ᠬᠠᠨ ᠲᠤᠤ ᠪᠦᠯᠬᠦᠮ ᠳᠠᠭᠠᠭᠤᠯᠤᠨ ᠣᠷᠳᠣᠰ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠳᠤ ᠬᠦᠷᠴᠦ ᠰᠢᠨᠵᠢᠯᠡᠨ ᠦᠵᠡᠵᠤ ᠶᠠᠷᠢᠯᠴᠠᠪᠠ
ᠨᠡᠶᠢᠲᠡᠯᠡᠭᠰᠡᠨ ᠴᠠᠭ᠄
2024/2/29
     ᠤᠶᠢᠷ᠎ᠠ ᠶᠢᠨ ᠡᠳᠦᠷ᠂ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠪᠦᠯᠬᠦᠮ ᠳᠠᠭᠠᠭᠤᠯᠤᠨ ᠣᠷᠳᠣᠰ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ᠂ ᠪᠡᠭᠡᠵᠢᠩ ᠶᠡᠭᠡ ᠰᠤᠷᠭᠠᠭᠤᠯᠢ ᠶᠢᠨ ᠣᠷᠳᠣᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠳᠤ ᠬᠦᠷᠴᠦ ᠰᠢᠨᠵᠢᠯᠡᠨ ᠦᠵᠡᠵᠤ ᠶᠠᠷᠢᠯᠴᠠᠪᠠ᠃    ᠣᠷᠳᠣᠰ ᠤᠨ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ ᠳᠤ᠂ ᠬᠠᠨ ᠲᠤᠤ ᠨᠠᠷ ᠬᠤᠣᠰ ᠨᠡᠭᠦᠷᠡᠰᠦᠲᠥ᠋ᠷᠥᠭᠴᠢ ᠶᠢᠨ ᠡᠨᠧᠷᠭᠢ ᠣᠯᠭᠤᠬᠤ ᠬᠡᠷᠡᠭᠯᠡᠭᠡᠨ ᠤ ᠠᠬᠤᠢ ᠪᠠᠶᠢᠳᠠᠯ ᠢ ᠳᠡᠯᠭᠡᠨ ᠦᠵᠡᠭᠦᠯᠬᠦ ᠲᠥᠪ ᠢ ᠲᠣᠭᠤᠷᠢᠨ ᠦᠵᠡᠵᠦ᠂ ᠰᠤᠳᠤᠯᠭᠠᠨ ᠤ ᠬᠦᠷᠢᠶᠡᠯᠡᠩ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠦᠷ᠎ᠡ ᠪᠦᠲᠦᠭᠡᠯ ᠤᠨ ᠤᠯᠠᠷᠢᠭᠤᠯᠤᠯᠳᠠ᠂ ᠠᠬᠤᠢ ᠲᠠᠯᠠᠪᠠᠢ ᠶᠢᠨ ᠬᠡᠷᠡᠭᠯᠡᠯᠲᠡ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠸᠠᠩ ᠮᠢᠩ ᠫᠸᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠠᠨ ᠲᠤᠤ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠰᠤᠳᠤᠯᠭᠠᠨ ᠤ ᠬᠦᠷᠢᠶᠡᠯᠡᠩ ᠤᠨ ᠭᠤᠣᠯ ᠰᠤᠳᠤᠯᠭᠠᠨ ᠤ ᠴᠢᠭᠯᠡᠯ ᠨᠢ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠬᠤᠶᠠᠷ ᠲᠠᠯ᠎ᠠ ᠪᠠᠷ ᠢᠶᠠᠨ ᠲᠣᠰ ᠤᠳᠠᠭᠠᠨ ᠤ ᠶᠠᠷᠢᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠨᠡᠪᠳᠡᠷᠡᠯᠴᠡᠭᠡ ᠵᠤᠯᠭᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠵᠤᠯᠭᠠᠯᠴᠠᠬᠤ ᠴᠢᠭ ᠢ ᠣᠨᠣᠪᠴᠢᠲᠠᠶ ᠡᠷᠢᠵᠦ᠂ ᠠᠷᠢᠭᠤᠨ ᠴᠡᠪᠡᠷ ᠢᠯᠴᠢ ᠬᠠᠩᠭᠠᠬᠤ ᠥᠭᠡᠷᠡᠴᠢᠯᠡᠯᠲᠡ᠂ ᠨᠡᠭᠦᠷᠡᠰᠦ ᠪᠠᠷ ᠰᠠᠭᠤᠷᠢ ᠪᠣᠯᠭᠠᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠰᠢᠢᠳᠪᠦᠷᠢᠯᠡᠬᠦ᠂ ᠨᠡᠭᠦᠷᠡᠰᠦ ᠶᠢ ᠪᠣᠬᠢᠷᠲᠤᠯ ᠥᠬᠡᠶ ᠨᠡᠭᠡᠭᠡᠨ ᠮᠠᠯᠲᠠᠬᠤ᠂ ᠠᠭᠤᠷᠬᠠᠶ ᠶᠢᠨ ᠠᠮᠢ ᠠᠬᠤᠶ ᠶᠢ ᠵᠠᠰᠠᠬᠤ᠂ ᠲᠤᠤᠷ᠎ᠠ ᠨᠡᠬᠦᠷᠡᠰᠦᠳᠦ᠋ᠷᠦᠭᠴᠢᠳᠤ ᠵᠢᠱᠢᠶ᠎ᠡ ᠦᠵᠡᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠡᠷᠭᠡ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠵᠦ᠂ ᠰᠤᠳᠤᠯᠭᠠᠨ ᠤ ᠬᠦᠷᠢᠶᠡᠯᠡᠩ ᠤᠨ ᠳᠡᠭᠡᠳᠦ ᠲᠠᠰ ᠤᠨ ᠣᠶᠤᠨ ᠤ ᠬᠥᠮᠥᠷᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠳᠤᠮᠳᠠ ᠭᠤᠭᠴᠤᠭᠠᠨ ᠤ ᠲᠤᠷᠰᠢᠯᠲᠠ ᠶᠢᠨ ᠰᠠᠭᠤᠷᠢᠨ ᠭᠠᠵᠠᠷ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠪᠴᠢᠭᠦᠯᠦᠭᠦᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠷᠢᠭᠦᠨ ᠤ ᠮᠡᠷᠭᠡᠵᠢᠯ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠭᠠᠵᠠᠷ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠴᠢᠩᠭ᠎ᠠ ᠬᠦᠴᠦᠲᠡᠶ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠪᠠ ᠲᠤᠯᠭᠠᠭᠤᠷᠢᠯᠠᠯ ᠬᠠᠩᠭᠠᠬᠤ ᠶᠢ ᠬᠦᠰᠡᠵᠦ ᠪᠠᠶᠢᠨ᠎ᠠ ᠭᠡᠵᠡᠶ᠃    ᠪᠡᠭᠡᠵᠢᠩ ᠶᠡᠭᠡ ᠰᠤᠷᠭᠠᠭᠤᠯᠢ ᠶᠢᠨ ᠤᠷᠳᠤᠰ ᠤᠨ ᠡᠨᠧᠷᠭᠢ ᠶᠢᠨ ᠰᠤᠳᠤᠯᠭᠠᠨ ᠤ ᠬᠦᠷᠢᠶᠡᠯᠡᠩ ᠪᠣᠯ ᠲᠤᠰᠬᠠᠢ ᠮᠡᠷᠭᠡᠵᠢᠯ ᠤᠨ ᠳᠡᠭᠡᠳᠦ ᠲᠡᠰ ᠤᠨ ᠤᠶᠤᠨ ᠤ ᠬᠥᠮᠥᠷᠭᠡ᠂ ᠮᠡᠷᠭᠡᠵᠢᠯ ᠤᠨ ᠰᠤᠳᠤᠯᠤᠨ ᠨᠡᠭᠡᠭᠡᠬᠦ ᠲᠥᠪ᠂ ᠦᠷ᠎ᠡ ᠪᠦᠲᠦᠭᠡᠯ ᠢ ᠤᠯᠠᠷᠢᠭᠤᠯᠬᠤ ᠲᠠᠪᠴᠠᠩ᠂ ᠴᠢᠳᠠᠪᠤᠷᠢᠲᠠᠨ ᠢ ᠬᠥᠮᠦᠵᠢᠭᠦᠯᠬᠦ ᠰᠠᠭᠤᠷᠢᠨ ᠭᠠᠵᠡᠷ᠂ ᠰᠢᠨ᠎ᠡ ᠶᠢ ᠡᠭᠦᠳᠴᠦ ᠦᠢᠯᠡᠰ ᠪᠤᠰᠬᠠᠬᠤ ᠣᠷᠣᠨ ᠵᠠᠢ ᠪᠣᠯᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠨᠡᠪᠴᠢᠭᠦᠯᠦᠭᠦᠷ ᠵᠡᠷᠬᠡ ᠶᠢ ᠨᠢᠭᠡ ᠴᠤᠬᠴᠠᠵᠢᠭᠤᠯᠤᠬᠰᠠᠨ ︽ᠬᠤᠣᠰ ᠨᠡᠭᠦᠷᠡᠰᠦᠲᠥ᠋ᠷᠥᠭᠴᠢ︾ ᠶᠢᠨ ᠤᠨᠴᠠᠯᠢᠬᠳᠤ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠪᠣᠯᠤᠨ᠎ᠠ᠃ ᠰᠤᠳᠤᠯᠭᠠᠨ ᠤ ᠬᠦᠷᠢᠶᠡᠯᠡᠩ ᠤᠨ ᠪᠦᠳᠦᠭᠡᠨ ᠪᠠᠶᠢᠭᠤᠯᠤᠯᠲᠠ ᠶᠢᠨ ᠪᠠᠶᠢᠷᠢ ᠲᠣᠭᠲᠠᠭᠠᠯᠲᠠ᠂ ᠪᠦᠯᠬᠦᠮ ᠨᠡᠶᠢᠲᠡ ᠶᠢᠨ ᠪᠦᠷᠢᠯᠳᠦᠬᠦᠨ᠂ ᠰᠤᠳᠤᠯᠭᠠᠨ ᠤ ᠴᠢᠭᠯᠡᠯ᠂ ᠵᠠᠩᠭᠢᠯᠠᠭ᠎ᠠ ᠶᠢᠨ ᠮᠡᠷᠭᠡᠵᠢᠯ ᠵᠡᠷᠭᠡ ᠬᠤᠯᠪᠣᠭᠳᠠᠯ ᠪᠦᠬᠦᠢ ᠪᠠᠶᠢᠳᠠᠯ ᠢ ᠭᠦᠨᠵᠡᠭᠡᠢ ᠣᠶᠢᠯᠠᠭᠠᠭᠰᠠᠨ ᠤ ᠲᠠᠷᠠᠭ᠎ᠠ᠂ ᠬᠠᠨ ᠲᠤᠤ᠂ ᠳ᠋ᠦᠩᠱᠧᠩ ᠲᠣᠭᠤᠷᠢᠭ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠯᠤᠭ᠎ᠠ ᠨᠢᠭᠡ ᠴᠤᠬᠴᠠᠵᠢᠭᠤᠯᠤᠨ ᠬᠠᠮᠵᠢᠯᠴᠠᠨ ᠠᠬᠢᠭᠤᠯᠬᠤ᠂ ᠠᠭᠤᠰᠤᠯᠴᠠᠨ ᠬᠥᠭᠵᠢᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ︽ᠰᠠᠯᠬᠢ ᠬᠡᠷᠡᠯ ᠲᠡᠷᠬᠡ ᠲᠡᠯᠬᠡᠴᠡ ᠮᠠᠲ᠋ᠧᠷᠢᠶᠠᠯ ᠤᠶᠤᠨ︾ ᠵᠡᠷᠭᠡ ᠤᠨᠴᠠᠯᠢᠬᠳᠤ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠰᠤᠳᠤᠯᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠲᠤ ᠰᠢᠨᠵᠢᠯᠡᠨ ᠦᠵᠡᠵᠤ ᠪᠠᠶᠢᠴᠠᠭᠠᠨ ᠰᠤᠳᠤᠯᠤᠯᠲᠠ ᠬᠢᠵᠦ᠂ ᠡᠨᠧᠷᠭᠢ᠂ ᠠᠵᠤ ᠦᠢᠯᠡᠰ ᠪᠣᠯᠤᠨ ᠵᠠᠬ᠎ᠠ ᠳᠡᠯᠭᠡᠭᠦᠷ ᠵᠡᠷᠭᠡ ᠳᠠᠪᠠᠭᠤᠯᠢᠭ ᠲᠤ ᠭᠦᠢᠴᠡᠳ ᠲᠦᠰᠢᠭᠯᠡᠵᠦ᠂ ᠤᠶᠤᠨᠲᠤ ᠡᠨᠧᠷᠭᠢ᠂ ᠴᠡᠪᠡᠷ ᠡᠨᠧᠷᠭᠢ ᠶᠢᠨ ᠬᠠᠮᠢᠶᠠᠷᠤᠯᠲᠠ ᠶᠢᠨ ᠵᠠᠭᠪᠤᠷ ᠪᠣᠯᠤᠨ ᠮᠡᠷᠭᠡᠵᠢᠯ ᠤᠨ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠬᠠᠮᠲᠤ ᠪᠠᠷ ᠠᠬᠢᠭᠤᠯᠵᠤ᠂ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠵᠦ ᠢᠯᠡᠳᠬᠡᠪᠡ᠃    ᠤᠷᠳᠤᠰ ᠤᠨ ᠨᠡᠬᠦᠷᠡᠰᠦᠳᠦ᠋ᠷᠦᠭᠴᠢ ᠶᠢ ᠰᠠᠭᠠᠷᠮᠠᠬᠵᠢᠭᠤᠯᠬᠤ ᠰᠤᠳᠤᠯᠭᠠᠨ ᠤ ᠬᠦᠷᠢᠶᠠᠯᠠᠩ᠂ ᠪᠡᠭᠡᠵᠢᠩ ᠶᠡᠭᠡ ᠰᠤᠷᠭᠠᠭᠤᠯᠢ ᠶᠢᠨ ᠤᠷᠳᠤᠰ ᠤᠨ ᠡᠨᠧᠷᠬᠢ ᠶᠢᠨ ᠰᠤᠳᠤᠯᠭᠠᠨ ᠤ ᠬᠦᠷᠢᠶᠡᠯᠡᠩ ᠤᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠨᠠᠷ ᠢᠯᠡᠷᠭᠡᠶᠢᠯᠡᠭᠰᠡᠨ ᠨᠢ᠂ ᠲᠡᠭᠡᠳᠤ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠪᠠ ᠳ᠋ᠦᠡᠭᠱᠧᠩ ᠲᠤᠭᠤᠷᠢᠭ ᠤᠨ ᠠᠵᠤ ᠦᠢᠯᠡᠰ ᠤᠨ ᠬᠦᠭᠵᠢᠯᠳᠠ ᠶᠢᠨ ᠭᠡᠷᠡᠭᠴᠡᠭᠡ ᠳᠤ ᠢᠳᠡᠪᠬᠢᠳᠠᠢ ᠵᠤᠯᠭᠠᠯᠴᠠᠭᠤᠯᠵᠤ᠂ ᠤᠯᠠᠨ ᠬᠦᠷᠢᠶᠠᠨ ᠤ ᠬᠠᠮᠳᠤᠷᠠᠯᠴᠠᠭ᠎ᠠ ᠶᠢ ᠡᠷᠢᠯᠬᠢᠯᠡᠨ᠂ ᠨᠡᠩ ᠤᠯᠠᠨ ᠴᠢᠨᠠᠷ ᠰᠠᠶᠢᠳᠠᠢ ᠬᠠᠮᠳᠤᠷᠠᠯᠴᠠᠭᠠᠨ ᠤ ᠦᠷ᠎ᠠ ᠪᠦᠳᠦᠭᠡᠯ ᠢᠶᠠᠷ ᠤᠷᠤᠨ ᠨᠤᠳᠤᠭ ᠤᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠵᠤ᠂ ᠬᠠᠮᠳᠤ ᠪᠠᠷ ᠠᠰᠢᠬ ᠬᠦᠷᠳᠡᠬᠦ ᠬᠦᠭᠵᠢᠯᠳᠠ ᠶᠢ ᠠᠬᠢᠭᠤᠯᠤᠨ᠎ᠠ ᠭᠡᠪᠡ᠃    ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ ᠲᠤᠪᠴᠢᠶᠠᠨ ᠳᠠᠷᠤᠭ᠎ᠠ ᠱᠠᠩ ᠰᠢᠤ ᠵᠧᠨ᠂ ᠲᠣᠭᠤᠷᠢᠭ ᠤᠨ ᠤᠳᠤᠷᠢᠳᠤᠯᠭ᠎ᠠ ᠸᠠᠩ ᡁᠢ ᠵᠢᠴᠢ ᠲᠣᠭᠤᠷᠢᠭ ᠤᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠣᠷᠣᠯᠴᠠᠵᠠᠶ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ