2024 ᠣᠨ ᠤ ᠵᠡᠭᠡᠯᠢ ᠭᠤᠳᠤᠮᠵᠢ ᠶᠢᠨ ᠰᠢᠨ᠎ᠡ ᠵᠢᠯ ᠤᠨ ᠰᠢᠯᠦᠭ ᠤᠨ ᠴᠤᠭᠯᠠᠭᠠᠨ ᠢ ᠯᠢ ᠶᠢᠨ ᠸᠧᠢ ᠨᠡᠶᠢᠭᠡᠮ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2024/2/3
     2 ᠰᠠᠷ᠎ᠠ ᠶᠢᠨ 2 ᠤᠨ ᠡᠳᠦᠷ᠂ 2024 ᠣᠨ ᠤ ᠵᠡᠭᠡᠯᠢ ᠭᠤᠳᠤᠮᠵᠢ ᠶᠢᠨ ᠰᠢᠨ᠎ᠡ ᠵᠢᠯ ᠤᠨ ᠰᠢᠯᠦᠭ ᠤᠨ ᠴᠤᠭᠯᠠᠭᠠᠨ ᠢ ᠯᠢ ᠶᠢᠨ ᠸᠧᠢ ᠨᠡᠶᠢᠭᠡᠮ ᠲᠣᠭᠤᠷᠢᠭ ᠲᠤ ᠶᠠᠪᠤᠭᠳᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠰᠢᠯᠦᠭ ᠳᠠᠭᠤᠯᠠᠯ ᠳᠤ ᠪᠠᠭ᠋ᠠᠲᠠᠢ ᠬᠥᠮᠥᠰ ᠳᠡᠪᠢᠭᠦᠷ ᠵᠣᠬᠢᠶᠠᠬᠤ᠂ ᠰᠢᠯᠦᠭ ᠤᠶᠠᠩᠭᠠᠯᠠᠬᠤ᠂ ᠤᠳᠤ ᠦᠶ᠎ᠡ ᠶᠢᠨ ᠰᠢᠯᠦᠭ ᠳᠠᠭᠤᠯᠠᠬᠤ᠂ ᠬᠤᠸᠠᠷ ᠴᠡᠴᠡᠭ ᠢᠶᠠᠷ ᠪᠢᠴᠢᠬᠠᠨ ᠨᠠᠭᠠᠳᠤᠮ ᠲᠣᠭᠯᠠᠬᠤ ᠵᠡᠷᠭᠡ ᠬᠡᠯᠪᠡᠷᠢ ᠪᠠᠷ ᠠᠭᠤᠤ ᠶᠡᠭᠡ ᠡᠬᠡ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠬᠦ ᠪᠠᠷ ᠪᠠᠷᠠᠬᠤ ᠦᠭᠡᠢ᠂ ᠪᠠᠶᠠᠷ ᠪᠠᠶᠠᠰᠬᠤᠯᠠᠩ ᠲᠠᠢ ᠪᠠᠶᠠᠷ ᠤᠨ ᠡᠳᠦᠷ ᠤᠨ ᠠᠭᠤᠷ ᠠᠮᠢᠰᠬᠤᠯ ᠢ ᠢᠯᠡᠷᠡᠬᠦᠯᠦᠭᠰᠡᠨ ᠪᠠᠶᠢᠨ᠎ᠠ᠃
3.4.jpg
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ