2024 ᠣᠨ ᠤ ᠳ᠋ᠦᠩᠱᠧᠩ ᠲᠣᠭᠤᠷᠢᠭ ᠤᠨ ︽ᠤᠷᠢᠬᠠᠨ ᠬᠠᠪᠤᠷ ᠤᠨ ᠠᠵᠢᠯᠯᠠᠭ᠎ᠠ︾ ᠲᠣᠮᠣ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠶᠠᠪᠤᠭᠳᠠᠪᠠ
ᠨᠡᠶᠢᠲᠡᠯᠡᠭᠰᠡᠨ ᠴᠠᠭ᠄
2024/2/25
      2 ᠰᠠᠷ᠎ᠠ ᠶᠢᠨ 24 ᠤ ᠡᠳᠦᠷ᠂ 2024 ᠣᠨ ᠤ ᠳ᠋ᠦᠩᠱᠧᠩ ᠲᠣᠭᠤᠷᠢᠭ ᠤᠨ ︽ᠤᠷᠢᠬᠠᠨ ᠬᠠᠪᠤᠷ ᠤᠨ ᠠᠵᠢᠯᠯᠠᠭ᠎ᠠ︾ ᠲᠣᠮᠣ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠶᠠᠪᠤᠭᠳᠠᠪᠠ᠃ ᠲᠤᠬᠠᠢ ᠶᠢᠨ ᠲᠠᠯᠠᠪᠠᠶ ᠳᠤ ᠬᠥᠮᠥᠨ ᠬᠡᠷᠡᠭᠯᠡᠬᠦ ᠨᠢᠭᠡᠴᠡ ᠶᠢᠨ ᠠᠵᠢᠯᠳᠠᠳ ᠴᠢᠳᠠᠪᠤᠷᠢᠲᠠᠨ ᠢ ᠢᠳᠡᠪᠬᠢᠲᠡᠢ ᠪᠠᠷ ᠬᠦᠳᠡᠯᠦᠯᠴᠡᠵᠤ᠂ ᠠᠵᠢᠯᠲᠠᠨ ᠡᠯᠰᠡᠬᠦ ᠠᠵᠢᠯ ᠤᠨ ᠪᠠᠶᠢᠷᠢ ᠶᠢ ᠳᠠᠨᠢᠯᠴᠠᠭᠤᠯᠵᠤ᠂ ᠠᠵᠢᠯ ᠡᠷᠢᠵᠤ ᠪᠠᠶᠢᠭ᠎ᠠ ᠬᠥᠮᠥᠰ ᠲᠠᠢ ᠰᠠᠨᠠᠭᠠᠴᠢᠯᠠᠭ᠎ᠠ ᠠᠴᠠ ᠪᠠᠨ ᠬᠠᠷᠢᠯᠴᠠᠵᠤ᠂ ᠴᠠᠯᠢᠩ ᠬᠥᠯᠥᠰᠦ᠂ ᠠᠵᠢᠯ ᠤᠨ ᠱᠠᠭᠠᠷᠳᠠᠯᠭ᠎ᠠ ᠵᠡᠷᠭᠡ ᠪᠠᠶᠢᠳᠠᠯ ᠢ ᠦᠢᠯᠠᠭᠠᠭᠤᠯᠵᠤ ᠪᠠᠶᠢᠯ᠎ᠠ᠃ ᠡᠨᠡ ᠤᠳᠠᠭᠠᠨ ᠤ ᠠᠵᠢᠯᠳᠠᠨ ᠡᠯᠰᠡᠬᠦ ᠴᠤᠭᠯᠠᠭᠠᠨ ᠳᠤ ᠣᠷᠳᠣᠰ ᠪᠦᠯᠦᠭᠯᠡᠯ᠂ ᠮᠧᠩ ᠲᠠᠢ᠂ ᠪᠠᠶᠠᠨᠮᠦ᠋ᠩᠬᠡ ᠵᠡᠷᠭᠡ 311 ᠬᠥᠮᠥᠨ ᠬᠡᠷᠡᠭᠯᠡᠬᠦ ᠨᠢᠭᠡᠴᠡ ᠠᠴᠠ 7048 ᠠᠵᠢᠯ ᠤᠨ ᠪᠠᠶᠢᠷᠢ ᠬᠠᠩᠭᠠᠪᠠ᠃      ︽ᠪᠢ 24 ᠤᠨ ᠳᠤ ᠳᠡᠬᠦᠰᠦᠨ᠎ᠡ᠂ ᠥᠨᠥᠳᠥᠷ ᠭᠤᠣᠯᠳᠠᠭᠤ ᠨᠢᠭᠡ ᠳᠠᠳᠤᠯᠭ᠎ᠠ ᠬᠢᠬᠦ ᠪᠤᠶᠤ ᠵᠢᠩᠬᠢᠨᠢ ᠠᠵᠢᠯ ᠤᠯᠬᠤ ᠪᠠᠷ᠂ 3 ᠠᠵᠤ ᠠᠬᠤᠶᠢᠯᠠᠯ ᠳᠤ ᠲᠣᠪᠴᠢ ᠨᠠᠮᠲᠠᠷ ᠢᠶᠠᠨ ᠬᠦᠷᠬᠡᠯ᠎ᠡ᠂ ᠡᠨᠡ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠢᠶᠠᠷ ᠳᠠᠮᠵᠢᠨ ᠥᠪᠡᠷ ᠤᠨ ᠰᠠᠨᠠᠭᠠᠨ ᠳᠤ ᠨᠡᠶᠢᠴᠡᠭᠰᠡᠨ ᠠᠵᠢᠯ ᠢᠶᠠᠨ ᠣᠯᠬᠤ ᠶᠢ ᠬᠦᠰᠡᠵᠦ ᠪᠠᠶᠢᠨ᠎ᠠ︾᠃                              — ᠠᠵᠢᠯ ᠡᠷᠢᠭᠴᠢ   ᠵᠣᠣ ᠫᠤ ᠢᠦᠢ       ᠠᠵᠢᠯᠲᠠᠨ ᠡᠯᠰᠡᠬᠦ ᠴᠤᠭᠯᠠᠭᠠᠨ ᠢ ᠰᠦᠯᠵᠢᠶᠡᠨ ᠳᠡᠬᠡᠷᠡᠬᠢ ᠰᠢᠭᠤᠳ ᠨᠡᠪᠳᠡᠷᠡᠬᠦᠯᠬᠡ + ᠰᠦᠯᠵᠢᠶᠡᠨ ᠭᠠᠳᠠᠨᠠᠬᠢ ᠳᠤᠰᠬᠠᠢ ᠳᠠᠯᠠᠪᠡᠢ ᠳᠤ ᠳᠠᠯᠠᠪᠡᠢ ᠶᠢᠨ ᠲᠤᠰᠬᠠᠢ ᠠᠵᠢᠯ ᠤᠨ ᠪᠠᠶᠢᠷᠢ ᠶᠢᠨ ᠠᠵᠢᠯᠳᠠᠨ ᠡᠯᠰᠡᠬᠦ ᠵᠡᠷᠭᠡ ᠪᠠᠷ ᠶᠠᠪᠤᠭᠳᠠᠭᠤᠯᠵᠤ᠂ ᠠᠵᠢᠯ ᠡᠷᠢᠭᠰᠡᠳ ᠠᠵᠢᠯᠲᠠᠨ ᠡᠯᠰᠡᠬᠦ ᠴᠤᠭᠯᠠᠭᠠᠨ ᠤ ᠲᠤᠬᠠᠢ ᠶᠢᠨ ᠲᠠᠯᠠᠪᠤᠷ ᠲᠤ ᠠᠵᠤ ᠠᠬᠤᠶᠢᠯᠠᠯ ᠲᠠᠢ ᠨᠢᠭᠤᠷᠲᠠᠨ ᠶᠠᠷᠢᠯᠴᠠᠵᠤ ᠪᠣᠯᠣᠨ᠎ᠠ᠂ ᠴᠤᠭᠯᠠᠭᠠᠨ ᠤ ᠳᠠᠯᠠᠪᠡᠢ ᠳᠤ ᠤᠴᠢᠵᠤ ᠳᠡᠶᠢᠯᠬᠦ ᠦᠭᠡᠢ ᠠᠵᠢᠯ ᠡᠷᠢᠭᠰᠡᠳ ︽ᠳ᠋ᠦᠩᠱᠧᠩ ᠤᠨ ᠠᠵᠢᠯ ᠣᠯᠭᠤᠯᠲᠠ︾ ᠵᠡᠷᠭᠡ ᠬᠠᠷᠠᠭᠠᠨ ᠳᠠᠪᠲᠠᠮᠵᠢ ᠶᠢᠨ ᠰᠢᠭᠤᠳ ᠨᠡᠪᠲᠡᠷᠡᠭᠦᠯᠭᠡ ᠪᠠᠷ ᠳᠠᠮᠵᠢᠨ ᠠᠵᠢᠯ ᠤᠨ ᠪᠠᠶᠢᠷᠢ ᠢ ᠦᠵᠡᠵᠦ᠂ ᠥᠪᠡᠷ ᠤᠨ ᠪᠡᠶ᠎ᠡ ᠳᠡᠭᠡᠨ ᠲᠣᠬᠢᠷᠠᠬᠤ ᠠᠵᠢᠯ ᠤᠨ ᠪᠠᠶᠢᠷᠢ  ᠰᠤᠩᠭᠤᠵᠤ ᠪᠣᠯᠣᠨ᠎ᠠ᠃      ︽ᠥᠨᠥᠳᠥᠷ ᠠᠵᠢᠯ ᠡᠷᠢᠬᠦ ᠪᠡᠷ‌ᠢᠷᠡᠭᠰᠡᠨ ᠬᠥᠮᠥᠨ ᠮᠠᠰᠢ ᠣᠯᠠᠨ ᠪᠠᠶᠢᠨ᠎ᠠ᠂ ᠨᠢᠭᠡ ᠦᠳᠡ ᠶᠢᠨ ᠡᠮᠦᠨ᠎ᠡ  ᠶᠢᠨ ᠴᠠᠭ ᠲᠤ ᠬᠡᠳᠦᠨ ᠠᠷᠪᠠᠨ ᠬᠤᠪᠢ ᠲᠣᠪᠴᠢ ᠨᠠᠮᠲᠠᠷ ᠣᠯᠵᠠᠢ᠂ ᠮᠠᠨ ᠤ ᠠᠵᠢᠯᠲᠠᠨ ᠡᠯᠰᠡᠬᠦ ᠵᠣᠷᠢᠯᠭ᠎ᠠ ᠨᠢᠭᠡᠨᠲᠡ ᠪᠡᠶᠡᠯᠡᠭᠳᠡᠵᠡᠢ᠂ ᠬᠤᠶᠢᠰᠢᠳᠠ ᠡᠶᠢᠮᠦᠷᠬᠦ ᠠᠵᠢᠯᠯᠠᠭ᠎ᠠ ᠶᠢ ᠢᠯᠡᠭᠦᠬᠡᠨ ᠬᠢᠬᠦ  ᠶᠢ ᠬᠦᠰᠡᠵᠦ ᠪᠠᠶᠢᠨ᠎ᠠ︾᠃                   —  ᠥᠪᠥᠷ ᠮᠣᠩᠭᠤᠯ ᠤᠨ ᠵᠥᠩ ᠲᠦᠸᠧ ᠬᠡᠷ ᠤᠨ ᠭᠠᠳᠠᠨᠠᠬᠢ ᠪᠡᠶ᠎ᠡ ᠶᠢᠨ                        ᠲᠠᠮᠢᠷ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ    ᠶᠠᠩ ᠵᠢᠶᠣᠣ       ᠣᠶᠢᠯᠠᠭᠠᠭᠰᠠᠨ ᠢᠶᠠᠷ᠂ ᠲᠣᠰ ᠤᠳᠠᠭᠠᠨ ᠤ ︽ᠤᠷᠢᠬᠠᠨ ᠬᠠᠪᠤᠷ ᠤᠨ ᠠᠵᠢᠯᠯᠠᠭ᠎ᠠ︾ ᠲᠣᠮᠣ ᠬᠡᠯᠪᠡᠷᠢ ᠶᠢᠨ ᠠᠵᠢᠯᠲᠠᠨ ᠡᠯᠰᠡᠬᠦ ᠴᠤᠭᠯᠠᠭᠠᠨ ᠤ ᠠᠵᠢᠯᠯᠠᠭᠠᠨ ᠤ ᠭᠤᠣᠯ ᠰᠡᠳᠦᠪ ᠨᠢ ︽ᠠᠵᠢᠯ ᠤᠨ ᠪᠠᠶᠢᠷᠢ ᠬᠦᠷᠬᠡᠨ ᠠᠵᠢᠯ ᠣᠯᠭᠤᠯᠲᠠ ᠶᠢ ᠠᠬᠢᠭᠤᠯᠵᠤ᠂ ᠨᠠᠷᠢᠯᠢᠭ ᠣᠨᠣᠴᠠᠲᠠᠢ ᠪᠠᠷ ᠦᠢᠯᠡᠴᠢᠯᠡᠨ ᠬᠥᠭᠵᠢᠯᠲᠡ ᠶᠢ ᠳᠡᠮᠵᠢᠬᠦ︾ ᠪᠣᠯᠣᠨ᠎ᠠ᠃ ᠲᠤᠰ ᠠᠵᠢᠯᠯᠠᠭ᠎ᠠ ᠨᠢ ᠳ᠋ᠦᠩᠱᠧᠩ ᠳᠤᠭᠤᠷᠢᠭ ᠤᠨ ᠰᠢᠨ᠎ᠡ ᠤᠨ ᠤ ᠠᠩᠬ᠎ᠠ ᠤᠳᠠᠭᠠᠨ ᠤ ᠰᠦᠯᠵᠢᠶᠡᠨ ᠭᠠᠳᠠᠨᠠᠬᠢ ᠠᠵᠢᠯᠲᠠᠨ ᠡᠯᠰᠡᠬᠦ ᠴᠤᠭᠯᠠᠭᠠᠨ ᠪᠣᠯᠣᠨ᠎ᠠ᠂ ᠲᠤᠬᠠᠢ ᠶᠢᠨ ᠲᠠᠯᠠᠪᠤᠷ ᠲᠤ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠦᠢᠯᠡᠴᠢᠯᠡᠭᠡᠨ ᠤ ᠲᠤᠰᠬᠠᠢ ᠳᠤᠭᠤᠷᠢᠭ᠂ ᠰᠢᠭᠤᠳ ᠨᠡᠪᠲᠡᠷᠡᠭᠦᠯᠭᠡ ᠶᠢᠨ ᠠᠵᠢᠯ ᠤᠨ ᠪᠠᠶᠢᠷᠢ ᠬᠠᠩᠭᠠᠬᠤ ᠲᠤᠰᠬᠠᠢ ᠳᠤᠭᠤᠷᠢᠭ᠂ ᠠᠵᠢᠯᠴᠢᠨ ᠬᠡᠷᠡᠭᠯᠡᠬᠦ ᠦᠢᠯᠡᠴᠢᠯᠡᠭᠡᠨ ᠤ ᠲᠤᠰᠬᠠᠢ ᠳᠤᠭᠤᠷᠢᠭ᠂ ᠠᠵᠢᠯ ᠡᠷᠢᠬᠦ ᠳᠠᠩᠰᠠᠯᠠᠯ ᠤᠨ ᠲᠤᠰᠬᠠᠢ ᠳᠤᠭᠤᠷᠢᠭ ᠵᠡᠷᠭᠡ ᠣᠨᠴᠠᠯᠢᠭᠲᠤ ᠦᠢᠯᠡᠴᠢᠯᠡᠭᠡᠨ ᠤ ᠳᠤᠭᠤᠷᠢᠭ ᠢ ᠳᠤᠬᠢᠷᠠᠭᠤᠯᠤᠭᠰᠠᠨ ᠤ ᠬᠠᠮᠳᠤ᠂ ᠠᠳᠠᠯᠢ ᠪᠤᠰᠤ ᠠᠵᠢᠯ ᠲᠥᠷᠥᠯ ᠢᠶᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠠᠬᠤᠶᠢᠯᠠᠯ ᠤᠨ ᠠᠵᠢᠯᠲᠠᠨ ᠡᠯᠰᠡᠬᠦ ᠲᠤᠰᠬᠠᠢ ᠳᠤᠭᠤᠷᠢᠭ᠂ ᠠᠵᠢᠯ ᠤᠯᠬᠤ ᠳᠠᠳᠤᠯᠭ᠎ᠠ ᠬᠢᠬᠦ ᠨᠢᠭᠡᠴᠡ ᠶᠢᠨ ᠲᠤᠰᠬᠠᠢ ᠳᠤᠭᠤᠷᠢᠭ᠂ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠢ ᠳᠤᠭᠤᠷᠢᠭ ᠪᠠ ᠡᠨᠧᠷᠭᠢ᠂ ᠰᠤᠷᠭᠠᠨ ᠬᠥᠮᠦᠵᠢᠯ ᠰᠣᠶᠣᠯ ᠪᠡᠶ᠎ᠡ ᠶᠢᠨ ᠲᠠᠮᠢᠷ᠂ ᠪᠠᠭᠤᠳᠠᠯ ᠤᠨ ᠭᠠᠵᠠᠷ᠂ ᠢᠳᠡᠭᠡᠨ ᠤᠮᠳᠠᠭᠠᠨ᠂ ᠦᠢᠯᠡᠳᠬᠦ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡ᠂ ᠲᠠᠷᠢᠶᠠᠯᠠᠩ ᠣᠶ ᠰᠢᠭᠤᠢ ᠮᠠᠯ ᠠᠵᠤ ᠠᠬᠤᠢ ᠵᠡᠷᠭᠡ ᠠᠵᠢᠯ ᠲᠥᠷᠥᠯ ᠤᠨ ᠲᠤᠰᠬᠠᠢ ᠳᠤᠭᠤᠷᠢᠭ ᠭᠡᠵᠦ ᠬᠤᠪᠢᠶᠠᠵᠠᠢ᠃ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠣᠷᠣᠯᠴᠠᠭᠰᠠᠨ ᠠᠵᠢᠯ ᠡᠷᠢᠭᠰᠡᠳ 2 ᠲᠦᠮᠡ ᠭᠠᠷᠤᠢ ᠬᠥᠮᠥᠨ ᠤᠳᠠᠭ᠎ᠠ ᠳᠤ ᠬᠦᠷᠴᠤ᠂ 2827 ᠬᠥᠮᠥᠨ ᠠᠩᠬ᠎ᠠ ᠠᠯᠬᠤᠮ ᠤᠨ ᠠᠵᠢᠯ ᠣᠯᠬᠤ ᠬᠠᠨᠳᠤᠯᠭ᠎ᠠ ᠲᠠᠢ ᠪᠣᠯᠵᠤ᠂ ᠰᠢᠭᠤᠳ ᠨᠡᠪᠲᠡᠷᠡᠭᠦᠯᠭᠡ ᠪᠠᠷ ᠠᠵᠢᠯ ᠤᠨ ᠪᠠᠶᠢᠷᠢ ᠰᠤᠩᠭᠤᠬᠤ ᠠᠵᠢᠯᠯᠠᠭ᠎ᠠ ᠳᠤ 5221 ᠬᠥᠮᠥᠨ ᠤᠳᠠᠭ᠎ᠠ ᠤᠷᠤᠯᠴᠠᠵᠤ ᠂ ᠰᠦᠯᠵᠢᠶᠡᠨ ᠳᠡᠭᠡᠷ᠎ᠡ ᠳᠠᠩᠰᠠᠯᠠᠭᠤᠯᠤᠭᠰᠠᠨ ᠠᠵᠢᠯ ᠡᠷᠢᠬᠦ  ᠬᠠᠨᠳᠤᠯᠭ᠎ᠠ ᠲᠠᠢ ᠬᠦᠮᠦᠨ 1118 ᠬᠥᠮᠥᠨ ᠳᠤ ᠬᠦᠷᠪᠡ᠃      ︽ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠵᠣᠷᠢᠯᠭ᠎ᠠ ᠪᠣᠯ ᠠᠵᠤ ᠠᠬᠤᠶᠢᠯᠠᠯ ᠪᠠ ᠠᠵᠢᠯ ᠡᠷᠢᠭᠰᠡᠳ ᠲᠤ ᠰᠦᠯᠵᠢᠶᠡᠨ ᠭᠠᠳᠠᠨᠠᠬᠢ ᠰᠣᠯᠢᠯᠴᠠᠭᠠᠨ ᠤ ᠲᠠᠪᠴᠠᠩ ᠪᠠᠶᠢᠭᠤᠯᠤᠨ ᠥᠭᠴᠦ᠂ ᠬᠤᠶᠠᠷ ᠲᠠᠯ᠎ᠠ ᠪᠠᠷ ᠢᠶᠠᠨ ᠠᠯᠢ ᠲᠦᠷᠭᠡᠨ ᠢᠶᠠᠷ ᠬᠠᠨᠳᠤᠯᠭ᠎ᠠ ᠪᠠᠨ ᠪᠡᠶᠡᠯᠡᠬᠦᠯᠬᠦ ᠵᠢ‌ᠠᠬᠢᠭᠤᠯᠤᠨ᠂ ᠥᠪᠡᠷ ᠤᠨ ᠰᠠᠨᠠᠭᠠᠨ ᠳᠠᠭᠠᠨ ᠳᠠᠭᠠᠷᠠᠭᠰᠠᠨ ᠠᠵᠢᠯ ᠤᠨ ᠪᠠᠶᠢᠷᠢ ᠣᠯᠵᠤ᠂ ᠠᠵᠢᠯ ᠤᠯᠭᠤᠬᠤ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ ᠶᠤᠮ᠃ ᠲᠠᠷᠠᠭᠠᠴᠢ ᠶᠢᠨ ᠠᠯᠬᠤᠮ ᠳᠤ᠂ ᠳ᠋ᠦᠩᠱᠧᠩ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠰᠠᠷ᠎ᠠ ᠪᠦᠷᠢ ᠰᠦᠯᠵᠢᠶᠡᠨ ᠳᠡᠬᠡᠷ᠎ᠡ ᠪᠠ ᠰᠦᠯᠵᠢᠶᠡᠨ ᠭᠠᠳᠠᠨᠠᠬᠢ ᠡᠯ᠎ᠡ ᠲᠥᠷᠥᠯ ᠤᠨ ᠲᠤᠰᠬᠠᠢ ᠠᠵᠢᠯᠲᠠᠨ ᠡᠯᠰᠡᠬᠦ ᠴᠤᠭᠯᠠᠭᠠᠨ ᠢ ᠡᠷᠭᠢᠯᠡᠬᠦ ᠶᠢᠨ ᠬᠠᠮᠲᠤ᠂ ᠠᠵᠤ ᠠᠬᠤᠶᠢᠯᠠᠯ ᠤᠨ ᠠᠵᠢᠯ ᠤᠨ ᠪᠠᠶᠢᠷᠢ ᠶᠢᠨ ᠬᠡᠷᠡᠭᠴᠡᠭᠡ ᠳᠤ ᠴᠢᠭᠯᠡᠭᠦᠯᠦᠨ᠂ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠭᠠᠳᠠᠷ ᠮᠤᠵᠢ ᠬᠤᠲᠠ ᠳᠤ ᠣᠴᠢᠭᠤᠯᠤᠨ ᠠᠵᠢᠯᠲᠠᠨ ᠡᠯᠰᠡᠬᠦ ᠠᠵᠢᠯᠯᠠᠭ᠎ᠠ ᠳᠤ ᠣᠷᠣᠯᠴᠠᠭᠤᠯᠤᠨ᠎ᠠ︾ ᠭᠡᠵᠡᠢ᠃              —  ᠳ᠋ᠦᠩᠱᠧᠩ ᠲᠣᠭᠤᠷᠢᠭ ᠤᠨ ᠠᠵᠢᠯ ᠣᠯᠭᠤᠬᠤ ᠦᠢᠯᠡᠴᠢᠯᠡᠭᠡᠨ ᠤ ᠲᠥᠪ ᠤᠨ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠠᠰᠤᠭ ᠤᠨ ᠡᠷᠬᠢᠯᠡᠭᠴᠢ     ᠭᠦᠸᠧ ᠶᠣᠣ
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ