ᠳ᠋ᠦᠩᠱᠧᠩ ᠲᠣᠭᠤᠷᠢᠭ ᠤᠨ 2024 ᠣᠨ ᠤ ᠴᠠᠭᠠᠨ ᠰᠠᠷ᠎ᠠ ᠶᠢᠨ ᠦᠳᠡᠰᠢᠯᠡᠭᠡ ᠠᠮᠵᠢᠯᠳᠠ ᠲᠠᠢ ᠪᠠᠷ ᠦᠨᠳᠦᠷᠯᠡᠪᠠ
ᠨᠡᠶᠢᠲᠡᠯᠡᠭᠰᠡᠨ ᠴᠠᠭ᠄
2024/2/6
       ᠯᠣᠣ ᠮᠣᠷᠢᠨ ᠤ ᠵᠣᠷᠢᠭ ᠰᠠᠨᠠᠭ᠎ᠠ ᠶᠢ ᠪᠡᠯᠭᠡᠯᠡᠵᠦ᠂ ᠴᠠᠭᠠᠨ ᠰᠠᠷ᠎ᠠ ᠢ ᠤᠭᠳᠤᠨ ᠰᠢᠨ᠎ᠡ ᠠᠶᠠᠨ ᠳᠤ ᠮᠣᠷᠳᠠᠬᠤ ᠪᠠᠷ ᠭᠤᠣᠯ ᠰᠡᠳᠦᠪ ᠪᠣᠯᠭᠠᠭᠰᠠᠨ 2024 ᠣᠨ ᠤ ᠳ᠋ᠦᠩᠱᠧᠩ ᠲᠣᠭᠤᠷᠢᠭ ᠤᠨ ᠴᠠᠭᠠᠨ ᠰᠠᠷ᠎ᠠ ᠶᠢᠨ ᠦᠳᠡᠰᠢᠯᠡᠭᠡ ᠣᠷᠳᠣᠰ ᠤᠨ ᠺᠢᠨᠣ᠋ ᠵᠦᠴᠦᠭᠡ ᠶᠢᠨ ᠲᠢᠶᠠᠲᠷ ᠲᠤ ᠭᠤᠶᠢᠳᠠ ᠰᠠᠶᠢᠬᠠᠨ ᠡᠬᠢᠯᠡᠪᠠ᠃ ᠲᠣᠰ ᠬᠤᠭᠤᠴᠠᠭᠠᠨ ᠤ ᠴᠠᠭᠠᠨ ᠰᠠᠷ᠎ᠠ ᠶᠢᠨ ᠦᠳᠡᠰᠢᠯᠡᠭᠡ ᠨᠢ ᠪᠥᠬᠦ ᠲᠤᠭᠤᠷᠢᠭ ᠤᠨ ᠠᠷᠠᠳ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠢᠶᠠᠷ ᠪᠠᠷᠠᠬᠤ ᠦᠭᠡᠢ ᠪᠠᠰᠠ ᠳ᠋ᠦᠩᠱᠧᠩ ᠲᠣᠭᠤᠷᠢᠭ ᠤᠨ ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠳᠤ ᠰᠢᠨ᠎ᠡ ᠠᠮᠢᠵᠢᠷᠠᠯ ᠤᠨ ᠬᠦᠴᠦᠨ ᠢ ᠨᠡᠮᠡᠷᠢᠯᠡᠭᠰᠡᠨ ᠪᠠᠶᠢᠨ᠎ᠠ᠃ ᠵᠠᠯᠭᠠᠭᠠᠳ ᠳ᠋ᠦᠩᠱᠧᠩ ᠲᠣᠭᠤᠷᠢᠭ ᠤᠨ ᠬᠢᠨ ᠦᠨᠳᠦᠰᠦᠨ ᠱᠠᠲᠤᠨ ᠤ ᠰᠣᠶᠣᠯ ᠤᠨ ᠠᠮᠢᠳᠤᠷᠠᠯ ᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ᠦᠨᠳᠦᠰᠦᠨ ᠱᠠᠲᠤᠨ ᠤ ᠤᠯᠠᠨ ᠲᠦᠮᠡᠨ ᠤ ᠤᠶᠤᠨ ᠤ ᠰᠣᠶᠣᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠪᠦᠬᠦ ᠲᠤᠭᠤᠷᠢᠭ ᠤᠨ ᠰᠣᠶᠣᠯ ᠤᠨ ᠦᠢᠯᠡᠰ ᠤᠨ ᠴᠡᠴᠡᠭᠯᠡᠨ ᠬᠥᠭᠵᠢᠬᠦ ᠶᠢ ᠴᠢᠷᠮᠠᠶᠢᠨ ᠠᠬᠢᠭᠤᠯᠬᠤ ᠪᠣᠯᠣᠨ᠎ᠠ᠃
 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ