ᠬᠡᠤᠬᠡᠳ ᠤᠨ ᠨᠢᠳᠤᠨ ᠤ ᠡᠷᠡᠬᠦᠯ ᠮᠡᠨᠳᠤ ᠶᠢ ᠬᠠᠮᠠᠭᠠᠯᠠᠬᠤ ᠳᠤ ᠠᠩᠬᠠᠷᠬᠤ ᠵᠦᠢᠯᠡᠰ
ᠨᠡᠶᠢᠲᠡᠯᠡᠭᠰᠡᠨ ᠴᠠᠭ᠄
2024/2/27
     1. ᠳᠡᠯᠬᠡᠴᠡ ᠶᠢ ᠦᠵᠡᠬᠦ ᠳᠤ 20 ᠮᠢᠨᠦ᠋ᠲ ᠠᠴᠠ ᠬᠡᠳᠤᠷᠡᠵᠤ ᠪᠤᠯᠬᠤ ᠦᠬᠡᠢ       ᠳᠡᠯᠬᠡᠴᠡ ᠶᠢ ᠤᠷᠳᠤ ᠬᠤᠭᠤᠴᠠᠭ᠎ᠠ ᠪᠠᠷ ᠱᠠᠬᠠᠶᠢᠪᠠᠯ᠂ ᠨᠢᠳᠤ ᠴᠠᠪᠴᠢᠬᠤ ᠳᠠᠪᠳᠠᠮᠵᠢ ᠨᠢ ᠪᠠᠭᠠᠰᠴᠤ᠂ ᠨᠢᠳᠤ ᠬᠠᠭᠤᠷᠠᠶᠢᠰᠢᠬᠤ᠂ ᠶᠠᠭᠤᠮ᠎ᠠ ᠦᠵᠡᠬᠦ ᠨᠢ ᠪᠠᠯᠠᠷᠬᠠᠢ ᠪᠤᠯᠬᠤ ᠵᠡᠷᠬᠡ ᠪᠠᠶᠢᠳᠠᠯ ᠢᠯᠡᠷᠡᠨ᠎ᠡ᠃ ᠡᠶᠢᠮᠤ ᠠᠴᠠ ᠳᠡᠯᠬᠡᠴᠡ ᠶᠢ ᠦᠷᠬᠦᠯᠵᠢᠯᠡᠨ ᠦᠵᠡᠬᠦ ᠴᠠᠭ ᠨᠢ 20 ᠮᠢᠨᠦ᠋ᠲ ᠠᠴᠠ ᠬᠡᠳᠤᠷᠡᠵᠤ ᠪᠤᠯᠬᠤ ᠦᠬᠡᠢ᠂ ᠳᠤᠮᠳᠠ ᠨᠢ 20 ᠰᠧᠺᠦ᠋ᠨ᠋ᠳ᠋ ᠠᠮᠠᠷᠠᠬᠤ ᠬᠡᠷᠡᠭᠳᠡᠢ ᠪᠦᠬᠡᠳ 6 ᠮᠧᠲᠷ ᠤᠨ ᠭᠠᠳᠠᠨᠠᠬᠢ ᠶᠠᠭᠤᠮ᠎ᠠ ᠶᠢ ᠬᠡᠰᠡᠭ ᠬᠤᠭᠤᠴᠠᠭ᠎ᠠ ᠰᠢᠷᠳᠡᠵᠤ᠂ ᠨᠢᠳᠤ ᠪᠠᠨ ᠠᠮᠠᠷᠠᠭᠤᠯᠤᠨ᠎ᠠ᠃      2. ᠳᠡᠯᠬᠡᠴᠡ ᠶᠢ ᠦᠵᠡᠬᠦ ᠳᠤ 50  ᠰᠡᠨᠲ᠋ᠢᠮᠧᠲᠷ ᠠᠴᠠ ᠳᠡᠬᠡᠭᠰᠢ ᠵᠠᠶᠢᠳᠠᠢ ᠪᠠᠶᠢᠯᠭᠠᠨ᠎ᠠ       ᠬᠡᠤᠬᠡᠳ ᠳᠡᠯᠬᠡᠴᠡ ᠶᠢ ᠦᠵᠡᠬᠦ ᠦᠶ᠎ᠡ ᠳᠤ ᠠᠮᠠᠷᠬᠠᠨ ᠦᠢᠷ᠎ᠠ ᠵᠠᠢ ᠠᠴᠠ ᠦᠵᠡᠳᠡᠭ᠂ ᠡᠨᠡ ᠨᠢ ᠨᠢᠳᠤ ᠶᠢ ᠬᠡᠳᠤᠷᠬᠡᠢ ᠲᠦᠪᠯᠡᠷᠡᠬᠦᠯᠵᠤ᠂ ᠨᠢᠳᠤᠨ ᠤ ᠶᠠᠳᠠᠷᠠᠯ ᠢ ᠬᠦᠨᠳᠤᠷᠡᠬᠦᠯᠦᠨ᠎ᠡ᠃ ᠡᠶᠢᠮᠤ ᠠᠴᠠ ᠭᠠᠷ ᠤᠳᠠᠰᠤ᠂  ᠺᠤᠮᠫᠢᠦ᠋ᠲ᠋ᠧᠷ ᠵᠡᠷᠬᠡ ᠡᠯᠧᠺᠲᠷᠤᠨ ᠪᠦᠳᠦᠬᠡᠭᠳᠡᠬᠦᠨ ᠢ ᠦᠵᠡᠬᠦ ᠪᠤᠶᠤ ᠨᠠᠭᠠᠳᠬᠤ ᠳᠤ 50  ᠰᠡᠨᠲ᠋ᠢᠮᠧᠲᠷ ᠠᠴᠠ ᠳᠡᠬᠡᠭᠰᠢ ᠵᠠᠢ ᠶᠢ ᠪᠠᠳᠤᠯᠠᠬᠤ ᠬᠡᠷᠡᠭᠳᠡᠢ᠃      3. ᠬᠡᠷᠡᠯ ᠬᠦᠢᠴᠡᠳ ᠪᠠᠶᠢᠬᠤ ᠬᠡᠷᠡᠭᠳᠡᠢ       ᠬᠠᠷᠠᠩᠭᠤᠢ ᠤᠷᠴᠢᠨ ᠳᠤᠭᠤᠷᠢᠨ ᠳᠤ᠂ ᠨᠢᠳᠤᠨ ᠤ ᠴᠡᠴᠡᠬᠡᠢ ᠳᠤᠮᠤᠷᠠᠵᠤ᠂ ᠬᠦᠰᠢᠬᠡᠨ ᠠᠴᠠ ᠰᠠᠴᠤᠷᠠᠭᠰᠠᠨ ᠬᠦᠬᠡ ᠬᠡᠷᠡᠯ ᠨᠢᠳᠤᠨ ᠳᠤ ᠳᠤᠰᠴᠤ᠂ ᠵᠤᠬᠢᠬᠤ ᠬᠡᠮᠵᠢᠶᠡᠨ ᠤ ᠬᠤᠤᠷ ᠬᠦᠨᠦᠬᠡᠯ ᠤᠴᠠᠷᠠᠭᠤᠯᠤᠨ᠎ᠠ᠃ ᠡᠶᠢᠮᠤ ᠠᠴᠠ ᠬᠡᠷᠡᠯ ᠬᠦᠢᠴᠡᠳ ᠤᠷᠴᠢᠨ ᠳᠤᠭᠤᠷᠢᠨ ᠳᠤ ᠭᠠᠷ ᠤᠳᠠᠰᠤ᠂ ᠺᠤᠮᠫᠢᠦ᠋ᠲ᠋ᠧᠷ ᠵᠡᠷᠬᠡ ᠶᠢ ᠦᠵᠡᠨ᠎ᠡ᠃      4. ᠳᠡᠯᠬᠡᠴᠡ ᠶᠢ ᠰᠦᠨᠢᠵᠢᠨ ᠦᠵᠡᠵᠤ ᠪᠤᠯᠬᠤ ᠦᠬᠡᠢ       ᠤᠷᠳᠤ ᠬᠤᠭᠤᠴᠠᠭ᠎ᠠ ᠪᠠᠷ ᠭᠠᠷ ᠤᠳᠠᠰᠤ᠂ ᠺᠥᠮᠫᠢᠦ᠋ᠲ᠋ᠧᠷ ᠢ ᠰᠦᠨᠢᠵᠢᠨ ᠦᠵᠡᠬᠦ ᠪᠤᠶᠤ ᠨᠠᠭᠠᠳᠬᠤ ᠨᠢ ᠬᠡᠤᠬᠡᠳ ᠤᠨ ᠦᠰᠦᠯᠳᠡ ᠪᠤᠶᠢᠵᠢᠯᠳᠠ ᠶᠢ ᠨᠦᠯᠦᠬᠡᠯᠡᠬᠦ ᠪᠠᠷ ᠪᠠᠷᠠᠬᠤ ᠦᠬᠡᠢ ᠪᠠᠰᠠ ᠨᠢᠳᠤᠨ ᠤ ᠠᠮᠠᠷᠠᠯᠳᠠ ᠶᠢ ᠬᠠᠷᠰᠢᠯᠠᠵᠤ᠂ ᠨᠢᠳᠤ ᠬᠠᠭᠤᠷᠠᠶᠢᠰᠢᠬᠤ᠂ ᠶᠠᠳᠠᠷᠠᠬᠤ ᠪᠠᠶᠢᠳᠠᠯ ᠢ ᠨᠠᠮᠳᠠᠭᠤᠯᠬᠤ ᠳᠤ ᠨᠡᠩ ᠬᠦᠴᠢᠷ ᠪᠠᠶᠢᠳᠠᠭ᠃ ᠡᠶᠢᠮᠤ  ᠠᠴᠠ ᠬᠡᠤᠬᠡᠳ ᠤᠨ ᠤᠨᠳᠠᠵᠤ ᠠᠮᠠᠷᠠᠬᠤ ᠴᠠᠭ ᠢ ᠵᠤᠬᠢᠰᠳᠠᠢ ᠪᠠᠶᠢᠯᠭᠠᠬᠤ ᠬᠡᠷᠡᠭᠳᠡᠢ᠃      5. ᠨᠢᠳᠤᠨ ᠤ ᠡᠷᠡᠬᠦᠯ ᠬᠠᠮᠠᠭᠠᠯᠠᠯ ᠢ ᠠᠩᠬᠠᠷᠬᠤ ᠬᠡᠷᠡᠭᠳᠡᠢ       ᠬᠡᠤᠬᠡᠳ ᠭᠠᠷ ᠤᠳᠠᠰᠤ᠂ ᠺᠤᠮᠫᠢᠦ᠋ᠲ᠋ᠧᠷ ᠤᠨ ᠳᠡᠯᠬᠡᠴᠡ ᠶᠢ ᠤᠳᠠᠭᠠᠨ ᠬᠠᠷᠠᠪᠠᠯ ᠨᠢᠳᠤ ᠪᠠᠨ ᠠᠮᠠᠷᠬᠠᠨ ᠨᠤᠬᠤᠯᠠᠳᠠᠭ᠃ ᠭᠠᠷ ᠢᠶᠠᠨ ᠤᠬᠢᠶᠠᠬᠤ ᠦᠬᠡᠢ ᠪᠠᠷ ᠨᠢᠳᠤ ᠪᠠᠨ ᠨᠤᠬᠤᠯᠠᠪᠠᠯ᠂ ᠪᠠᠺᠲ᠋ᠧᠷᠢ ᠨᠢᠳᠤᠨ ᠳᠤ ᠤᠷᠤᠵᠤ᠂ ᠦᠷᠪᠢᠰᠤᠯ ᠪᠠ ᠬᠠᠯᠳᠠᠪᠤᠷᠢᠯᠠᠯ ᠢ ᠡᠬᠦᠰᠬᠡᠳᠡᠭ᠃ ᠡᠶᠢᠮᠤ ᠠᠴᠠ ᠭᠠᠷ ᠢᠶᠠᠨ ᠰᠠᠶᠢᠳᠤᠷ ᠤᠬᠢᠶᠠᠵᠤ᠂ ᠨᠢᠳᠤᠨ ᠤ ᠡᠷᠡᠬᠦᠯ ᠬᠠᠮᠠᠭᠠᠯᠠᠯ ᠢ ᠠᠩᠬᠠᠷᠬᠤ ᠬᠡᠷᠡᠭᠳᠡᠢ᠃
ᠢᠷᠡᠯᠲᠡ᠄ NMTV ᠰᠤᠶᠤᠯ