ᠬᠠᠨ ᠲᠤᠤ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2024/3/12
      3 ᠰᠠᠷ᠎ᠠ ᠶᠢᠨ 11 ᠤ ᠡᠳᠦᠷ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠳ᠋ᠦᠩᠱᠧᠩ ᠲᠣᠭᠤᠷᠢᠭ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠲᠥᠪ ᠲᠤ ᠬᠦᠷᠴᠦ ᠰᠤᠷᠪᠤᠯᠵᠢᠯᠠᠬᠤ ᠪᠠᠷ ᠢᠷᠡᠭᠰᠡᠨ ᠤᠯᠠᠨ ᠲᠦᠮᠡᠨ ᠢ ᠬᠦᠯᠢᠶᠡᠨ ᠠᠪᠴᠤ᠂ ᠠᠰᠠᠭᠤᠳᠠᠯ ᠤᠨ ᠵᠠᠩᠬᠢᠷᠠᠭ᠎ᠠ ᠶᠢ ᠭᠦᠨᠵᠡᠭᠡᠢ ᠵᠠᠳᠠᠯᠤᠨ᠂ ᠰᠢᠢᠳᠪᠤᠷᠢᠯᠡᠬᠦ ᠠᠷᠭ᠎ᠠ ᠶᠢ ᠰᠤᠳᠤᠯᠪᠠ᠃       ᠰᠣᠷᠪᠤᠯᠵᠢᠯᠠᠭ᠎ᠠ ᠶᠢ ᠬᠦᠯᠢᠶᠡᠨ ᠠᠪᠬᠤ ᠳᠤᠮᠳᠠ᠂ ᠬᠠᠨ ᠲᠤᠤ ᠣᠯᠠᠨ ᠲᠦᠮᠡᠨ ᠤ ᠲᠤᠰᠬᠠᠭᠰᠠᠨ ᠪᠠᠶᠢᠳᠠᠯ ᠪᠣᠯᠣᠨ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠤ ᠲᠤᠰᠬᠠᠭᠰᠠᠨ ᠭᠡᠷ ᠪᠠᠶᠢᠰᠢᠩ ᠭᠠᠵᠠᠷ ᠬᠥᠷᠥᠩᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠲᠤᠰᠢᠶᠠᠨ ᠥᠭᠬᠦ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠢ᠂ ᠤᠴᠢᠷ ᠰᠢᠯᠲᠠᠭᠠᠨ ᠢ ᠨᠢ ᠨᠠᠷᠢᠨ ᠣᠶᠢᠯᠠᠭᠠᠵᠤ᠂ ᠭᠡᠷ ᠬᠥᠷᠥᠩᠭᠡ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠰᠠᠭᠤᠷᠢ ᠲᠦᠬᠦᠬᠡᠷᠦᠮᠵᠢ ᠶᠢ ᠢᠵᠢ ᠪᠦᠷᠢᠳᠦᠭᠦᠯᠬᠦ ᠪᠠ ᠭᠠᠷᠳᠠᠮ ᠢ ᠭᠦᠢᠴᠡᠳᠬᠡᠭᠰᠡᠨ ᠠᠬᠢᠴᠠ ᠵᠡᠷᠭᠡ ᠪᠠᠶᠢᠳᠠᠯ ᠢ ᠨᠠᠷᠢᠨ ᠨᠢᠮᠪᠠᠢ ᠠᠰᠠᠭᠤᠨ ᠯᠠᠪᠯᠠᠵᠤ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠢ ᠪᠥᠬᠦ ᠲᠠᠯ᠎ᠠ ᠪᠠᠷ ᠡᠮᠬᠢᠯᠡᠨ ᠵᠠᠳᠠᠯᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠰᠢᠰᠲ᠋ᠧᠮ ᠲᠠᠢ ᠰᠤᠳᠤᠯᠬᠤ ᠶᠢᠨ ᠬᠠᠮᠲᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠲᠠᠢ ᠬᠠᠮᠲᠤ  ᠪᠠᠷ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠪᠠ᠃ ᠲᠡᠷᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ  ᠳᠤᠤᠱᠯᠠᠭᠤᠯᠤᠨ᠂ ᠤᠬᠠᠮᠰᠠᠷ ᠠᠴᠠ ᠪᠠᠨ ᠤᠯᠠᠨ ᠲᠦᠮᠡᠨ ᠤ ᠬᠠᠷᠠᠭᠠᠰᠤ ᠠᠴᠠ ᠠᠰᠠᠭᠤᠳᠠᠯ ᠢ ᠪᠣᠳᠣᠯᠬᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠳᠤ ᠢᠳᠡᠪᠬᠢᠲᠡᠢ ᠰᠠᠨᠠᠭᠠᠴᠢᠯᠠᠭ᠎ᠠ ᠲᠠᠢ ᠪᠠᠷ ᠬᠠᠷᠢᠭᠤᠯᠲᠠ ᠥᠭᠴᠦ᠂ ᠤᠯᠠᠨ ᠲᠦᠮᠡᠨ ᠤ ᠵᠦᠢ ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ ᠤᠯᠠᠨ ᠲᠦᠮᠡᠨ ᠤ ᠠᠵᠢᠯ ᠤᠨ ᠠᠷᠭ᠎ᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠵᠥᠷᠢᠴᠡᠯ ᠵᠢᠭᠤᠷᠠᠯᠳᠤᠭᠠᠨ ᠢ ᠤᠯᠠᠨ ᠡᠰᠢᠵᠢᠬᠦᠯᠦᠨ ᠰᠢᠢᠳᠪᠤᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠪᠠᠨ ᠵᠣᠬᠢᠴᠠᠭᠤᠯᠬᠤ᠂ ᠡᠷᠬᠡ ᠠᠰᠢᠭ ᠢᠶᠠᠨ ᠪᠠᠲᠤᠯᠠᠬᠤ ᠠᠷᠭ᠎ᠠ ᠵᠠᠮ ᠢ ᠰᠢᠯᠤᠭᠤᠳᠬᠠᠨ᠂ ᠬᠠᠷᠢᠭᠤᠴᠠᠯᠭ᠎ᠠ ᠪᠠ ᠬᠠᠶᠢᠷ᠎ᠠ ᠰᠡᠳᠬᠢᠯᠭᠡ ᠶᠢ ᠡᠪᠦᠷᠯᠡᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢ ᠲᠠᠶᠢᠯᠪᠤᠷᠢᠯᠠᠬᠤ᠂ ᠬᠠᠤᠯᠢ ᠴᠠᠭᠠᠵᠠ ᠶᠢᠨ ᠦᠢᠯᠡᠴᠢᠯᠡᠭᠡ ᠬᠠᠩᠭᠠᠬᠤ ᠪᠠ ᠦᠵᠡᠯ ᠰᠠᠨᠠᠭ᠎ᠠ ᠶᠢ ᠬᠥᠲᠥᠯᠥᠨ ᠵᠢᠯᠤᠭᠤᠳᠬᠤ ᠵᠡᠷᠭᠡ ᠠᠵᠢᠯ ᠢ ᠬᠦᠯᠢᠴᠡᠩᠭᠦᠢ ᠨᠢᠮᠪᠠᠢ ᠰᠠᠶᠢᠲᠤᠷ ᠬᠢᠵᠦ᠂ ᠵᠥᠷᠢᠴᠡᠯ ᠵᠢᠭᠤᠷᠠᠯᠳᠤᠭᠠᠨ ᠢ ᠡᠬᠢ ᠡᠭᠦᠰᠦᠯ ᠠᠴᠠ ᠨᠢ᠂ ᠦᠨᠳᠦᠰᠦᠨ ᠱᠠᠲᠤᠨ ᠳᠤ ᠰᠢᠢᠳᠪᠦᠷᠢᠯᠡᠬᠦ ᠬᠡᠷᠡᠭᠲᠡᠢ᠃ ︽ᠭᠤᠷᠪᠠ ᠶᠢ ᠪᠣᠳᠠᠲᠠᠶᠢᠵᠢᠭᠤᠯᠵᠤ ᠨᠢᠭᠡ ᠶᠢ ᠰᠢᠢᠳᠪᠦᠷᠢᠯᠡᠬᠦ︾ ᠬᠠᠮᠢᠶ᠎ᠠ ᠪᠦᠬᠦᠢ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠡᠯ᠎ᠡ ᠵᠦᠢᠯ ᠤᠨ ᠵᠠᠬᠢᠳᠠᠯ ᠰᠣᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠣᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠭᠤᠮᠣᠳᠠᠯ ᠱᠠᠭᠠᠷᠳᠠᠯᠭ᠎ᠠ ᠪᠠᠨ ᠵᠦᠢ ᠵᠣᠬᠢᠰᠲᠠᠢ ᠬᠠᠤᠯᠢ ᠶᠣᠰᠣᠭᠠᠷ ᠢᠯᠡᠳᠬᠡᠨ᠂ ᠵᠣᠬᠢᠴᠠᠭᠤᠯᠤᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠮᠥᠷᠳᠡᠨ ᠰᠢᠪᠠᠳᠠᠨ ᠰᠢᠢᠳᠪᠦᠷᠢᠯᠡᠭᠦᠯᠬᠦ ᠶᠢ ᠦᠷᠭᠦᠯᠵᠢᠯᠡᠨ ᠴᠢᠩᠭᠠᠳᠬᠠᠨ᠂ ᠣᠯᠠᠨ ᠲᠦᠮᠡᠨ ᠤ ᠪᠠᠴᠢᠮ ᠪᠡᠷᠬᠡ ᠵᠣᠪᠠᠨᠢᠯ ᠬᠦᠰᠡᠯ ᠢ ᠪᠥᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠪᠠ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠦᠨᠡᠨ ᠬᠦ ᠬᠠᠮᠠᠭᠠᠯᠠᠬᠤ ᠬᠡᠷᠡᠭᠲᠡᠢ ᠬᠡᠵᠡᠢ᠃       ᠲᠣᠭᠤᠷᠢᠭ ᠤᠨ ᠤᠳᠤᠷᠢᠳᠤᠯᠭ᠎ᠠ ᠸᠠᠩ ᡁᠢ ᠣᠷᠣᠯᠴᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ