠳᠠᠷᠠᠭᠤᠯᠪᠠ᠃       ᠨᠢᠭᠡ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ     2023 ᠣᠨ ᠳᠤ ᠳ᠋ᠦᠩᠱᠧᠩ ᠲᠣᠭᠤᠷᠢᠭ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 61019 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠨ᠂ ᠶᠡᠷᠦᠩᠬᠡᠢ ᠬᠡᠮᠵᠢᠶ᠎ᠡ ᠪᠠᠷ ᠪᠥᠬᠦ ᠬᠤᠲᠠ ᠳᠤ ᠨᠢᠭᠡᠳᠦᠭᠡᠷ ᠲᠤ ᠪᠠᠶᠢᠷᠢᠯᠠᠵᠤ᠂ ᠨᠡᠮᠡᠭᠳᠡᠯ ᠤᠨ ᠬᠤᠷᠳᠤᠴᠠ ᠪᠠᠷ ᠪᠥᠬᠦ ᠬᠤᠲᠠ ᠳᠤ ᠳᠥᠷᠪᠡᠳᠦᠭᠡᠷ ᠲᠤ ᠪᠠᠶᠢᠷᠢᠯᠠᠪᠠ᠃       ︵ᠨᠢᠭᠡ︶ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠲᠦᠷᠦᠭᠦᠦ ᠵᠢᠯ ᠤᠨ ᠬᠢ ᠠᠴᠠ ᠡᠳᠦᠢ ᠲᠡᠳᠦᠢ ᠳᠡᠭᠡᠭᠰᠢᠯᠡᠪᠡ     2023 ᠣᠨ ᠳᠤ᠂ ᠳ᠋ᠦᠩᠱᠧᠩ ᠲᠣᠭᠤᠷᠢᠭ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠵᠦ᠂ ᠳᠡᠭᠡᠷ᠎ᠡ ᠵᠢᠯ ᠤᠨ ᠬᠢ ᠠᠴᠠ 0.6 ᠵᠠᠭᠤᠨ ᠤ ᠬᠤᠪᠢ ᠳᠡᠭᠡᠭᠰᠢᠯᠡᠵᠡᠢ᠃       ︵ᠬᠤᠶᠠᠷ︶ ᠳ᠋ᠦᠩᠱᠧᠩ ᠲᠣᠭᠤᠷᠢᠭ ᠤᠨ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢ ᠪᠥᠬᠦ ᠤᠯᠤᠰ᠂ ᠥᠪᠡᠷᠲᠡᠭᠡᠨ ᠵᠠᠰᠠᠬᠤ ᠣᠷᠣᠨ᠂ ᠪᠥᠬᠦ ᠬᠤᠲᠠ ᠲᠠᠢ ᠬᠠᠷᠢᠴᠠᠭᠤᠯᠤᠭᠰᠠᠨ ᠪᠠᠶᠢᠳᠠᠯ     2023 ᠣᠨ ᠳᠤ᠂ ᠳ᠋ᠦᠩᠱᠧᠩ ᠲᠣᠭᠤᠷᠢᠭ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 61019 ᠲᠥᠭᠦᠷᠢᠭ ᠲᠤ ᠬᠦᠷᠴᠦ᠂ ᠪᠥᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ 9198 ᠲᠥᠭᠦᠷᠢᠭ ᠥᠨᠳᠥᠷ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠲᠦᠪᠰᠢᠨ ᠠᠴᠠ 12343 ᠲᠥᠭᠦᠷᠢᠭ ᠥᠨᠳᠥᠷ᠂ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ 2404 ᠲᠥᠭᠦᠷᠢᠭ ᠥᠨᠳᠥᠷ ᠪᠤᠯᠪᠠ︔ ᠠᠳᠠᠯᠢ ᠬᠤᠭᠤᠴᠠᠭᠠᠨ ᠤ ᠬᠢ ᠠᠴᠠ 4.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠪᠠ ᠪᠥᠬᠦ ᠣᠷᠣᠨ ᠤ  ᠬᠢ ᠠᠴᠠ 0.3 ᠵᠠᠭᠤᠨ ᠤ ᠬᠤᠪᠢ ᠳᠣᠣᠷ᠎ᠠ ᠪᠠᠶᠢᠵᠤ᠂ ᠪᠥᠬᠦ ᠬᠤᠲᠠ ᠶᠢᠨ ᠬᠢ ᠠᠴᠠ 0.1 ᠵᠠᠭᠤᠨ ᠤ ᠬᠤᠪᠢ ᠥᠨᠳᠥᠷ ᠪᠣᠯᠵᠠᠢ᠃       ︵ᠭᠤᠷᠪᠠ︶ ᠲᠦᠷᠪᠡᠨ ᠵᠦᠢᠯ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠪᠡ     ᠣᠷᠣᠯᠭ᠎ᠠ ᠶᠢᠨ ᠪᠦᠲᠦᠴᠡ ᠠᠴᠠ ᠦᠵᠡᠪᠡᠯ᠂ ᠴᠠᠯᠢᠩ ᠤᠨ ᠴᠢᠨᠠᠷᠲᠠᠢ ᠣᠷᠣᠯᠭ᠎ᠠ 38614 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.3% ᠪᠠᠷ ᠨᠡᠮᠡᠭᠳᠡᠨ᠂ ᠡᠵᠡᠮᠳᠡᠵᠦ ᠪᠣᠯᠬᠤ ᠣᠷᠣᠯᠭ᠎ᠠ ᠶᠢᠨ 63.3% ᠶᠢ ᠡᠵᠡᠯᠡᠵᠦ᠂ ᠨᠡᠮᠡᠭᠳᠡᠯ ᠤᠨ ᠬᠡᠮᠵᠢᠶ᠎ᠡ ᠨᠢ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 0.4 ᠵᠠᠭᠤᠨ ᠤ ᠬᠤᠪᠢ ᠳᠡᠭᠡᠭᠰᠢᠯᠡᠵᠡᠢ︔ ᠡᠵᠡᠩᠨᠡᠯᠲᠡ ᠶᠢᠨ ᠴᠡᠪᠡᠷ ᠣᠷᠣᠯᠭ᠎ᠠ 9943 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.1% ᠪᠠᠷ ᠨᠡᠮᠡᠭᠳᠡᠨ᠂ ᠡᠵᠡᠮᠳᠡᠵᠦ ᠪᠣᠯᠬᠤ ᠣᠷᠣᠯᠭ᠎ᠠ ᠶᠢᠨ 16.3% ᠶᠢ ᠡᠵᠡᠯᠡᠵᠦ᠂ ᠨᠡᠮᠡᠭᠳᠡᠯ ᠤᠨ ᠬᠡᠮᠵᠢᠶ᠎ᠡ ᠨᠢ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 0.5 ᠵᠠᠭᠤᠨ ᠤ ᠬᠤᠪᠢ ᠪᠠᠭᠤᠷᠠᠪᠠ︔ ᠡᠳ᠋ ᠬᠥᠷᠥᠩᠭᠡ ᠶᠢᠨ ᠴᠡᠪᠡᠷ ᠣᠷᠣᠯᠭ᠎ᠠ 6552 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.4% ᠪᠠᠷ ᠨᠡᠮᠡᠭᠳᠡᠨ᠂ ᠡᠵᠡᠮᠳᠡᠵᠦ ᠪᠣᠯᠬᠤ ᠣᠷᠣᠯᠭ᠎ᠠ ᠶᠢᠨ 10.7% ᠶᠢ ᠡᠵᠡᠯᠡᠵᠦ᠂ ᠨᠡᠮᠡᠭᠳᠡᠯ ᠤᠨ ᠬᠡᠮᠵᠢᠶ᠎ᠡ ᠨᠢ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 4.9 ᠵᠠᠭᠤᠨ ᠤ ᠬᠤᠪᠢ ᠳᠡᠭᠡᠭᠰᠢᠯᠡᠪᠡ︔ ᠰᠢᠯᠵᠢᠭᠦᠯᠦᠭᠰᠡᠨ ᠴᠡᠪᠡᠷ ᠣᠷᠣᠯᠭ᠎ᠠ 5910 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 2.3% ᠪᠠᠷ ᠨᠡᠮᠡᠭᠳᠡᠨ᠂ ᠡᠵᠡᠮᠳᠡᠵᠦ ᠪᠣᠯᠬᠤ ᠣᠷᠣᠯᠭ᠎ᠠ ᠶᠢᠨ 9.7% ᠶᠢ ᠡᠵᠡᠯᠡᠵᠦ᠂ ᠨᠡᠮᠡᠭᠳᠡᠯ ᠤᠨ ᠬᠡᠮᠵᠢᠶ᠎ᠡ ᠨᠢ ᠲᠦᠷᠦᠭᠦᠸ ᠵᠢᠯ ᠤᠨ ᠠᠳᠠᠯᠢ ᠬᠤᠭᠤᠴᠠᠭᠠᠨ ᠤ ᠬᠢ ᠠᠴᠠ 1.4 ᠵᠠᠭᠤᠨ ᠤ ᠬᠤᠪᠢ ᠪᠠᠭᠤᠷᠠᠪᠠ᠃       ︵ᠳᠥᠷᠪᠡ︶ ᠨᠠᠢᠮᠠᠨ ᠵᠦᠢᠯ ᠤᠨ ᠵᠠᠷᠤᠯᠭ᠎ᠠ ᠶᠢᠨ ᠲᠠᠯᠳᠠ ᠬᠦᠴᠦᠨ ᠠᠯᠬᠤᠮ ᠠᠯᠬᠤᠮ ᠢᠶᠠᠷ ᠪᠠᠳᠠᠷᠠᠪᠠ     2023 ᠣᠨ ᠳᠤ᠂ ᠳ᠋ᠦᠩᠱᠧᠩ ᠲᠣᠭᠤᠷᠢᠭ ᠤᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠠᠮᠢᠳᠤᠷᠠᠯ ᠤᠨ ᠬᠡᠷᠡᠭᠯᠡᠭᠡᠨ ᠤ ᠵᠠᠷᠤᠯᠭ᠎ᠠ 44710 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.0% ᠨᠡᠮᠡᠭᠳᠡᠪᠡ᠃ ᠡᠭᠦᠨ ᠳᠤ᠂ ᠢᠳᠡᠭᠡᠨ ᠤ ᠵᠦᠢᠯ ᠠᠷᠢᠬᠢ ᠲᠠᠮᠠᠬᠢᠨ ᠤ ᠵᠦᠢᠯ ᠤᠨ ᠵᠠᠷᠤᠯᠭ᠎ᠠ 13426 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 23.2% ᠨᠡᠮᠡᠭᠳᠡᠵᠦ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 30.0% ᠶᠢ ᠡᠵᠡᠯᠡᠪᠡ︔ ᠬᠤᠪᠴᠠᠰᠤ ᠬᠤᠨᠠᠷ ᠤᠨ ᠲᠥᠷᠥᠯ ᠤᠨ ᠵᠠᠷᠤᠯᠭ᠎ᠠ 4347 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.5% ᠪᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 9.7% ᠶᠢ ᠡᠵᠡᠯᠡᠪᠡ︔ ᠣᠷᠣᠨ ᠰᠠᠭᠤᠴᠠ ᠶᠢᠨ ᠲᠥᠷᠥᠯ ᠤᠨ ᠵᠠᠷᠤᠯᠭ᠎ᠠ 3789 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.9% ᠪᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 8.5%  ᠶᠢ ᠡᠵᠡᠯᠡᠪᠡ︔ ᠠᠮᠢᠳᠤᠷᠠᠯ ᠤᠨ ᠬᠡᠷᠡᠭᠰᠡᠯ ᠵᠢᠴᠢ ᠦᠢᠯᠡᠴᠢᠯᠡᠭᠡᠨ ᠤ ᠵᠠᠷᠤᠯᠭ᠎ᠠ 3462 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 18.8%  ᠪᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 7.7% ᠶᠢ ᠡᠵᠡᠯᠡᠪᠡ︔ ᠵᠠᠮ ᠬᠠᠷᠢᠯᠴᠠᠭ᠎ᠠ ᠴᠢᠮᠡᠭᠡ ᠬᠤᠯᠪᠣᠭ᠎ᠠ ᠶᠢᠨ ᠵᠠᠷᠤᠯᠭ᠎ᠠ 9671 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.4% ᠪᠠᠷ ᠨᠡᠮᠡᠭᠳᠡᠵᠦ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 21.6% ᠶᠢ ᠡᠵᠡᠯᠡᠪᠡ︔ ᠰᠤᠷᠭᠠᠨ ᠬᠥᠮᠦᠵᠢᠯ ᠰᠣᠶᠣᠯ ᠴᠡᠩᠭᠡᠯ ᠤᠨ ᠵᠠᠷᠤᠯᠭ᠎ᠠ 5885 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 23.6% ᠪᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 13.2% ᠢ ᠡᠵᠡᠯᠡᠪᠡ︔ ᠡᠮ ᠡᠮᠨᠡᠯᠭᠡ ᠡᠷᠡᠭᠦᠯᠵᠢᠯ ᠤᠨ ᠲᠥᠷᠥᠯ ᠤᠨ ᠵᠠᠷᠤᠯᠭ᠎ᠠ 2413 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.9% ᠪᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 5.4% ᠶᠢ ᠡᠵᠡᠯᠡᠪᠡ︔ ᠪᠤᠰᠤᠳ ᠬᠡᠷᠡᠭᠯᠡᠭᠡᠨ ᠤ ᠵᠦᠢᠯ ᠪᠠ ᠦᠢᠯᠡᠴᠢᠯᠡᠭᠡᠨ ᠤ ᠲᠥᠷᠥᠯ ᠤᠨ ᠵᠠᠷᠤᠯᠭ᠎ᠠ 1717 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 19.2% ᠢᠶᠠᠷ ᠨᠡᠮᠡᠭᠳᠡᠨ᠂ ᠬᠡᠷᠡᠭᠯᠡᠭᠡᠨ ᠤ ᠴᠢᠨᠠᠷᠲᠠᠢ ᠵᠠᠷᠤᠯᠭ᠎ᠠ ᠶᠢᠨ 3.8% ᠶᠢ ᠡᠵᠡᠯᠡᠪᠡ᠃       ᠬᠤᠶᠠᠷ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠳᠤ ᠣᠷᠣᠰᠢᠵᠤ ᠪᠠᠶᠢᠭ᠎ᠠ ᠠᠰᠠᠭᠤᠳᠠᠯ     ᠴᠠᠯᠢᠩ ᠤᠨ ᠴᠢᠨᠠᠷᠲᠠᠢ ᠣᠷᠣᠯᠭ᠎ᠠ ᠪᠣᠯ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠤᠨ ᠭᠤᠣᠯ ᠢᠷᠡᠯᠲᠡ ᠪᠠᠶᠢᠵᠤ᠂ ᠡᠵᠡᠮᠳᠡᠵᠦ ᠪᠣᠯᠬᠤ ᠣᠷᠣᠯᠭ᠎ᠠ ᠳᠤ ᠡᠵᠡᠯᠡᠬᠦ ᠬᠤᠪᠢ ᠶᠢᠨ ᠵᠢᠩ ᠨᠢ 63.3% ᠳᠤ ᠬᠦᠷᠴᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠬᠤ ᠶᠢᠨ ᠰᠠᠭᠤᠷᠢ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠳ᠋ᠦᠩᠱᠧᠩ ᠲᠣᠭᠤᠷᠢᠭ ᠴᠠᠯᠢᠩ ᠢ ᠨᠡᠮᠡᠭᠳᠡᠭᠦᠯᠵᠦ ᠴᠠᠯᠢᠩ ᠢ ᠲᠣᠬᠢᠷᠠᠭᠤᠯᠬᠤ ᠲᠥᠷᠥ ᠶᠢᠨ ᠪᠣᠳᠣᠯᠭ᠎ᠠ ᠶᠢ ᠨᠡᠶᠢᠲᠡᠯᠡᠭᠡ ᠦᠭᠡᠢ ᠪᠣᠯᠬᠤᠷ ᠴᠠᠯᠢᠩ ᠤᠨ ᠣᠷᠣᠯᠭ᠎ᠠ ᠶᠢᠨ ᠨᠡᠮᠡᠭᠳᠡᠯ ᠤᠨ ᠬᠦᠴᠦ ᠮᠡᠬᠦᠰᠳᠡᠵᠦ ᠪᠠᠶᠢᠨ᠎ᠠ︔ ᠡᠭᠦᠨ ᠠᠴᠠ ᠭᠠᠳᠠᠨ᠎ᠠ ᠲᠦᠭᠦᠬᠡᠢ ᠡᠳ᠋ ᠮᠠᠲ᠋ᠧᠷᠢᠶᠠᠯ ᠵᠢᠴᠢ ᠡᠨᠧᠷᠭᠢ ᠶᠢᠨ ᠰᠤᠷᠪᠤᠯᠵᠢ ᠶᠢᠨ ᠦᠨ᠎ᠡ ᠥᠰᠴᠦ᠂ ᠠᠵᠢᠯᠴᠢᠨ ᠬᠡᠷᠡᠭᠯᠡᠬᠦ ᠥᠪᠡᠷ ᠤᠨ ᠦᠷᠳᠡᠭ ᠨᠡᠮᠡᠭᠳᠡᠭᠰᠡᠨ ᠠᠴᠠ ᠡᠵᠡᠩᠨᠡᠯᠲᠡ ᠶᠢᠨ ᠥᠪᠡᠷ ᠤᠨ ᠦᠷᠳᠡᠭ ᠳᠡᠭᠡᠭᠰᠢᠯᠡᠵᠦ᠂ ᠡᠵᠡᠩᠨᠡᠯᠲᠡ ᠶᠢᠨ ᠴᠡᠪᠡᠷ ᠣᠷᠣᠯᠭ᠎ᠠ ᠶᠢᠨ ᠥᠰᠦᠯᠲᠡ ᠶᠢ ᠬᠢᠵᠠᠭᠠᠷᠯᠠᠵᠤ ᠪᠠᠶᠢᠨ᠎ᠠ︔ ᠡᠳ᠋ ᠬᠥᠷᠥᠩᠭᠡ ᠶᠢᠨ ᠴᠡᠪᠡᠷ ᠣᠷᠣᠯᠭ᠎ᠠ ᠶᠢᠨ ᠡᠵᠡᠯᠡᠬᠦ ᠬᠠᠷᠢᠴᠠᠯ ᠳᠣᠣᠷ᠎ᠠ ᠪᠠᠶᠢᠵᠤ᠂ ᠬᠦᠦ ᠮᠥᠩᠭᠦ ᠶᠢᠨ ᠨᠣᠷᠮ᠎ᠠ ᠳᠣᠷᠣᠭᠰᠢᠯᠠᠬᠤ᠂ ᠰᠲ᠋ᠣᠺ ᠤᠨ ᠵᠠᠬ᠎ᠠ ᠳᠡᠯᠭᠡᠭᠦᠷ ᠲᠣᠭᠲᠠᠭᠤᠨ ᠪᠤᠰᠤ ᠪᠠᠶᠢᠬᠤ ᠵᠡᠷᠭᠡ ᠬᠦᠴᠦᠨ ᠵᠦᠢᠯ ᠤᠨ ᠨᠥᠯᠥᠭᠡ ᠠᠴᠠ ᠪᠣᠯᠵᠤ᠂ ᠡᠳ᠋ ᠬᠥᠷᠥᠩᠭᠡ ᠶᠢᠨ ᠴᠡᠪᠡᠷ ᠣᠷᠣᠯᠭ᠎ᠠ ᠶᠢᠨ ᠨᠡᠮᠡᠭᠳᠡᠯ ᠤᠨ ᠬᠥᠳᠡᠯᠭᠡᠬᠦ ᠬᠦᠴᠦᠨ ᠬᠦᠷᠦᠯᠴᠡᠬᠦ ᠦᠭᠡᠢ ᠪᠠᠶᠢᠵᠤ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠪᠦᠲᠦᠮᠵᠢᠲᠡᠶ ᠳᠠᠶᠢᠴᠢᠯᠠᠬᠤ ᠳᠤ ᠪᠡᠷᠬᠡᠲᠡᠢ ᠪᠠᠶᠢᠨ᠎ᠠ︔ ᠰᠢᠯᠵᠢᠭᠦᠯᠦᠭᠰᠡᠨ ᠴᠡᠪᠡᠷ ᠣᠷᠣᠯᠭ᠎ᠠ ᠨᠢ ᠴᠠᠯᠢᠩ ᠤᠨ ᠴᠢᠨᠠᠷᠲᠠᠢ ᠣᠷᠣᠯᠭ᠎ᠠ ᠲᠠᠢ ᠠᠳᠠᠯᠢ ᠪᠠᠷ ᠲᠥᠷᠥ ᠶᠢᠨ ᠪᠣᠳᠣᠯᠭ᠎ᠠ ᠶᠢᠨ ᠴᠢᠨᠠᠷᠲᠠᠢ ᠣᠷᠣᠯᠭ᠎ᠠ ᠶᠢᠨ ᠨᠡᠮᠡᠭᠳᠡᠯ ᠳᠤ ᠬᠦᠨᠳᠦ ᠨᠣᠴᠢᠲᠠᠢ ᠲᠦᠰᠢᠭᠯᠡᠵᠦ ᠪᠠᠶᠢᠨ᠎ᠠ᠂ ᠬᠡᠳᠦᠶᠢᠪᠡᠷ 2023 ᠣᠨ ᠳᠤ ᠨᠡᠶᠢᠭᠡᠮ ᠤᠨ ᠠᠪᠤᠷᠠᠨ ᠲᠤᠰᠠᠯᠠᠬᠤ ᠪᠠᠷᠢᠮᠵᠢᠶ᠎ᠠ ᠶᠢ ᠳᠡᠭᠡᠭᠰᠢᠯᠡᠭᠦᠯᠦᠭᠰᠡᠨ ᠪᠣᠯᠪᠠᠴᠤ ᠰᠢᠯᠵᠢᠭᠦᠯᠦᠭᠰᠡᠨ ᠴᠡᠪᠡᠷ ᠣᠷᠣᠯᠭ᠎ᠠ ᠶᠢᠨ ᠡᠵᠡᠯᠡᠬᠦ ᠬᠠᠷᠢᠴᠠᠯ ᠨᠢ ᠳᠣᠣᠷ᠎ᠠ ᠤᠴᠢᠷ ᠠᠴᠠ ᠡᠵᠡᠮᠳᠡᠵᠦ ᠪᠣᠯᠬᠤ ᠣᠷᠣᠯᠭ᠎ᠠ ᠳᠤ ᠦᠵᠡᠭᠦᠯᠬᠦ ᠳᠠᠶᠢᠴᠢᠯᠠᠬᠤ ᠦᠢᠯᠡᠳᠦᠯ ᠨᠢ ᠨᠡᠯᠢᠶᠡᠳ ᠪᠠᠭᠤᠷᠠᠢ ᠪᠠᠶᠢᠭᠰᠠᠭᠠᠷ᠃       ᠭᠤᠷᠪᠠ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠲᠤᠬᠠᠢ ᠰᠠᠨᠠᠭᠤᠯᠭ᠎ᠠ     ᠨᠢᠭᠡ ᠳᠤ ᠬᠠᠮᠢᠶ᠎ᠠ ᠪᠦᠬᠦᠢ ᠰᠠᠯᠠᠭ᠎ᠠ ᠮᠥᠴᠢᠷ ᠲᠤ ᠰᠠᠨᠠᠭᠤᠯᠬᠤ ᠨᠢ᠂ ᠮᠠᠨ ᠤ ᠲᠤᠭᠤᠷᠢᠭ ᠤᠨ ᠪᠣᠳᠠᠲᠠᠢ ᠳᠤ ᠨᠡᠶᠢᠴᠡᠬᠦ ᠴᠠᠯᠢᠩ ᠢ ᠨᠡᠮᠡᠭᠳᠡᠭᠦᠯᠬᠦ ᠵᠢᠴᠢ ᠱᠠᠩᠨᠠᠯ ᠤᠨ ᠴᠢᠨᠠᠷᠲᠠᠢ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠨᠡᠶᠢᠲᠡᠯᠡᠨ᠎ᠡ᠃ ᠬᠤᠶᠠᠷ ᠲᠤ ︽ᠳᠤᠯᠠᠭᠠᠨ ᠬᠤᠲᠠ︾ ᠶᠢᠨ ᠨᠠᠷᠠᠲᠤ ᠲᠡᠮᠳᠡᠭᠲᠦ ᠶᠢ ᠯᠠᠪᠳᠠᠭᠤᠨ ᠢᠶᠠᠷ ᠠᠬᠢᠭᠤᠯᠵᠤ᠂ ᠴᠠᠰᠤ ᠮᠦᠰᠦᠨ ᠤ ᠣᠨᠴᠠᠯᠢᠭᠲᠤ ᠵᠢᠭᠤᠯᠴᠢᠯᠠᠯ ᠵᠡᠷᠭᠡ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ ᠬᠡᠷᠡᠭᠯᠡᠭᠡᠨ ᠤ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠠᠶᠠᠯᠢᠭᠵᠢᠭᠤᠯᠵᠤ᠂ ᠬᠠᠮᠢᠶ᠎ᠠ ᠪᠦᠬᠦᠢ ᠦᠢᠯᠡᠴᠢᠯᠡᠭᠡᠨ ᠤ ᠠᠵᠢᠯ ᠲᠥᠷᠥᠯ ᠤᠨ ᠡᠵᠡᠩᠨᠡᠯᠲᠡ ᠶᠢᠨ ᠴᠡᠪᠡᠷ ᠣᠷᠣᠯᠭ᠎ᠠ ᠶᠢᠨ ᠨᠡᠮᠡᠭᠳᠡᠯ ᠢ ᠳᠠᠶᠢᠴᠢᠯᠠᠨ᠎ᠠ᠃ ᠭᠤᠷᠪᠠ ᠳᠤ ᠬᠤᠳᠠ ᠪᠠᠯᠭᠠᠰᠤᠨ ᠤ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠵᠦᠢ ᠵᠣᠬᠢᠰᠲᠠᠢ ᠪᠡᠯᠡ ᠣᠷᠣᠭᠤᠯᠤᠯᠲᠠ ᠬᠢᠯᠭᠡᠵᠦ᠂ ᠰᠤᠯᠠ ᠪᠠᠶᠢᠭ᠎ᠠ ᠳᠡᠯᠭᠡᠭᠦᠷ ᠫᠦᠰᠡ ᠶᠢ ᠠᠮᠢᠳᠤᠯᠢᠭᠵᠢᠭᠤᠯᠵᠤ᠂ ᠲᠦᠷᠢᠶᠡᠰᠦᠨ ᠮᠥᠩᠭᠦ ᠪᠠ ᠬᠦᠦ ᠮᠥᠩᠭᠦ ᠵᠡᠷᠭᠡ ᠶᠢᠨ ᠣᠷᠣᠯᠭ᠎ᠠ ᠶᠢ ᠨᠡᠮᠡᠭᠳᠡᠭᠦᠯᠦᠨ᠎ᠡ᠃ ᠳᠥᠷᠪᠡ ᠳᠤ ᠠᠷᠠᠳ ᠤᠯᠠᠨ ᠤ ᠠᠩᠬᠠᠷᠴᠤ ᠪᠠᠶᠢᠭ᠎ᠠ ᠤᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠠᠰᠠᠷᠠᠮᠵᠢ ᠶᠢᠨ ᠬᠦᠷᠢᠶ᠎ᠡ ᠴᠠᠷᠠᠨ ᠤ ᠲᠣᠭᠤᠷᠢᠨ ᠳᠤ ᠪᠠᠲᠤᠯᠠᠭ᠎ᠠ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ᠃  
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ