2024 ᠣᠨ ᠤ ᠳ᠋ᠦᠩᠱᠧᠩ ᠲᠣᠭᠤᠷᠢᠭ ᠤᠨ ᠶᠠᠩᠭᠠᠷ ᠪᠥᠵᠢᠭ ᠤᠨ ᠤᠷᠤᠯᠳᠤᠭᠠᠨ ᠬᠦᠷᠡᠯ ᠰᠣᠶᠣᠯ ᠤᠨ ᠠᠭᠤᠳᠠᠮ ᠲᠠᠯᠠᠪᠠᠶ ᠳᠤ ᠡᠬᠢᠯᠡᠪᠡ
ᠨᠡᠶᠢᠲᠡᠯᠡᠭᠰᠡᠨ ᠴᠠᠭ᠄
2024/2/24
   2 ᠰᠠᠷ᠎ᠠ  ᠶᠢᠨ 22 ᠤᠨ ᠡᠳᠦᠷ᠂ 2024 ᠣᠨ ᠤ ᠳ᠋ᠦᠩᠱᠧᠩ ᠲᠣᠭᠤᠷᠢᠭ ᠤᠨ ᠶᠠᠩᠭᠠᠷ ᠪᠥᠵᠢᠭ ᠤᠨ ᠤᠷᠤᠯᠳᠤᠭᠠᠨ ᠬᠦᠷᠡᠯ ᠰᠣᠶᠣᠯ ᠤᠨ ᠠᠭᠤᠳᠠᠮ ᠲᠠᠯᠠᠪᠠᠶ ᠳᠤ ᠡᠬᠢᠯᠡᠪᠡ᠃ ᠳ᠋ᠦᠩᠱᠧᠩ ᠲᠣᠭᠤᠷᠢᠭ ᠤᠨ 15 ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠤᠨ ᠤᠷᠤᠯᠳᠤᠭᠠᠨ ᠳᠤ ᠣᠷᠣᠯᠴᠠᠬᠤ 19 ᠠᠩᠭᠢ ᠶᠢᠨ 1600 ᠭᠠᠷᠤᠢ ᠬᠥᠮᠥᠨ ᠶᠠᠩᠭᠠᠷ ᠤᠨ ᠬᠤᠪᠴᠠᠰᠤ ᠡᠮᠦᠰᠴᠦ᠂  ᠨᠢᠵᠢᠬᠢᠨᠡᠭᠰᠡᠨ ᠬᠠᠷᠠᠩᠭ᠎ᠠ ᠬᠡᠩᠭᠡᠷᠭᠡ ᠶᠢᠨ ᠳᠠᠭᠤᠨ ᠳᠤ ᠪᠠᠶᠠᠷ ᠬᠥᠷ ᠲᠠᠢ ᠶᠠᠩᠭᠠᠷ ᠪᠥᠵᠢᠭᠯᠡᠨ᠂ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠵᠤ ᠪᠠᠶᠢᠯ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ