ᠤᠷᠳᠤᠰ ᠬᠤᠳᠠ ᠶᠢᠨ ᠬᠠᠮᠤᠭ ᠤᠨ ᠠᠩᠬᠠᠨ ᠤ 24 ᠴᠠᠭ ᠤᠨ ᠨᠤᠮ ᠤᠨ ᠪᠠᠭᠠᠷ ᠵᠢᠩᠬᠢᠨᠢ ᠪᠠᠷ ᠬᠡᠷᠡᠭᠯᠡᠯᠳᠡ ᠳᠤ ᠤᠷᠤᠪᠠ
ᠨᠡᠶᠢᠲᠡᠯᠡᠭᠰᠡᠨ ᠴᠠᠭ᠄
2024/2/26
       ᠳ᠋ᠦᠩᠱᠧᠩ ᠳᠤᠭᠤᠷᠢᠭ ᠤᠨ ᠯᠢᠨ ᠶᠢᠨ ᠵᠡᠬᠡᠯᠢ ᠭᠤᠳᠤᠮᠵᠢ ᠶᠢᠨ ᠸᠧᠨ ᠶᠤᠸᠠᠨ ᠨᠡᠶᠢᠬᠡᠮ ᠳᠤᠭᠤᠷᠢᠭ ᠲᠠᠬᠢ ︽24 ᠴᠠᠭ ᠤᠨ ᠨᠤᠮ ᠤᠨ ᠪᠠᠭᠠᠷ︾ 2 ᠰᠠᠷ᠎ᠠ ᠶᠢᠨ 23 ᠤ ᠡᠳᠤᠷ ᠵᠢᠩᠬᠢᠨᠢ ᠪᠠᠷ ᠬᠡᠷᠡᠭᠯᠡᠯᠳᠡ ᠳᠤ ᠤᠷᠤᠪᠠ᠃
2.png      
      ︽24 ᠴᠠᠭ ᠤᠨ ᠨᠤᠮ ᠤᠨ ᠪᠠᠭᠠᠷ︾ ᠲᠤ ᠤᠯᠠᠨ ᠨᠡᠶᠢᠳᠡ ᠶᠢᠨ ᠤᠩᠰᠢᠯᠭ᠎ᠠ ᠶᠢᠨ ᠳᠤᠭᠤᠷᠢᠭ᠂ ᠬᠡᠤᠬᠡᠳ  ᠤᠨ ᠤᠩᠰᠢᠯᠭ᠎ᠠ ᠶᠢᠨ ᠳᠤᠭᠤᠷᠢᠭ᠂ ᠡᠯᠧᠺᠲᠷᠤᠨ ᠤᠩᠰᠢᠯᠭ᠎ᠠ ᠶᠢᠨ ᠳᠤᠭᠤᠷᠢᠭ ᠲᠠᠢ ᠪᠠᠶᠢᠵᠤ᠂ ᠡᠯ᠎ᠡ ᠲᠦᠷᠦᠯ ᠤᠨ ᠨᠤᠮ ᠪᠢᠴᠢᠭ ᠢ 2000 ᠭᠠᠷᠤᠢ ᠳᠠᠪᠳᠡᠷ ᠳᠤᠬᠢᠷᠠᠭᠤᠯᠤᠨ᠂ 24 ᠴᠠᠭ ᠤᠨ ᠠᠦ᠋ᠲ᠋ᠤ᠋ ᠦᠢᠯᠡᠴᠢᠯᠡᠭᠡ ᠲᠠᠢ᠃ ᠡᠨᠡ  ᠨᠢ ᠵᠡᠬᠡᠯᠢ ᠭᠤᠳᠤᠮᠵᠢ ᠶᠢᠨ ᠰᠤᠶᠤᠯ ᠤᠨ ᠦᠢᠯᠡᠴᠢᠯᠡᠬᠡᠨ ᠤ ᠠᠭᠤᠯᠬᠤᠨ ᠢ ᠤᠯᠠᠮ ᠨᠢᠬᠡ ᠠᠯᠬᠤᠮ ᠪᠠᠶᠠᠯᠢᠭᠵᠢᠭᠤᠯᠵᠤ᠂ ᠤᠯᠠᠨ ᠨᠡᠶᠢᠳᠡ ᠶᠢᠨ ᠤᠩᠰᠢᠯᠭ᠎ᠠ ᠶᠢᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠠ ᠶᠢ ᠰᠢᠯᠢᠳᠡᠭᠵᠢᠬᠦᠯᠦᠭᠰᠡᠨ ᠢᠶᠠᠷ ᠪᠠᠷᠠᠬᠤ ᠦᠬᠡᠢ ᠬᠠᠷᠢᠶ᠎ᠠ ᠳᠤᠭᠤᠷᠢᠭ ᠤᠨ ᠠᠷᠠᠳ ᠤᠨ ᠤᠩᠰᠢᠯᠭ᠎ᠠ ᠪᠤᠯᠤᠨ  ᠰᠤᠷᠤᠯᠴᠠᠯᠭ᠎ᠠ ᠶᠢᠨ ᠬᠡᠷᠡᠭᠴᠡᠭᠡ ᠶᠢ ᠬᠠᠩᠭᠠᠵᠠᠢ᠃
汪霞.jpg   
     ︽︿24 ᠴᠠᠭ ᠤᠨ ᠨᠤᠮ ᠤᠨ ᠪᠠᠭᠠᠷ﹀ ᠨᠢ ᠬᠦᠮᠦᠰ ᠤᠨ ᠠᠳᠠᠯᠢ ᠪᠤᠰᠤ ᠬᠤᠭᠤᠴᠠᠭᠠᠨ ᠳᠤ ᠨᠤᠮ ᠵᠢᠬᠡᠯᠡᠬᠦ ᠨᠤᠮ ᠤᠩᠰᠢᠬᠤ ᠱᠠᠭᠠᠷᠳᠠᠯᠭ᠎ᠠ ᠶᠢ ᠬᠠᠩᠭᠠᠵᠤ᠂ ᠪᠢᠳᠠ ᠬᠡᠵᠢᠶ᠎ᠡ ᠴᠢᠯᠦᠬᠡ ᠵᠠᠪ ᠲᠠᠢ ᠪᠤᠯ ᠬᠡᠵᠢᠶ᠎ᠡ ᠢᠷᠡᠵᠤ ᠪᠤᠯᠤᠨ᠎ᠠ᠂  ᠡᠨᠡ ᠨᠢ ᠨᠤᠮ ᠤᠨ ᠪᠠᠭ᠋ᠠᠳᠠᠳ ᠲᠤ ᠠᠪᠴᠤ ᠬᠡᠯᠡᠪᠡᠯ ᠨᠢᠬᠡᠨ ᠰᠠᠶᠢᠬᠠᠨ ᠤᠴᠢᠷ ᠪᠤᠯᠤᠭᠰᠠᠨ ᠪᠠᠶᠢᠨ᠎ᠠ᠃︾                      — ᠰᠠᠭᠤᠭᠠᠯᠢ ᠠᠷᠠᠳ   ᠸᠠᠩ ᠱᠢᠶᠠ
党支部书记 刘小丽.jpg   
     ︽ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠠᠷᠠᠳ ᠲᠤ ᠦᠢᠯᠡᠴᠢᠯᠡᠬᠦ ᠴᠢᠳᠠᠪᠤᠷᠢ ᠪᠤᠯᠤᠨ ᠬᠢᠷᠢ ᠲᠦᠪᠰᠢᠨ ᠢᠶᠠᠨ ᠦᠷᠬᠦᠯᠵᠢᠯᠡᠨ ᠪᠠᠳᠤᠵᠢᠭᠤᠯᠬᠤ ᠶᠢᠨ ᠲᠦᠯᠦᠬᠡ᠂ ᠮᠠᠨ ᠤ ᠸᠧᠨ ᠶᠤᠸᠠᠨ ᠨᠡᠶᠢᠬᠡᠮ ᠳᠤᠭᠤᠷᠢᠭ ᠨᠢ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠳᠡᠮᠵᠢᠯᠡᠭᠡ ᠳᠤᠤᠷ᠎ᠠ ᠪᠦᠬᠦ ᠬᠤᠳᠠ ᠶᠢᠨ ᠠᠩᠬᠠᠳᠠᠭᠴᠢ 24 ᠴᠠᠭ ᠤᠨ ᠨᠤᠮ ᠤᠨ ᠪᠠᠭᠠᠷ ᠢ ᠪᠦᠳᠦᠬᠡᠨ ᠪᠠᠶᠢᠭᠤᠯᠵᠤ᠂ ᠰᠠᠭᠤᠭᠠᠯᠢ ᠠᠷᠠᠳ ᠬᠡᠵᠢᠶ᠎ᠡ ᠨᠤᠮ ᠤᠩᠰᠢᠬᠤ᠂ ᠰᠤᠷᠤᠯᠴᠠᠬᠤ ᠰᠠᠨᠠᠭ᠎ᠠ ᠲᠠᠢ ᠪᠤᠯ ᠬᠡᠵᠢᠶ᠎ᠡ ᠢᠷᠡᠵᠤ᠂ ᠰᠠᠭᠤᠭᠠᠯᠢ ᠠᠷᠠᠳ ᠲᠦᠬᠦᠮ ᠲᠦᠳᠡ᠂ ᠦᠨᠳᠤᠷ ᠪᠦᠳᠦᠮᠵᠢᠳᠡᠢ᠂ ᠲᠦᠬᠡᠮᠡᠯ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠶᠢ ᠬᠦᠷᠳᠡᠵᠤ ᠪᠤᠯᠬᠤ ᠪᠤᠯᠵᠠᠢ᠃ ᠡᠬᠦᠨ ᠤ ᠬᠠᠮᠳᠤ ᠪᠢᠳᠠᠨ ᠨᠤᠮ ᠤᠨ ᠪᠠᠭᠠᠷ ᠢ ᠵᠡᠬᠡᠯᠢ ᠭᠤᠳᠤᠮᠵᠢ ᠶᠢᠨ ︿ᠨᠢᠬᠡ ᠮᠦᠴᠡ ᠶᠢᠨ ᠠᠮᠢᠳᠤᠷᠠᠯ ᠤᠨ ᠳᠤᠭᠤᠷᠢᠭ﹀ ᠸᠢᠴᠠᠲ ᠶᠢᠨ ᠪᠢᠴᠢᠯ ᠫᠷᠦᠭᠷᠠᠮ ᠳᠡᠬᠡᠷ᠎ᠡ ᠠᠵᠢᠯᠯᠠᠭᠤᠯᠵᠤ᠂ ᠰᠦᠯᠵᠢᠶᠡᠨ ᠳᠡᠬᠡᠷ᠎ᠡ ᠠᠴᠠ ᠤᠯᠠᠨ ᠲᠦᠮᠡᠨ ᠳᠤ ᠦᠢᠯᠡᠴᠢᠯᠡᠬᠦ ᠶᠢ ᠪᠡᠶᠡᠯᠡᠬᠦᠯᠪᠡ︾        —  ᠸᠧᠨ ᠶᠤᠸᠠᠨ ᠨᠡᠶᠢᠬᠡᠮ ᠳᠤᠭᠤᠷᠢᠭ ᠤᠨ ᠨᠠᠮ ᠤᠨ ᠡᠬᠦᠷ ᠤᠨ ᠱᠦᠵᠢ   ᠯᠢᠦ ᠰᠢᠶᠣᠣ ᠯᠢ       ︽24 ᠴᠠᠭ ᠤᠨ ᠨᠤᠮ ᠤᠨ ᠪᠠᠭᠠᠷ︾ ᠤᠨ ︽ᠨᠢᠬᠡ ᠮᠦᠴᠡ ᠶᠢᠨ ᠠᠮᠢᠳᠤᠷᠠᠯ ᠤᠨ ᠳᠤᠭᠤᠷᠢᠭ︾ ᠤᠨ ᠪᠢᠴᠢᠯ ᠫᠷᠦᠭᠷᠠᠮ ᠳᠡᠬᠡᠷ᠎ᠡ ᠠᠵᠢᠯᠯᠠᠭᠤᠯᠬᠤ ᠶᠢ ᠳᠠᠭᠠᠯᠳᠤᠨ᠂ ᠯᠢᠨ ᠶᠢᠨ ᠵᠡᠬᠡᠯᠢ ᠭᠤᠳᠤᠮᠵᠢ ᠶᠢᠨ ᠠᠷᠠᠳ ᠲᠤ ᠲᠦᠬᠦᠮ ᠦᠵᠡᠬᠦᠯᠬᠦ ᠬᠢᠷᠢ ᠲᠦᠪᠰᠢᠨ ᠰᠢᠨ᠎ᠡ ᠨᠢᠬᠡᠨ ᠱᠠᠳᠤᠨ ᠳᠤ ᠤᠷᠤᠪᠠ᠃ 2024 ᠤᠨ ᠳᠤ ᠯᠢᠨ ᠶᠢᠨ ᠵᠡᠬᠡᠯᠢ ᠭᠤᠳᠤᠮᠵᠢ ᠨᠢ ᠢᠨᠲ᠋ᠧᠷ ᠰᠦᠯᠵᠢᠶᠡᠨ ᠤ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠪᠢᠴᠢᠯ ᠫᠷᠦᠭᠷᠠᠮ ᠤᠨ ᠴᠢᠳᠠᠮᠵᠢ ᠶᠢ ᠳᠠᠰᠤᠷᠠᠯᠳᠠ ᠦᠬᠡᠢ ᠦᠷᠬᠡᠳᠬᠡᠨ᠂ ᠳᠤᠭᠠᠴᠢᠯᠠᠯᠳᠠ ᠪᠠ ᠤᠶᠤᠨᠴᠢᠯᠠᠯᠳᠠ ᠪᠠᠷ ᠳᠠᠮᠵᠢᠭᠤᠯᠵᠤ ︽ᠨᠢᠬᠡ ᠮᠦᠴᠡ ᠶᠢᠨ ᠠᠮᠢᠳᠤᠷᠠᠯ ᠤᠨ ᠳᠤᠭᠤᠷᠢᠭ︾ ᠢ ᠪᠠᠶᠠᠯᠢᠭᠵᠢᠭᠤᠯᠵᠤ᠂ ᠵᠡᠬᠡᠯᠢ ᠭᠤᠳᠤᠮᠵᠢ᠂ ᠨᠡᠶᠢᠬᠡᠮ ᠳᠤᠭᠤᠷᠢᠭ᠂ ᠠᠳᠠᠯ ᠠᠬᠤᠢ᠂ ᠳᠡᠯᠬᠡᠬᠦᠷ ᠵᠡᠷᠬᠡ ᠡᠯ᠎ᠡ ᠳᠠᠯ᠎ᠠ ᠶᠢᠨ ᠬᠦᠴᠦᠨ ᠢ ᠨᠢᠠᠠᠳᠠᠷᠠᠭᠤᠯᠵᠤ᠂ ᠢᠳᠡᠬᠦ᠂ ᠰᠠᠭᠤᠬᠤ᠂ ᠶᠠᠪᠤᠬᠤ᠂ ᠵᠤᠭᠠᠴᠠᠬᠤ᠂ ᠬᠤᠳᠠᠯᠳᠤᠨ ᠠᠪᠬᠤ᠂ ᠵᠤᠭ᠎ᠠ ᠴᠡᠩᠬᠡᠯ ᠢ ︽ᠨᠢᠬᠡ ᠦᠷᠳᠡᠬᠡᠴᠢᠯᠡᠭᠰᠡᠨ︾ ᠠᠷᠠᠳ ᠲᠤ ᠲᠦᠬᠦᠮ ᠦᠵᠡᠬᠦᠯᠬᠦ ᠦᠢᠯᠡᠴᠢᠯᠡᠬᠡᠨ ᠤ ᠴᠢᠳᠠᠪᠬᠢ ᠶᠢ ᠳᠡᠬᠦᠯᠳᠡᠷᠵᠢᠬᠦᠯᠵᠤ᠂ ᠠᠷᠠᠳ ᠤᠯᠠᠨ ᠤ ᠵᠢᠷᠭᠠᠯᠳᠤ ᠠᠮᠢᠳᠤᠷᠠᠯ ᠢ ᠨᠡᠩ ᠪᠠᠶᠠᠯᠢᠭᠵᠢᠭᠤᠯᠬᠤ ᠪᠤᠯᠤᠨ᠎ᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ