ᠵᠦᠪ ᠠᠮᠢᠳᠤᠷᠠᠯ ᠤᠨ ᠳᠠᠳᠬᠠᠯ ᠢ ᠪᠠᠷᠢᠮᠳᠠᠯᠠᠶ᠎ᠠ
ᠨᠡᠶᠢᠲᠡᠯᠡᠭᠰᠡᠨ ᠴᠠᠭ᠄
2024/2/27
      ᠠᠵᠢᠯ ᠠᠮᠢᠳᠤᠷᠠᠯ ᠤᠨ ᠠᠶᠢᠵᠠᠮ ᠲᠦᠷᠬᠡᠨ ᠪᠤᠯᠵᠤ ᠪᠠᠶᠢᠭ᠎ᠠ ᠦᠨᠦᠳᠤᠷ᠂ ᠴᠦᠬᠡᠨ ᠪᠤᠰᠤ ᠬᠦᠮᠦᠰ ᠰᠦᠨᠢ  ᠶᠢᠨ ᠠᠵᠢᠯ ᠠᠮᠢᠳᠤᠷᠠᠯ ᠤᠨ ᠵᠦᠪ ᠳᠤᠬᠢᠷᠠᠭᠤᠯᠭ᠎ᠠ ᠶᠢ ᠤᠮᠳᠤᠭᠠᠶᠢᠯᠠᠳᠠᠭ᠂ ᠡᠬᠦᠨ ᠠᠴᠠ ᠪᠤᠯᠵᠤ ᠵᠠᠷᠢᠮ ᠬᠦᠮᠦᠰ ᠠᠭᠠᠵᠢᠮ ᠢᠶᠠᠷ ᠮᠠᠷᠢᠶᠠᠯᠠᠵᠤ᠂ ᠡᠷᠡᠬᠦᠯ ᠮᠡᠨᠳᠤ ᠪᠠᠨ ᠨᠦᠯᠦᠬᠡᠯᠡᠳᠡᠭ᠃       ᠳ᠋ᠧᠩ ᠨᠤᠴᠤᠭᠠᠵᠤ ᠤᠨᠳᠠᠬᠤ ᠦᠬᠡᠢ ᠪᠤᠯ ᠰᠠᠶᠢᠨ       ᠡᠷᠳᠡᠮᠳᠡᠳ ᠤᠨ ᠢᠯᠡᠷᠡᠬᠦᠯᠦᠭᠰᠡᠨ ᠢᠶᠠᠷ᠂ ᠰᠦᠨᠢ ᠦᠷᠬᠦᠯᠵᠢ ᠳ᠋ᠧᠩ ᠨᠤᠴᠤᠭᠠᠵᠤ ᠤᠨᠳᠠᠪᠠᠯ ᠮᠠᠷᠢᠶᠠᠯᠠᠬᠤ᠂ ᠰᠢᠬᠢᠷ ᠰᠢᠵᠢᠩ ᠡᠪᠡᠳᠴᠢᠨ ᠳᠤ ᠨᠡᠷᠪᠡᠭᠳᠡᠬᠦ᠂ ᠴᠢᠰᠤᠨ ᠳᠠᠷᠤᠯᠳᠠ ᠦᠨᠳᠤᠷᠵᠢᠬᠦ ᠨᠤᠷᠮ᠎ᠠ ᠨᠡᠮᠡᠭᠳᠡᠳᠡᠭ᠃ ᠪᠢᠳᠠ ᠰᠦᠨᠢ ᠳᠤ ᠪᠠᠨ ᠠᠯᠢ ᠴᠢᠳᠠᠬᠤ ᠪᠠᠷ ᠳ᠋ᠧᠩ ᠢᠶᠠᠨ ᠨᠤᠴᠤᠭᠠᠬᠤ ᠦᠬᠡᠢ ᠪᠠᠷ ᠤᠨᠳᠠᠪᠠᠯ ᠵᠤᠬᠢᠨ᠎ᠠ᠂ ᠬᠡᠷ ᠤᠨ ᠭᠠᠳᠠᠨᠠᠬᠢ ᠬᠡᠷᠡᠯ ᠴᠢᠩᠭ᠎ᠠ ᠪᠠᠶᠢᠪᠠᠯ ᠴᠤᠩᠬᠤᠨ ᠤ ᠪᠦᠳᠡᠬᠡᠯᠬᠡ᠂ ᠨᠢᠳᠤᠨ ᠤ ᠪᠦᠳᠡᠬᠡᠯᠬᠡ ᠶᠢ ᠬᠡᠷᠡᠭᠯᠡᠵᠤ ᠪᠤᠯᠤᠨ᠎ᠠ᠃       ᠰᠦᠨᠢᠵᠢᠨ ᠰᠠᠭᠤᠬᠤ ᠨᠢ ᠠᠷᠠᠰᠤ ᠶᠢ ᠮᠠᠭᠤᠳᠠᠭᠤᠯᠤᠨ᠎ᠠ       ᠰᠦᠨᠢᠵᠢᠨ ᠰᠠᠭᠤᠬᠤ ᠨᠢ ᠴᠡᠪᠡᠤᠯᠢᠭ ᠤᠭᠤᠷᠠᠭ ᠢ ᠬᠡᠮᠳᠤᠬᠡᠵᠤ᠂ ᠠᠷᠠᠰᠤ ᠶᠢ ᠮᠠᠭᠤᠳᠠᠭᠤᠯᠤᠨ᠎ᠠ᠃ ᠵᠠᠷᠢᠮ ᠦᠶ᠎ᠡ ᠳᠤ ᠰᠦᠨᠢᠵᠢᠨ ᠰᠠᠭᠤᠬᠤ ᠴᠢᠬᠤᠯᠠᠳᠠᠢ ᠪᠤᠯ B ᠲᠦᠷᠦᠯ ᠤᠨ ᠸᠢᠲ᠋ᠠᠮᠢᠨ ᠢ ᠨᠦᠬᠦᠪᠤᠷᠢᠯᠡᠬᠦ ᠬᠡᠷᠡᠭᠳᠡᠢ᠃ B ᠲᠦᠷᠦᠯ ᠤᠨ ᠸᠢᠲ᠋ᠠᠮᠢᠨ ᠢ ᠨᠦᠬᠦᠪᠤᠷᠢᠯᠡᠬᠦ ᠳᠤ ᠪᠦᠳᠦᠬᠦᠯᠢᠭ ᠠᠮᠤ᠂ ᠪᠤᠷᠴᠠᠭ ᠤᠨ ᠵᠦᠢᠯ᠂ ᠮᠦᠬᠦ᠂ ᠯᠤᠬᠠᠱᠸᠡᠭ᠂ ᠬᠠᠷ᠎ᠠ ᠮᠢᠬ᠎ᠠ ᠵᠡᠷᠬᠡ ᠶᠢ ᠢᠳᠡᠵᠤ ᠪᠤᠯᠤᠨ᠎ᠠ᠃       ᠤᠷᠤᠢ ᠶᠢᠨ ᠬᠤᠭᠤᠯᠠ ᠶᠢ ᠪᠠᠭ᠎ᠠ ᠢᠳᠡᠪᠡᠯ ᠵᠤᠬᠢᠨ᠎ᠠ       ᠤᠷᠤᠢ ᠶᠢᠨ ᠬᠤᠭᠤᠯᠠ ᠶᠢ ᠶᠠᠭᠠᠬᠢᠭᠰᠠᠨ ᠴᠤ ᠠᠷᠪᠢᠨ ᠢᠳᠡᠵᠤ ᠪᠤᠯᠬᠤ ᠦᠬᠡᠢ᠃ ᠬᠡᠷᠪᠡ ᠤᠷᠳᠤ ᠬᠤᠭᠤᠴᠠᠭ᠎ᠠ ᠪᠠᠷ ᠬᠡᠳᠤᠷᠡᠳᠡᠯ᠎ᠡ ᠢᠳᠡᠪᠡᠯ ᠠᠮᠠᠷᠬᠠᠨ ᠮᠠᠷᠢᠶᠠᠯᠠᠬᠤ ᠪᠠᠷ ᠪᠠᠷᠠᠬᠤ ᠦᠬᠡᠢ᠂ ᠴᠢᠰᠤᠨ ᠤ ᠰᠢᠬᠢᠷ ᠤᠨ ᠬᠡᠮᠵᠢᠭᠳᠡᠯ ᠢ ᠡᠷᠡᠬᠦᠯ ᠪᠤᠰᠤ ᠪᠤᠯᠭᠠᠵᠤ ᠮᠡᠳᠡᠨ᠎ᠡ᠃ ᠤᠷᠤᠢ ᠶᠢᠨ ᠬᠤᠭᠤᠯᠠᠨ ᠤ ᠬᠡᠮᠵᠢᠶ᠎ᠡ ᠨᠢ ᠬᠠᠮᠤᠭ ᠤᠨ ᠰᠠᠶᠢᠨ  ᠳᠤ ᠪᠠᠨ ᠨᠢᠬᠡ ᠡᠳᠤᠷ ᠤᠨ ᠶᠡᠷᠦᠩᠬᠡᠢ ᠬᠡᠮᠵᠢᠶ᠎ᠡ ᠶᠢᠨ 30% ᠠᠴᠠ ᠬᠡᠳᠤᠷᠡᠬᠦ ᠦᠬᠡᠢ ᠪᠤᠯ ᠰᠠᠶᠢᠨ ᠪᠠᠶᠢᠳᠠᠭ᠃
ᠢᠷᠡᠯᠲᠡ᠄ ︽ᠦᠪᠦᠷ ᠮᠤᠩᠭᠤᠯ ᠤᠨ ᠡᠮᠡᠭᠳᠡᠶᠢᠴᠤᠳ︾ ᠰᠡᠳᠬᠦᠯ