ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠤᠯᠤᠰ ᠲᠥᠷᠥ ᠬᠠᠤᠯᠢ ᠴᠠᠭᠠᠵᠠ ᠶᠢᠨ ᠠᠵᠢᠯ ᠤᠨ ᠬᠤᠷᠠᠯ ᠬᠤᠷᠠᠯᠳᠤᠭᠤᠯᠪᠠ      ᠭᠤᠤ ᠢ ᠳ᠋ᠦᠩ ᠴᠤᠬᠤᠯᠠᠪᠤᠷᠢ ᠦᠭᠪᠡ
ᠨᠡᠶᠢᠲᠡᠯᠡᠭᠰᠡᠨ ᠴᠠᠭ᠄
2024/2/29
    2 ᠰᠠᠷ᠎ᠠ ᠶᠢᠨ 28 ᠤ ᠡᠳᠤᠷ᠂ ᠳ᠋ᠦᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯᠬᠤᠷᠠᠯᠳᠤᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠴᠣᠬᠤᠯᠠᠪᠤᠷᠢ ᠦᠭᠪᠡ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢ ᠰᠢᠶᠤᠤ ᠳ᠋ᠦᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠲᠣᠭᠤᠷᠢᠭ ᠤᠨ ᠳᠡᠳ᠋ ᠳᠠᠷᠤᠭ᠎ᠠ ᠵᠠᠩ ᠪᠢᠩ ᠬᠤᠷᠠᠯ ᠢ ᠡᠷᠭᠢᠯᠡᠪᠡ᠃ ᠲᠤᠭᠤᠷᠢᠭ ᠤᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠬᠤᠷᠠᠯ ᠳᠤ ᠣᠷᠣᠯᠴᠠᠪᠠ᠃    ᠭᠤᠤ ᠢ ᠳ᠋ᠦᠩ ᠴᠣᠬᠤᠯᠠᠪᠤᠷᠢ ᠳᠤ ᠪᠠᠨ᠂ ᠥᠩᠭᠡᠷᠡᠭᠰᠡᠨ ᠨᠢᠭᠡ ᠵᠢᠯ ᠳᠤ᠂ ᠪᠦᠬᠦ ᠲᠤᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠬᠢᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠵᠢᠯ ᠤᠨ ᠲᠤᠬᠢᠷᠠᠭᠤᠯᠤᠯᠳᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠣᠯ ᠶᠡᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠵᠦ᠂ ᠢᠳᠡᠪᠬᠢᠲᠡᠢ ᠪᠠᠷ ᠠᠵᠢᠯᠯᠠᠵᠤ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠠᠬᠢᠭᠤᠯᠬᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠯ ᠢ ᠪᠠᠲᠤᠯᠠᠬᠤ ᠡᠭᠦᠷᠭᠡ ᠬᠠᠷᠢᠭᠤᠴᠠᠯᠭ᠎ᠠ ᠪᠠᠨ ᠪᠦᠬᠦ ᠬᠦᠴᠦᠨ ᠢᠶᠠᠷ ᠢᠶᠠᠨ ᠭᠦᠢᠴᠡᠳᠬᠡᠵᠦ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠵᠦᠢᠯ ᠤᠨ ᠠᠵᠢᠯ ᠤᠨ ᠰᠢᠨ᠎ᠡ ᠠᠬᠢᠴᠠ ᠪᠣᠯᠤᠨ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠪᠠ᠃ ᠡᠨᠡ ᠵᠢᠯ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 75 ᠵᠢᠯ ᠤᠨ ᠤᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠤᠯᠤᠰ ᠲᠦᠷᠦ ᠬᠠᠤᠯᠢ ᠴᠠᠭᠠᠵᠠ ᠶᠢᠨ ᠹᠷᠣᠨᠲ ᠤᠨ ᠬᠢᠨ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠤᠯᠤᠰ ᠤᠨ ᠠᠮᠤᠷ ᠲᠦᠪᠰᠢᠨ ᠪᠣᠯᠤᠨ ᠨᠡᠶᠢᠭᠡᠮ ᠤᠨ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ︔ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠵᠥᠷᠢᠴᠡᠯ ᠵᠢᠭᠤᠷᠠᠯᠳᠤᠭᠠᠨ ᠢ ᠰᠡᠷᠭᠡᠶᠢᠯᠡᠨ ᠠᠷᠢᠯᠭᠠᠬᠤ ᠶᠢ ᠴᠢᠩᠭᠠᠳᠬᠠᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠲᠦᠮᠵᠢᠲᠡᠢ ᠰᠡᠷᠭᠡᠶᠢᠯᠡᠨ ᠠᠷᠢᠯᠭᠠᠬᠤ ᠬᠡᠷᠡᠭᠲᠡᠢ︔ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠪᠠᠶᠢᠭᠤᠯᠵᠤ᠂ ᠦᠨᠡᠨ ᠬᠦ ᠥᠨᠳᠥᠷ ᠲᠦᠪᠰᠢᠨ ᠪᠦᠬᠦᠢ ᠠᠮᠤᠷ ᠲᠦᠪᠰᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ︽ᠭᠤᠷᠪᠠᠨ ᠳᠥᠷᠪᠡ︾ ᠶᠢᠨ ᠬᠠᠷᠠᠯᠲᠠ ᠡᠭᠦᠷᠭᠡ ᠶᠢ ᠨᠠᠶᠢᠳᠠᠪᠤᠷᠢᠵᠢᠭᠤᠯᠵᠤ᠂ ︽ᠭᠤᠷᠪᠠᠨ ᠬᠤᠳᠠ︾ ᠶᠢᠨ ᠪᠠᠶᠢᠭᠤᠯᠤᠯᠲᠠ ᠶᠢ ᠠᠬᠢᠭᠤᠯᠬᠤ ᠳᠤ ᠪᠠᠲᠤ ᠴᠢᠩᠭ᠎ᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃    ᠬᠤᠷᠠᠯ ᠠᠴᠠ᠂ 2024 ᠤᠨ ᠪᠣᠯ ᠮᠠᠨ ᠤ ᠲᠤᠭᠤᠷᠢᠭ ᠤᠨ ︽ᠭᠤᠷᠪᠠᠨ ᠲᠤᠭᠤᠷᠢᠭ ᠲᠦᠷᠪᠡᠨ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠡᠬᠢᠯᠡᠯᠲᠡ ᠶᠢᠨ ᠵᠢᠯ ᠪᠣᠯᠤᠨ᠎ᠠ᠃ ᠳ᠋ᠦᠩᠱᠧᠩ ᠲᠣᠭᠤᠷᠢᠭ ᠤᠨ ᠡᠯ᠎ᠡ ᠱᠠᠲᠤᠨ ᠤ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ᠂ ᠠᠮᠤᠷ ᠠᠮᠤᠭᠤᠯᠠᠩ ᠤᠨ ᠪᠠᠶᠢᠭᠤᠯᠤᠯᠲᠠ ᠶᠢᠨ ᠪᠦᠷᠢᠯᠳᠦᠬᠦᠨ ᠨᠢᠬᠡᠴᠡ ᠪᠣᠯᠤᠨ ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠨᠠᠷ ᠡᠩᠨᠡᠭᠡᠨ ᠤ ᠪᠠᠶᠢᠭᠤᠯᠤᠯᠲᠠ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠬᠠᠤᠯᠢ ᠴᠠᠭᠠᠵᠠ ᠶᠢᠨ ᠲᠡᠮᠦᠷ ᠴᠡᠷᠢᠭ ᠢ ᠪᠦᠬᠦ ᠲᠠᠯ᠎ᠠ ᠪᠠᠷ ᠳᠠᠪᠲᠠᠨ ᠪᠣᠯᠪᠠᠰᠤᠷᠠᠭᠤᠯᠬᠤ ᠬᠡᠷᠡᠭᠲᠡᠢ︔ ᠪᠠᠶᠢᠳᠠᠯ ᠤᠨ ᠬᠤᠪᠢᠷᠠᠯᠲᠠ ᠶᠢ ᠡᠵᠡᠮᠳᠡᠵᠦ᠂ ᠤᠯᠤᠰ ᠤᠨ ᠤᠯᠤᠰ ᠲᠦᠷᠦ ᠶᠢᠨ ᠠᠮᠤᠷ ᠲᠦᠪᠰᠢᠨ ᠢ ᠪᠦᠬᠦ ᠲᠠᠯ᠎ᠠ ᠪᠠᠷ ᠬᠠᠮᠠᠭᠠᠯᠠᠬᠤ ᠬᠡᠷᠡᠭᠲᠡᠢ︔ ᠵᠠᠩᠭᠢᠯᠠᠭ᠎ᠠ ᠶᠢᠨ ᠭᠤᠭᠴᠤᠭ᠎ᠠ ᠶᠢ ᠳᠤᠪᠤᠶᠢᠯᠭᠠᠵᠤ᠂ ᠪᠦᠬᠦ ᠬᠡᠯᠬᠢᠶ᠎ᠡ ᠪᠠᠷ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ︔ ᠬᠠᠤᠯᠢᠵᠢᠯ ᠤᠨ ᠵᠢᠯᠤᠭᠤᠳᠤᠯᠭ᠎ᠠ ᠶᠢ ᠪᠠᠷᠢᠮᠲᠠᠯᠠᠵᠤ᠂ ᠳ᠋ᠦᠩᠱᠧᠩ ᠤᠨ ᠤᠯᠤᠰ ᠲᠦᠷᠦ ᠬᠠᠤᠯᠢ ᠴᠠᠭᠠᠵᠠ ᠶᠢᠨ ᠵᠢᠳᠬᠦᠯ ᠴᠢᠷᠮᠠᠶᠢᠯᠭ᠎ᠠ ᠶᠢ ᠪᠦᠬᠦ ᠲᠠᠯ᠎ᠠ ᠪᠠᠷ ᠢᠯᠡᠷᠡᠭᠦᠯᠬᠦ ᠬᠡᠷᠡᠭᠲᠡᠢ︔ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠪᠦᠬᠦ ᠶᠠᠪᠤᠴᠠ ᠪᠠᠷ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃    ᠬᠤᠷᠠᠯ ᠳᠡᠭᠡᠷ᠎ᠡ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠪᠤᠷᠵᠠᠩᠨᠠᠭᠤᠷ ᠪᠠᠯᠭᠠᠰᠤ᠂ ᠹᠦ᠋ ᠰᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠡᠷ ᠲᠤᠷᠰᠢᠯᠭ᠎ᠠ ᠪᠠᠨ ᠰᠤᠯᠢᠯᠴᠠᠵᠤ ᠶᠠᠷᠢᠶ᠎ᠠ ᠲᠠᠯᠪᠢᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ