ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠪᠠ      ᠭᠤᠤ ᠢ ᠳ᠋ᠦᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/2/27
     2 ᠰᠠᠷ᠎ᠠ ᠶᠢᠨ 25 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠴᠢᠨᠠᠷ ᠰᠠᠶᠢᠲᠠᠶ ᠬᠥᠭᠵᠢᠯᠲᠡ᠂ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠤᠨ ᠬᠠᠮᠢᠶ᠎ᠠ ᠪᠥᠬᠦᠶ ᠲᠥᠰᠦᠯ ᠢ ᠨᠠᠶᠢᠳᠠᠪᠤᠷᠢᠵᠢᠭᠤᠯᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠭᠢᠯᠡᠪᠡ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ 1 ᠰᠠᠷ᠎ᠠ ᠶᠢᠨ 31 ᠤ ᠡᠳᠦᠷ ᠤᠨ ᠲᠥᠪ ᠤᠨ ᠤᠯᠤᠰ ᠲᠦᠷᠦ ᠶᠢᠨ ᠲᠣᠪᠴᠢᠶᠠᠨ ᠤ ᠬᠤᠷᠠᠯ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠳᠠᠢ︾ ᠴᠢᠬᠤᠯᠠ ᠵᠣᠬᠢᠶᠠᠯ ᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠰᠢᠨ᠎ᠡ  ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠱᠠᠭᠠᠷᠳᠠᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠮᠠᠨ ᠤ ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠥᠳᠡᠯᠭᠡᠭᠦ ᠬᠦᠴᠦᠨ ᠰᠢᠨ᠎ᠡ ᠳᠠᠪᠠᠭᠤᠯᠢᠭ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠭᠴᠠᠯᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠬᠠᠮᠲᠤᠪᠠᠷ ᠰᠠᠭᠤᠷᠢᠰᠢᠵᠤ ᠬᠠᠮᠲᠤᠪᠠᠷ ᠰᠤᠷᠤᠯᠴᠠᠬᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ᠂ ᠬᠠᠮᠲᠤᠪᠠᠷ ᠠᠵᠢᠯᠯᠠᠵᠤ ᠬᠠᠮᠲᠤᠪᠠᠷ ᠵᠢᠷᠭᠠᠬᠤ ᠨᠡᠶᠢᠭᠡᠮ ᠤᠨ ᠨᠥᠬᠦᠴᠡᠯ ᠢ ᠡᠭᠦᠳᠬᠦ ᠬᠡᠷᠡᠭᠲᠡᠢ ᠬᠡᠵᠡᠢ᠃    ᠬᠤᠷᠠᠯ ᠠᠴᠠ ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠭᠰᠡᠨ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠤ᠂ ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠬᠦᠯᠦᠨ ᠮᠠᠨᠳᠤᠭᠤᠯᠬᠤ ᠶᠢ ᠬᠦᠴᠦᠲᠡᠢ ᠪᠥᠭᠡᠳ ᠪᠦᠲᠦᠮᠵᠢᠲᠡᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠵᠤ᠂ ᠮᠠᠨ ᠤ ᠲᠤᠭᠤᠷᠢᠭ ᠤᠨ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠬᠡᠷᠡᠭᠵᠢᠭᠦᠯᠬᠦ ᠲᠥᠰᠦᠯ ᠢ ᠨᠠᠷᠢᠨ ᠨᠢᠮᠪᠠᠢ ᠰᠤᠳᠤᠯᠤᠨ ᠲᠣᠭᠲᠠᠭᠠᠵᠤ ᠲᠡᠭᠦᠯᠳᠡᠷᠵᠢᠭᠦᠯᠦᠨ᠂ ᠠᠮᠢ ᠠᠬᠤᠢ ᠶᠢᠨ ᠪᠦᠳᠦᠭᠡᠨ ᠪᠠᠶᠢᠭᠤᠯᠤᠯᠲᠠ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠨᠢᠭᠡᠳᠦᠭᠡᠷ ᠠᠵᠤ ᠦᠢᠯᠡᠰ ᠢ ᠲᠠᠬᠢᠨ ᠴᠣᠭᠴᠠᠯᠠᠬᠤ᠂ ᠠᠵᠤ ᠦᠢᠯᠡᠳᠪᠦᠷᠢ ᠪᠠᠷ ᠲᠠᠷᠢᠶᠠᠯᠠᠩ ᠢ ᠳᠠᠶᠢᠴᠢᠯᠠᠬᠤ᠂ ᠠᠷᠠᠳ ᠢ ᠪᠠᠶᠠᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠲᠠᠯ᠎ᠠ ᠪᠠᠷ ᠲᠠᠰᠤᠷᠠᠯᠲᠠ ᠦᠭᠡᠢ ᠰᠢᠨ᠎ᠡ ᠰᠢᠪᠲᠤᠯᠤᠯᠲᠠ᠂ ᠰᠢᠨ᠎ᠡ ᠠᠬᠢᠴᠠ  ᠭᠠᠷᠭᠠᠬᠤ ᠬᠡᠷᠡᠭᠳᠠᠢ ᠬᠡᠵᠤ ᠴᠢᠬᠤᠯᠠᠴᠢᠯᠠᠪᠠ᠃    ᠬᠤᠷᠠᠯ ᠠᠴᠠ ᠲᠥᠪ ᠤᠨ ᠳᠠᠪᠬᠤᠷᠭ᠎ᠠ ᠶᠢᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠰᠬᠠᠢ ᠠᠵᠢᠯ ᠤᠨ ᠲᠣᠭᠲᠠᠴᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠴᠡᠭᠴᠡᠯᠡᠨ ᠵᠠᠰᠠᠯᠳᠠ ᠶᠢ ᠪᠦᠬᠦ ᠲᠠᠯ᠎ᠠ ᠪᠠᠷ ᠰᠠᠶᠢᠲᠤᠷ ᠠᠳᠬᠤᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠨᠠᠮ ᠤᠨ ᠰᠤᠷᠲᠠᠯ᠂ ᠵᠠᠰᠠᠭ ᠤᠨ ᠰᠤᠷᠲᠠᠯ᠂ ᠨᠡᠶᠢᠭᠡᠮ ᠤᠨ ᠬᠡᠪ ᠰᠤᠷᠲᠠᠯ ᠤᠨ ᠥᠭᠡᠳᠡᠯᠡᠨ ᠰᠠᠶᠢᠵᠢᠷᠠᠬᠤ ᠶᠢ ᠦᠷᠭᠦᠯᠵᠢᠯᠡᠨ ᠠᠬᠢᠭᠤᠯᠬᠤ ᠬᠡᠷᠡᠭᠲᠡᠢ ᠬᠡᠵᠡᠢ᠃    ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠭᠤᠤᠯ ᠰᠡᠳᠦᠪᠲᠦ ᠬᠥᠮᠦᠵᠢᠯ ᠤᠨ ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠳ᠋ᠦᠩᠱᠧᠩ ᠲᠣᠭᠤᠷᠢᠭ ᠤᠨ ᠭᠤᠤᠯ ᠰᠡᠳᠦᠪᠲᠦ ᠬᠥᠮᠦᠵᠢᠯ ᠤᠨ ᠪᠠᠶᠢᠳᠠᠯ ᠤᠨ ᠳ᠋ᠦᠩᠨᠡᠯᠲᠡ ᠶᠢ ᠰᠣᠨᠣᠰᠴᠤ᠂ ᠣᠨᠣᠯ ᠢᠶᠠᠷ ᠵᠡᠪᠰᠡᠭᠯᠡᠬᠦ ᠶᠢ ᠴᠢᠩᠭᠠᠳᠬᠠᠬᠤ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ᠂ ᠰᠤᠷᠲᠠᠯ ᠢ ᠰᠠᠶᠢᠵᠢᠷᠠᠭᠤᠯᠬᠤ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠨᠡᠩ ᠪᠦᠳᠦᠮᠵᠢᠳᠠᠢ ᠪᠠᠷ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠶ ᠬᠡᠵᠡᠢ᠃    ᠬᠤᠷᠠᠯ ᠠᠴᠠ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠬᠠᠮᠢᠶ᠎ᠠ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠲᠤᠭᠳᠠᠯᠴᠠᠭ᠎ᠠ ᠶᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠬᠠᠮᠢᠶ᠎ᠠ ᠪᠦᠬᠦᠢ ᠲᠥᠰᠦᠯ ᠢ ᠰᠤᠳᠤᠯᠵᠤ᠂︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠪᠠ ᠬᠤᠶᠠᠷ ᠶᠡᠭᠡ ᠶᠠᠪᠤᠳᠠᠯ᠂ ︽ᠭᠤᠷᠪᠠᠨ ᠳᠥᠷᠪᠡ︾ ᠶᠢᠨ ᠠᠵᠢᠯ ᠤᠨ ᠡᠭᠦᠷᠭᠡ ᠶᠢ ᠰᠠᠶᠢᠲᠤᠷ ᠬᠢᠬᠦ︽ᠭᠤᠷᠪᠠᠨ ᠲᠣᠭᠤᠷᠢᠭ ᠳᠥᠷᠪᠡᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠢ ᠤᠶᠠᠯᠳᠤᠭᠤᠯᠵᠤ᠂ ᠥᠨᠳᠥᠷ ᠲᠦᠪᠰᠢᠨ ᠢᠶᠠᠷ ᠠᠬᠢᠭᠤᠯᠬᠤ᠂ ᠲᠣᠭᠲᠠᠴᠠ ᠶᠢᠨ ᠰᠢᠨ᠎ᠡ ᠶᠢ ᠡᠭᠦᠳᠬᠦ᠂ ᠦᠷ᠎ᠡ ᠪᠦᠲᠦᠮᠵᠢ ᠶᠢ ᠮᠥᠷᠳᠡᠨ ᠠᠰᠠᠭᠤᠬᠤ ᠶᠢ ᠴᠢᠩᠭᠠᠳᠬᠠᠬᠤ ᠶᠢ ᠪᠠᠷᠢᠮᠳᠠᠯᠠᠵᠤ᠂ ᠴᠢᠩᠭ᠎ᠠ ᠨᠢᠮᠪᠠᠢ ᠦᠨᠡᠨ ᠢ ᠪᠠᠷᠢᠮᠲᠠᠯᠠᠬᠤ ᠣᠪᠣᠷ ᠪᠠ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠵᠣᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠳ᠋ᠦᠩᠱᠧᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠦᠷ᠎ᠡ ᠪᠦᠲᠦᠮᠵᠢ ᠣᠯᠬᠤ ᠶᠢ ᠦᠨᠡᠨᠬᠦ ᠠᠬᠢᠭᠤᠯᠵᠤ᠂ ᠰᠢᠨ᠎ᠡ ᠰᠢᠪᠲᠤᠯᠤᠯᠲᠠ ᠶᠢ ᠪᠡᠶᠡᠯᠡᠭᠦᠯᠬᠦ ᠬᠡᠷᠡᠭᠲᠡᠢ ᠬᠡᠵᠡᠢ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ