ᠳ᠋ᠦᠩᠱᠧᠩ ᠲᠣᠭᠤᠷᠢᠭ ᠤᠨ ᠦᠢᠯᠡᠴᠢᠯᠡᠭᠡᠨ ᠤ ᠦᠢᠯᠡᠰ ᠨᠡᠯᠢᠶᠡᠳ ᠴᠢᠩᠭ᠎ᠠ ᠬᠥᠭᠵᠢᠯᠲᠡ ᠶᠢᠨ ᠤᠶᠠᠨ ᠬᠠᠳᠠᠨ ᠴᠢᠨᠠᠷ ᠪᠠ ᠳᠠᠷᠤᠯᠲᠠ ᠶᠢ ᠳᠠᠭᠠᠭᠠᠬᠤ ᠴᠢᠨᠠᠷ ᠲᠠᠢ ᠪᠤᠯᠪᠠ
ᠨᠡᠶᠢᠲᠡᠯᠡᠭᠰᠡᠨ ᠴᠠᠭ᠄
2024/2/22
    2023 ᠣᠨ ᠳᠤ᠂ ᠳ᠋ᠦᠩᠱᠧᠩ ᠲᠣᠭᠤᠷᠢᠭ ᠤᠨ ᠦᠢᠯᠡᠴᠢᠯᠡᠭᠡᠨ ᠤ ᠦᠢᠯᠡᠰ ᠤᠨ ᠶᠡᠷᠦᠩᠬᠡᠢ ᠴᠣᠭᠴᠠ ᠶᠢᠨ ᠠᠵᠤ ᠠᠬᠤᠢ ᠨᠡᠯᠢᠶᠡᠳ ᠴᠢᠩᠭ᠎ᠠ ᠬᠥᠭᠵᠢᠯᠲᠡ ᠶᠢᠨ ᠤᠶᠠᠨ ᠬᠠᠳᠠᠨ ᠴᠢᠨᠠᠷ ᠪᠠ ᠳᠠᠷᠤᠯᠲᠠ ᠶᠢ ᠳᠠᠭᠠᠭᠠᠬᠤ ᠴᠢᠨᠠᠷ ᠲᠠᠢ ᠪᠤᠯᠵᠤ᠂ ᠭᠤᠣᠯ ᠭᠦᠢᠴᠡᠳᠬᠡᠯ ᠲᠤᠭ᠎ᠠ ᠶᠢ ᠵᠣᠬᠢᠴᠠᠩᠭᠤᠢ ᠪᠠᠷ ᠬᠥᠭᠵᠢᠭᠦᠯᠵᠦ᠂ ᠤᠯᠤᠰ ᠠᠷᠠᠳ ᠤᠨ ᠠᠵᠤ ᠠᠬᠤᠢ ᠶᠢᠨ ᠦᠷᠭᠦᠯᠵᠢᠯᠡᠨ᠂ ᠲᠣᠭᠲᠠᠭᠤᠨ᠂ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠲᠤᠯᠭᠠᠭᠤᠷᠢᠯᠠᠯ ᠬᠠᠩᠭᠠᠵᠠᠢ᠃       ᠨᠢᠭᠡ᠂ ᠶᠡᠷᠦᠩᠬᠡᠢ ᠪᠠᠶᠢᠳᠠᠯ     ︵ᠨᠢᠭᠡ︶ ᠡᠵᠡᠩᠨᠡᠯᠲᠡ ᠶᠢᠨ ᠣᠷᠣᠯᠭ᠎ᠠ ᠪᠠᠭᠤᠷᠠᠬᠤ ᠪᠠᠨ ᠵᠤᠭᠰᠤᠵᠤ ᠳᠠᠬᠢᠨ ᠳᠡᠭᠡᠭᠰᠢᠯᠡᠪᠡ     2023 ᠣᠨ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 213.1 ᠳ᠋ᠦᠩᠰᠢᠭᠤᠷ ᠲᠥᠭᠦᠷᠢᠭ ᠲᠤ ᠬᠦᠷᠴᠤ᠂ ᠶᠡᠷᠦᠩᠬᠡᠢ ᠬᠡᠮᠵᠢᠶ᠎ᠡ ᠪᠠᠷ ᠪᠥᠬᠦ ᠬᠤᠲᠠ ᠳᠤ ᠨᠢᠭᠡᠳᠦᠭᠡᠷ ᠲᠤ ᠪᠠᠶᠢᠷᠢᠯᠠᠵᠤ᠂ ᠠᠳᠠᠯᠢ ᠬᠤᠭᠤᠴᠠᠭᠠᠨ ᠤ ᠬᠢ ᠠᠴᠠ 2.5%  ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠰᠥᠭᠡᠷᠭᠦ ᠪᠠᠶᠢᠭᠰᠠᠨ ᠠᠴᠠ ᠪᠠᠨ ᠡᠶᠡᠷᠬᠦ ᠪᠤᠯᠵᠤ᠂ 1 — 11 ᠰᠠᠷ᠎ᠠ ᠶᠢᠨ ᠬᠢ ᠠᠴᠠ 3.7 ᠵᠠᠭᠤᠨ ᠤ ᠬᠤᠪᠢ ᠳᠡᠭᠡᠭᠰᠢᠯᠡᠵᠡᠢ᠃ ᠡᠭᠦᠨ ᠳᠤ ᠠᠷᠠᠳ ᠠᠴᠠ ᠡᠵᠡᠩᠨᠡᠭᠰᠡᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ 90.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 13.8% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 5.3 ᠵᠠᠭᠤᠨ ᠤ ᠬᠤᠪᠢ ᠨᠡᠮᠡᠭᠳᠡᠬᠦ ᠶᠢ ᠳᠠᠶᠢᠴᠢᠯᠠᠪᠠ᠃       ︵ᠬᠤᠶᠠᠷ︶ ᠶᠢᠰᠦᠨ ᠲᠤᠮᠤ ᠠᠵᠢᠯ ᠲᠦᠷᠦᠯ ᠤᠨ ᠡᠵᠡᠩᠨᠡᠯᠳᠡ ᠶᠢᠨ ᠤᠷᠤᠯᠭ᠎ᠠ ᠶᠢᠨ ︽8 ᠨᠢ ᠨᠡᠮᠡᠭᠳᠡᠵᠤ 1 ᠨᠢ ᠪᠠᠭᠤᠷᠠᠪᠠ︾     ᠠᠵᠢᠯ ᠲᠥᠷᠥᠯ ᠢᠶᠠᠷ ᠬᠤᠪᠢᠶᠠᠪᠠᠯ᠂ 9 ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠨᠢ ︽8 ᠨᠢ ᠳᠡᠭᠡᠭᠰᠢᠯᠡᠵᠦ 1  ᠨᠢ ᠪᠠᠭᠤᠷᠠᠪᠠ︾᠃ ᠰᠠᠭᠤᠭᠠᠯᠢ ᠠᠷᠠᠳ ᠤᠨ ᠦᠢᠯᠡᠴᠢᠯᠡᠭᠡᠨ ᠤ ᠰᠡᠯᠪᠢᠨ ᠵᠠᠰᠠᠯᠲᠠ ᠪᠠ ᠪᠤᠰᠤᠳ ᠦᠢᠯᠡᠴᠢᠯᠡᠭᠡᠨ ᠤ ᠦᠢᠯᠡᠰ᠂ ᠰᠣᠶᠣᠯ ᠪᠡᠶ᠎ᠡ ᠶᠢᠨ ᠲᠠᠮᠢᠷ ᠪᠠ ᠵᠤᠭ᠎ᠠ ᠴᠡᠩᠭᠡᠯ ᠤᠨ ᠦᠢᠯᠡᠰ ᠵᠡᠷᠭᠡ ᠨᠢᠭᠲᠠ ᠬᠠᠷᠢᠯᠴᠠᠬᠤ ᠴᠢᠨᠠᠷᠲᠠᠢ ᠠᠵᠢᠯ ᠲᠥᠷᠥᠯ ᠤᠨ ᠰᠡᠷᠭᠦᠯᠲᠡ ᠨᠡᠯᠢᠶᠡᠳ ᠲᠦᠷᠭᠡᠨ ᠪᠠᠶᠢᠵᠤ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠤᠰᠤᠨ ᠠᠰᠢᠭᠯᠠᠯᠲᠠ ᠶᠢᠨ ᠣᠷᠴᠢᠨ ᠲᠣᠭᠤᠷᠢᠨ ᠪᠠ ᠣᠯᠠᠨ ᠨᠡᠶᠢᠲᠡ ᠶᠢᠨ ᠳᠦᠬᠦᠭᠡᠷᠦᠮᠵᠢ ᠶᠢᠨ ᠬᠠᠮᠢᠶᠠᠷᠤᠯᠲᠠ ᠶᠢᠨ ᠦᠢᠯᠡᠰ᠂ ᠰᠤᠷᠭᠠᠨ ᠬᠥᠮᠦᠵᠢᠯ᠂ ᠮᠡᠳᠡᠭᠡ ᠵᠠᠩᠭᠢ ᠳᠠᠮᠵᠢᠭᠤᠯᠬᠤ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ︵ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠪᠠᠭᠲᠠᠬᠤ ᠦᠭᠡᠢ︶ ᠵᠡᠷᠭᠡ 8 ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠨᠡᠮᠡᠭᠳᠡᠯ ᠢ ᠪᠡᠶᠡᠯᠡᠭᠦᠯᠵᠦ᠂ ᠨᠡᠮᠡᠭᠳᠡᠯ ᠤᠨ ᠬᠤᠷᠳᠤᠴᠠ ᠨᠢ ᠲᠣᠰ ᠲᠣᠰ 219.5%᠂ 70.4%᠂ 67.6%᠂ 42.9%᠂ 30.3%᠂ 23.6%᠂ 8.9% ᠪᠠ 0.4% ᠳᠤ ᠬᠦᠷᠪᠡ︔ ᠵᠠᠮ ᠲᠡᠭᠡᠭᠡᠪᠦᠷᠢ ᠬᠥᠮᠥᠷᠭᠡᠯᠡᠯᠲᠡ ᠪᠠ ᠰᠢᠤᠳᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 11.2% ᠢᠶᠠᠷ ᠪᠠᠭᠤᠷᠠᠪᠠ᠃       ︵ᠭᠤᠷᠪᠠ︶ ᠭᠤᠣᠯ ᠬᠦᠢᠴᠡᠳᠬᠡᠯ ᠲᠤᠭ᠎ᠠ ᠵᠣᠬᠢᠴᠠᠩᠭᠤᠢ ᠪᠠᠷ ᠬᠦᠭᠵᠢᠪᠡ     1. ᠠᠰᠢᠭ ᠣᠯᠵᠠᠪᠤᠷᠢ ᠶᠢᠨ ᠴᠢᠳᠠᠪᠤᠷᠢ ᠦᠷᠭᠦᠯᠵᠢᠯᠡᠨ ᠳᠡᠭᠡᠭᠰᠢᠯᠡᠪᠡ᠃ 2023 ᠣᠨ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠪᠡᠶᠡᠯᠡᠭᠦᠯᠦᠭᠰᠡᠨ ᠠᠰᠢᠭ ᠬᠤᠨᠵᠢᠪᠤᠷᠢ ᠶᠢᠨ ᠶᠡᠷᠦᠩᠬᠡᠢ ᠬᠡᠮᠵᠢᠶ᠎ᠡ 187.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 212.7% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 1 — 11 ᠰᠠᠷ᠎ᠠ ᠶᠢᠨ ᠬᠢ ᠠᠴᠠ 60.9 ᠵᠠᠭᠤᠨ ᠤ ᠬᠤᠪᠢ ᠳᠡᠭᠡᠭᠰᠢᠯᠡᠵᠡᠢ᠃       2. ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠰᠢᠢᠳᠪᠦᠷᠢᠯᠡᠵᠦ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠪᠠ᠃ 2023 ᠣᠨ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠲᠤᠰᠢᠶᠠᠬᠤ ᠶᠣᠰᠣᠲᠠᠢ ᠥᠷᠲᠡᠭ ᠤᠨ ᠨᠡᠮᠡᠭᠳᠡᠯ ᠤᠨ ᠭᠠᠶᠢᠯᠢ ᠨᠢ ᠠᠳᠠᠯᠢ ᠬᠤᠭᠤᠴᠠᠭᠠᠨ ᠤ ᠬᠢᠨ ᠠᠴᠠ 8.8% ᠪᠠᠷ ᠪᠠᠭᠤᠷᠠᠪᠠ᠃       3. ᠠᠵᠢᠯᠲᠠᠨ ᠠᠵᠢᠯᠴᠢᠨ ᠤ ᠴᠠᠯᠢᠩ ᠬᠥᠯᠥᠰᠦ ᠶᠢ ᠲᠣᠭᠲᠠᠭᠤᠨ ᠢᠶᠠᠷ ᠨᠡᠮᠡᠭᠳᠡᠬᠦᠯᠪᠡ᠃ 2023 ᠣᠨ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠲᠤᠰᠢᠶᠠᠬᠤ ᠶᠣᠰᠣᠲᠠᠢ ᠠᠵᠢᠯᠲᠠᠨ ᠠᠵᠢᠯᠴᠢᠨ ᠤ ᠴᠠᠯᠢᠩ 27.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5.5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 1 — 11 ᠰᠠᠷ᠎ᠠ ᠶᠢᠨ ᠬᠢ ᠠᠴᠠ 0.1 ᠵᠠᠭᠤᠨ ᠤ ᠬᠤᠪᠢ ᠳᠡᠭᠡᠭᠰᠢᠯᠡᠵᠡᠢ᠃       ᠬᠤᠶᠠᠷ᠂ ᠠᠵᠢᠯᠯᠠᠭᠠᠨ ᠤ ᠣᠨᠴᠠᠯᠢᠭ     ︵ᠨᠢᠭᠡ︶ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠬᠤᠪᠢ ᠨᠡᠮᠡᠷᠢ ᠲᠤᠪᠤᠶᠢᠮ᠎ᠠ ᠪᠠᠶᠢᠪᠠ     2023 ᠣᠨ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 38.4 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 68.1% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢ 7.5 ᠵᠠᠭᠤᠨ ᠤ ᠬᠤᠪᠢ ᠪᠠᠷ ᠨᠡᠮᠡᠭᠳᠡᠬᠦ ᠶᠢ ᠳᠠᠶᠢᠴᠢᠯᠠᠪᠠ᠃       ︵ᠬᠤᠶᠠᠷ︶ ᠰᠢᠨ᠎ᠡ ᠪᠠᠷ ᠪᠤᠢ ᠪᠣᠯᠤᠭᠰᠠᠨ ᠦᠢᠯᠡᠴᠢᠯᠡᠭᠡᠨ ᠤ ᠦᠢᠯᠡᠰ ᠤᠨ ᠬᠤᠪᠢ ᠨᠡᠮᠡᠷᠢ ᠲᠣᠪᠣᠶᠢᠮ᠎ᠠ ᠪᠠᠶᠢᠪᠠ     2023 ᠣᠨ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠮᠡᠳᠡᠭᠡ ᠵᠠᠩᠭᠢ ᠳᠠᠮᠵᠢᠭᠤᠯᠬᠤ᠂ ᠵᠥᠭᠡᠯᠡᠨ ᠲᠣᠨᠤᠭ ᠪᠠ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 30.3 ᠳ᠋ᠦᠩᠰᠢᠭᠤᠷ ᠲᠥᠭᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 1.2 ᠵᠠᠭᠤᠨ ᠤ ᠬᠤᠪᠢ ᠨᠡᠮᠡᠭᠳᠡᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 47.8% ᠳᠤ ᠬᠦᠷᠴᠡᠢ᠃       ︵ᠭᠤᠷᠪᠠ︶ ᠰᠢᠨ᠎ᠡ ᠪᠠᠷ ᠨᠡᠮᠡᠭᠳᠡᠭᠰᠡᠨ ᠨᠢᠭᠡᠴᠡ ᠶᠢᠨ ᠡᠵᠡᠩᠨᠡᠯᠳᠡ ᠶᠢᠨ ᠤᠷᠤᠯᠭ᠎ᠠ ᠳᠤ ᠦᠵᠡᠬᠦᠯᠦᠭᠰᠡᠨ ᠬᠤᠪᠢ ᠨᠡᠮᠡᠷᠢ ᠶᠢᠨ ᠨᠤᠷᠮ᠎ᠠ ᠳᠡᠭᠡᠭᠰᠢᠯᠡᠪᠡ     2023 ᠣᠨ ᠳᠤ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠰᠢᠨ᠎ᠡ ᠪᠠᠷ ᠨᠡᠮᠡᠭᠳᠡᠭᠰᠡᠨ ᠨᠢᠭᠡᠴᠡ 11 ᠪᠠᠶᠢᠵᠤ᠂ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠡᠵᠡᠩᠨᠡᠯᠲᠡ ᠶᠢᠨ ᠣᠷᠣᠯᠭ᠎ᠠ 6.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠᠷ ᠨᠡᠮᠡᠭᠳᠡᠨ᠂ ᠳ᠋ᠦᠩᠱᠧᠩ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ 1% ᠳᠤ ᠬᠦᠷᠴᠦ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 0.03 ᠵᠠᠭᠤᠨ ᠤ ᠬᠤᠪᠢ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ