ᠬᠦᠳᠡᠯᠬᠡᠬᠡᠨ ᠬᠢᠬᠦ ᠠᠷᠭ᠎ᠠ ᠪᠠᠷ ᠮᠠᠷᠢᠶ᠎ᠠ ᠰᠢᠭᠤᠷᠠᠭᠤᠯᠬᠤ ᠳᠤ ᠠᠩᠬᠠᠷᠬᠤ ᠵᠦᠢᠯᠡᠰ
ᠨᠡᠶᠢᠲᠡᠯᠡᠭᠰᠡᠨ ᠴᠠᠭ᠄
2024/2/23
      ᠬᠦᠳᠡᠯᠬᠡᠬᠡᠨ ᠬᠢᠬᠦ ᠨᠢ ᠬᠦᠮᠦᠨ ᠤ ᠪᠡᠶ᠎ᠡ ᠮᠠᠬᠠᠪᠤᠳ ᠤᠨ ᠡᠷᠡᠬᠦᠯ ᠴᠢᠬᠢᠷᠠᠭ ᠲᠤ ᠲᠤᠩ ᠠᠰᠢᠭᠳᠠᠢ ᠪᠠᠶᠢᠳᠠᠭ᠃ ᠵᠢᠱᠢᠶᠡᠯᠡᠪᠡᠯ ᠮᠠᠷᠢᠶ᠎ᠠ ᠰᠢᠭᠤᠷᠠᠭᠤᠯᠬᠤ᠂ ᠤᠨᠳᠠᠯᠭ᠎ᠠ ᠶᠢ ᠰᠠᠶᠢᠵᠢᠷᠠᠭᠤᠯᠬᠤ᠂ ᠰᠢᠨ᠎ᠡ ᠬᠠᠭᠤᠴᠢᠨ ᠤ ᠰᠤᠯᠢᠯᠴᠠᠭ᠎ᠠ ᠶᠢ ᠠᠬᠢᠭᠤᠯᠬᠤ ᠵᠡᠷᠬᠡ᠃ ᠬᠡᠪᠡᠴᠤ ᠬᠦᠳᠡᠯᠬᠡᠬᠡᠨ ᠬᠢᠬᠦ ᠪᠠ ᠮᠠᠷᠢᠶ᠎ᠠ ᠰᠢᠭᠤᠷᠠᠭᠤᠯᠬᠤ ᠶᠢ ᠠᠳᠠᠯᠢᠬᠠᠨ  ᠢᠶᠠᠷ ᠦᠵᠡᠵᠤ ᠪᠤᠯᠬᠤ ᠦᠬᠡᠢ᠃ ᠰᠢᠨᠵᠢᠯᠡᠬᠦ ᠤᠬᠠᠭᠠᠨᠴᠢ᠂ ᠵᠦᠢ ᠵᠤᠬᠢᠰᠳᠠᠢ ᠬᠦᠳᠡᠯᠬᠡᠬᠡᠨ ᠬᠢᠪᠡᠯ ᠰᠠᠶ᠋ᠢ ᠮᠠᠷᠢᠶ᠎ᠠ ᠰᠢᠭᠤᠷᠠᠭᠤᠯᠬᠤ ᠵᠤᠷᠢᠯᠭ᠎ᠠ ᠳᠤ ᠪᠠᠨ ᠬᠦᠷᠴᠤ ᠴᠢᠳᠠᠬᠤ ᠶᠤᠮ᠃       ᠠᠳᠡᠬᠦᠷᠡᠯ ᠨᠢᠬᠡ᠄ ᠬᠦᠳᠡᠯᠬᠡᠬᠡᠨ ᠬᠢᠳᠡᠭ ᠯᠠ ᠶᠤᠮ ᠪᠤᠯ ᠮᠠᠷᠢᠶ᠎ᠠ ᠪᠠᠨ ᠰᠢᠭᠤᠷᠠᠭᠤᠯᠵᠤ ᠪᠤᠯᠤᠨ᠎ᠠ       ᠰᠤᠳᠤᠯᠭᠠᠨ ᠢ ᠦᠨᠳᠤᠰᠤᠯᠡᠪᠡᠯ᠂ ᠬᠦᠳᠡᠯᠬᠡᠬᠡᠨ ᠬᠢᠬᠦ ᠨᠢ ᠬᠡᠳᠤᠶᠢᠪᠡᠷ ᠬᠦᠮᠦᠨ ᠤ ᠪᠡᠶ᠎ᠡ ᠶᠢᠨ ᠡᠨᠧᠷᠬᠢ ᠶᠢ ᠬᠤᠷᠤᠭᠳᠠᠭᠤᠯᠳᠠᠭ ᠪᠤᠯᠪᠠᠴᠤ ᠵᠦᠪᠬᠡᠨ ᠬᠦᠳᠡᠯᠬᠡᠬᠡᠨ ᠬᠢᠬᠦ ᠳᠤ ᠲᠦᠰᠢᠭᠯᠡᠪᠡᠯ ᠮᠠᠷᠢᠶ᠎ᠠ ᠪᠠᠨ ᠰᠢᠭᠤᠷᠠᠭᠤᠯᠬᠤ ᠦᠢᠯᠡᠳᠤᠯ ᠨᠢ ᠳᠡᠶᠢᠮᠤ ᠢᠯᠡᠷᠬᠡᠢ ᠪᠢᠰᠢ ᠪᠠᠶᠢᠳᠠᠭ᠃ ᠦᠷᠬᠦᠯᠵᠢ ᠵᠢᠮ᠎ᠡ ᠶᠤᠰᠤ ᠲᠠᠢ ᠬᠦᠳᠡᠯᠬᠡᠬᠡᠨ ᠬᠢᠬᠦ ᠪᠠ ᠢᠳᠡᠬᠡᠨ ᠤᠮᠳᠠᠭᠠᠨ ᠢᠶᠠᠨ ᠵᠤᠬᠢᠴᠠᠭᠤᠯᠤᠨ ᠢᠳᠡᠵᠤ ᠤᠤᠭᠤᠬᠤ ᠨᠢ ᠰᠠᠶ᠋ᠢ ᠮᠠᠷᠢᠶ᠎ᠠ ᠪᠠᠨ ᠰᠢᠭᠤᠷᠠᠭᠤᠯᠬᠤ ᠶᠢᠨ ᠵᠠᠩᠬᠢᠯᠠᠭ᠎ᠠ ᠪᠤᠯᠤᠨ᠎ᠠ᠃       ᠠᠳᠡᠬᠦᠷᠡᠯ ᠬᠤᠶᠠᠷ᠄ ᠦᠯᠦᠨ ᠢᠶᠠᠷ ᠬᠦᠳᠡᠯᠬᠡᠬᠡᠨ ᠬᠢᠬᠦ ᠨᠢ ᠡᠷᠡᠬᠦᠯ ᠮᠡᠨᠳᠤ ᠳᠤ ᠠᠰᠢᠭ ᠦᠬᠡᠢ       ᠤᠯᠠᠩᠬᠢ ᠬᠦᠮᠦᠰ ᠦᠯᠦᠨ ᠢᠶᠠᠷ ᠬᠦᠳᠡᠯᠬᠡᠬᠡᠨ ᠬᠢᠬᠦ ᠨᠢ ᠡᠷᠡᠬᠦᠯ ᠮᠡᠨᠳᠤ ᠳᠤ ᠠᠰᠢᠭ ᠦᠬᠡᠢ ᠬᠡᠵᠤ ᠦᠵᠡᠳᠡᠭ᠂ ᠤᠴᠢᠷ ᠨᠢ ᠦᠯᠦᠨ ᠢᠶᠠᠷ ᠬᠦᠳᠡᠯᠬᠡᠬᠡᠨ ᠬᠢᠪᠡᠯ ᠪᠡᠶ᠎ᠡ ᠶᠢᠨ ᠳᠤᠳᠤᠭᠠᠳᠤ ᠳᠠᠬᠢ ᠠᠩᠬᠠᠨ ᠤ ᠰᠢᠬᠢᠷ ᠢ ᠶᠡᠭᠡ ᠬᠡᠮᠵᠢᠶ᠎ᠡ ᠪᠠᠷ ᠬᠤᠷᠤᠭᠳᠠᠭᠤᠯᠳᠠᠭ ᠢᠶᠠᠷ ᠳᠤᠯᠤᠭᠠᠢ ᠡᠷᠬᠢᠬᠦ᠂ ᠳᠠᠮᠢᠷᠳᠠᠬᠤ ᠵᠡᠷᠬᠡ ᠢᠯᠡᠷᠡᠯ ᠭᠠᠷᠳᠠᠭ᠃ ᠬᠡᠪᠡᠴᠤ ᠰᠤᠳᠤᠯᠭᠠᠨ ᠤ ᠦᠵᠡᠬᠦ ᠪᠠᠷ᠂ ᠬᠤᠭᠤᠯᠠᠨ ᠤ ᠡᠮᠤᠨ᠎ᠡ 1 — 2 ᠴᠠᠭ ᠤᠨ ᠳᠤᠳᠤᠷ᠎ᠠ ᠦᠯᠦᠨ ᠢᠶᠠᠷ ᠵᠤᠬᠢᠬᠤ ᠬᠡᠮᠵᠢᠶᠡᠨ ᠤ ᠬᠦᠳᠡᠯᠬᠡᠬᠡᠨ ᠬᠢᠵᠤ ᠪᠤᠯᠤᠨ᠎ᠠ᠃ ᠵᠢᠱᠢᠶᠡᠯᠡᠪᠡᠯ᠄ ᠠᠯᠬᠤᠬᠤ᠂ ᠪᠦᠵᠢᠭᠯᠡᠬᠦ᠂ ᠤᠳᠠᠭᠠᠨ ᠬᠦᠶᠦᠬᠦ᠂ ᠳᠤᠭᠤᠢ ᠳᠡᠷᠬᠡ ᠤᠨᠤᠬᠤ ᠵᠡᠷᠬᠡ ᠬᠦᠳᠡᠯᠬᠡᠬᠡᠨ ᠢ ᠬᠢᠪᠡᠯ ᠮᠠᠷᠢᠶ᠎ᠠ ᠰᠢᠭᠤᠷᠠᠭᠤᠯᠬᠤ ᠦᠷ᠎ᠡ ᠠᠰᠢᠭ ᠨᠢ ᠬᠤᠭᠤᠯᠠᠨ ᠤ ᠳᠠᠷᠠᠭ᠎ᠠ ᠬᠦᠳᠡᠯᠬᠡᠬᠡᠨ ᠬᠢᠬᠦ ᠠᠴᠠ ᠰᠠᠶᠢᠨ ᠪᠠᠶᠢᠳᠠᠭ᠃       ᠠᠳᠡᠬᠦᠷᠡᠯ ᠭᠤᠷᠪᠠ᠄ ᠬᠦᠯᠦᠰᠤ ᠭᠠᠷᠪᠠᠯ ᠰᠠᠶ᠋ᠢ ᠬᠦᠳᠡᠯᠬᠡᠬᠡᠨ ᠬᠢᠬᠦ ᠵᠤᠷᠢᠯᠭ᠎ᠠ ᠳᠤ ᠪᠠᠨ ᠬᠦᠷᠴᠤ ᠳᠡᠶᠢᠯᠦᠨ᠎ᠡ       ᠶᠡᠷᠦ ᠶᠢᠨ ᠪᠠᠶᠢᠳᠠᠯ ᠳᠤ᠂ ᠬᠦᠯᠦᠰᠤ ᠭᠠᠷᠬᠤ ᠨᠢ ᠪᠡᠶ᠎ᠡ ᠶᠢᠨ ᠳᠤᠳᠤᠷᠠᠬᠢ ᠢᠯᠡᠬᠦᠴᠡ ᠡᠨᠧᠷᠬᠢ ᠶᠢ ᠭᠠᠳᠠᠭᠰᠢᠯᠠᠭᠤᠯᠵᠤ᠂ ᠳᠤᠯᠠᠭᠠᠨ ᠤ ᠬᠡᠮᠵᠢᠶ᠎ᠡ ᠶᠢᠨ ᠳᠡᠩᠴᠡᠬᠦᠷᠢ ᠶᠢ ᠪᠠᠳᠤᠯᠠᠬᠤ ᠶᠢᠨ ᠲᠦᠯᠦᠬᠡ ᠶᠤᠮ᠃ ᠬᠦᠯᠦᠰᠤ ᠭᠠᠷᠬᠤ ᠨᠢ ᠵᠦᠪᠬᠡᠨ ᠪᠠᠭ᠎ᠠ ᠬᠡᠮᠵᠢᠶᠡᠨ ᠤ ᠡᠨᠧᠷᠬᠢ ᠶᠢ ᠭᠠᠳᠠᠭᠰᠢᠯᠠᠭᠤᠯᠤᠨ᠎ᠠ᠂ ᠬᠦᠯᠦᠰᠤ ᠭᠠᠷᠬᠤ ᠨᠢ ᠪᠠᠰᠠ ᠪᠡᠶ᠎ᠡ  ᠶᠢᠨ ᠳᠤᠳᠤᠷᠠᠬᠢ ᠵᠠᠷᠢᠮ ᠬᠡᠷᠡᠭᠴᠡᠭᠡ ᠦᠬᠡᠢ ᠪᠤᠳᠠᠰ ᠢ ᠭᠠᠳᠠᠭᠰᠢᠯᠠᠭᠤᠯᠳᠠᠭ᠂ ᠬᠡᠪᠡᠴᠤ ᠦᠬᠡᠬᠦ ᠶᠢ ᠪᠠᠭᠠᠰᠬᠠᠬᠤ ᠳᠠᠯ᠎ᠠ ᠪᠠᠷ ᠶᠠᠮᠠᠷ ᠴᠤ ᠦᠢᠯᠡᠳᠤᠯ ᠭᠠᠷᠬᠤ ᠦᠬᠡᠢ ᠶᠤᠮ᠃       ᠠᠳᠡᠬᠦᠷᠡᠯ ᠲᠦᠷᠪᠡ᠄ ᠬᠦᠳᠡᠯᠬᠡᠬᠡᠨ ᠤ ᠬᠦᠴᠦᠯᠡᠴᠡ ᠬᠡᠳᠤᠢ ᠶᠡᠭᠡ ᠪᠤᠯ ᠦᠷ᠎ᠡ ᠠᠰᠢᠭ ᠨᠢ ᠳᠡᠳᠤᠢ ᠰᠠᠶᠢᠨ       ᠰᠤᠳᠤᠯᠭᠠᠨ ᠢ ᠦᠨᠳᠤᠰᠤᠯᠡᠪᠡᠯ᠂ ᠪᠡᠶ᠎ᠡ ᠳᠤᠳᠤᠷᠠᠬᠢ ᠦᠬᠡᠬᠦ ᠶᠢᠨ ᠪᠠᠭᠠᠰᠬᠤ ᠨᠢ ᠪᠤᠯᠪᠠᠰᠤᠷᠠᠬᠤ ᠴᠠᠭ ᠤᠨ ᠤᠷᠳᠤ ᠤᠬᠤᠷ ᠢᠶᠠᠷ ᠳᠤᠭᠳᠠᠭᠠᠭᠳᠠᠬᠤ ᠠᠴᠠ ᠪᠢᠰᠢ᠂ ᠬᠠᠷᠢᠨ ᠪᠤᠯᠪᠠᠰᠤᠷᠠᠬᠤ ᠬᠦᠴᠦᠯᠡᠴᠡ ᠪᠠᠷ ᠳᠤᠭᠳᠠᠭᠠᠭᠳᠠᠳᠠᠭ ᠦᠬᠡᠢ᠃ ᠠᠯᠭᠤᠷ ᠠᠭᠠᠵᠢᠮ᠂ ᠳᠤᠭᠳᠠᠭᠤᠨ ᠪᠦᠬᠡᠳ ᠤᠷᠳᠤ ᠬᠤᠭᠤᠴᠠᠭᠠᠨ ᠤ ᠬᠦᠴᠢᠯᠳᠦ᠋ᠷᠦᠭᠴᠢᠳᠤ ᠬᠦᠳᠡᠯᠬᠡᠬᠡᠨ ᠬᠢᠪᠡᠯ ᠰᠠᠶ᠋ᠢ ᠨᠡᠩ ᠠᠷᠪᠢᠨ ᠡᠨᠧᠷᠬᠢ ᠵᠠᠷᠤᠴᠠᠭᠤᠯᠵᠤ᠂ ᠮᠠᠷᠢᠶ᠎ᠠ ᠰᠢᠭᠤᠷᠠᠭᠤᠯᠬᠤ ᠵᠤᠷᠢᠯᠭ᠎ᠠ ᠳᠤ ᠪᠠᠨ ᠬᠦᠷᠴᠤ ᠴᠢᠳᠠᠨ᠎ᠠ᠃       ᠠᠳᠡᠬᠦᠷᠡᠯ ᠳᠠᠪᠤ᠄ ᠪᠡᠶ᠎ᠡ ᠪᠠᠨ ᠪᠤᠯᠪᠠᠰᠤᠷᠠᠬᠤ ᠪᠠᠨ ᠵᠤᠭᠰᠤᠪᠠᠯ ᠮᠠᠷᠢᠶᠠᠯᠠᠨ᠎ᠠ       ᠵᠠᠷᠢᠮ ᠬᠦᠮᠦᠰ ᠪᠡᠶ᠎ᠡ ᠪᠠᠨ ᠪᠤᠯᠪᠠᠰᠤᠷᠠᠬᠤ ᠪᠠᠨ ᠵᠤᠭᠰᠤᠭᠰᠠᠨ ᠤ ᠳᠠᠷᠠᠭ᠎ᠠ ᠮᠠᠷᠢᠶᠠᠯᠠᠳᠠᠭ᠂ ᠬᠡᠪᠡᠴᠤ ᠮᠠᠷᠢᠶᠠᠯᠠᠬᠤ ᠶᠢᠨ ᠵᠠᠩᠬᠢᠯᠠᠭ᠎ᠠ ᠨᠢ ᠵᠦᠪᠬᠡᠨ ᠬᠦᠳᠡᠯᠬᠡᠬᠡᠨ ᠬᠢᠬᠦ ᠪᠠᠨ ᠵᠤᠭᠰᠤᠬᠤ ᠳᠤ ᠪᠠᠶᠢᠬᠤ ᠪᠢᠰᠢ᠂ ᠬᠠᠷᠢᠨ ᠬᠦᠳᠡᠯᠬᠡᠬᠡᠨ ᠬᠢᠬᠦ ᠪᠠᠨ ᠵᠤᠭᠰᠤᠭᠰᠠᠨ ᠤ ᠳᠠᠷᠠᠭ᠎ᠠ ᠠᠷᠪᠢᠨ ᠢᠳᠡᠵᠤ᠂ ᠰᠢᠩᠬᠡᠬᠡᠬᠦ ᠡᠨᠧᠷᠬᠢ ᠶᠢᠨ ᠬᠡᠮᠵᠢᠶ᠎ᠡ ᠨᠡᠮᠡᠭᠳᠡᠭᠰᠡᠨ ᠳᠤ ᠪᠠᠶᠢᠳᠠᠭ᠃ ᠬᠡᠷᠪᠡ ᠬᠤᠭᠤᠯᠠ ᠤᠮᠳᠠ ᠶᠢᠨ ᠬᠡᠮᠵᠢᠶ᠎ᠡ ᠪᠠᠨ ᠵᠤᠬᠢᠰᠳᠠᠢ ᠳᠤᠬᠢᠷᠠᠭᠤᠯᠪᠠᠯ ᠬᠢᠯᠪᠠᠷᠬᠠᠨ ᠮᠠᠷᠢᠶᠠᠯᠠᠬᠤ ᠦᠬᠡᠢ ᠶᠤᠮ᠃
ᠢᠷᠡᠯᠲᠡ᠄ ︽ᠦᠪᠦᠷ ᠮᠤᠩᠭᠤᠯ ᠤᠨ ᠡᠮᠡᠭᠳᠡᠶᠢᠴᠤᠳ︾ ᠰᠡᠳᠬᠦᠯ