ᠬᠠᠨ ᠲᠤᠸ ᠭᠤᠣᠯ ᠢ ᠲᠣᠭᠤᠷᠢᠨ ᠠᠮᠢ ᠠᠬᠤᠢ ᠣᠷᠴᠢᠨ ᠳᠤᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠭᠰᠠᠨ ᠪᠥᠭᠡᠳ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠲᠤ ᠬᠦᠷᠴᠦ ᠠᠯᠪᠠᠯᠠᠪᠠ
ᠨᠡᠶᠢᠲᠡᠯᠡᠭᠰᠡᠨ ᠴᠠᠭ᠄
2024/3/13
      ᠦᠢᠷ᠎ᠠ ᠳᠤ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠵᠢᠯᠤᠭᠤᠴᠢᠨ ᠬᠦᠨᠳᠡᠢ ᠳᠤ ᠬᠦᠷᠴᠦ ᠭᠤᠤᠯ ᠢ ᠳᠤᠭᠤᠷᠢᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠪᠠᠶᠢᠴᠠᠭᠠᠭᠰᠠᠨ ᠪᠥᠭᠡᠳ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠲᠤ ᠬᠦᠷᠴᠦ ᠲᠤᠬᠠᠢ ᠶᠢᠨ ᠲᠠᠯᠠᠪᠠᠢ ᠳᠤ ᠠᠯᠪᠠᠯᠠᠪᠠ᠃      ᠵᠢᠯᠤᠭᠤᠴᠢᠨ ᠨᠤᠭᠤ ᠭᠠᠵᠠᠷ ᠤᠨ ᠴᠡᠴᠡᠷᠯᠢᠭ ᠪᠣᠯᠣᠨ ᠳᠣᠣᠷᠠᠳᠤ ᠤᠷᠤᠰᠬᠠᠯ ᠤᠨ ᠭᠤᠣᠯ ᠤᠨ ᠵᠠᠮ ᠵᠡᠷᠭᠡ ᠭᠠᠵᠠᠷ ᠲᠤ᠂ ᠬᠠᠨ ᠲᠤᠤ ᠤᠰᠤᠨ ᠤ ᠪᠠᠶᠢᠳᠠᠯ᠂ ᠤᠰᠤᠨ ᠤ ᠴᠢᠨᠠᠷ᠂ ᠭᠤᠣᠯ ᠤᠨ ᠵᠠᠮ ᠤᠨ ᠬᠠᠮᠢᠶᠠᠷᠤᠯᠲᠠ ᠬᠠᠮᠠᠭᠠᠯᠠᠯᠲᠠ᠂ ᠣᠷᠴᠢᠨ ᠲᠣᠭᠤᠷᠢᠨ ᠤ ᠵᠠᠰᠠᠯᠲᠠ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠭᠤᠣᠯ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠤᠨ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠪᠠ᠃ ᠲᠡᠷᠡ᠂ ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠤᠰᠤᠨ ᠤ ᠠᠮᠤᠷ ᠲᠦᠪᠰᠢᠨ ᠢ ᠪᠠᠲᠤᠯᠠᠬᠤ ᠪᠣᠯ ᠴᠢᠬᠤᠯᠠ ᠨᠢᠬᠡᠨ ᠠᠮᠢ ᠠᠬᠤᠢ ᠶᠢᠨ ᠢᠨᠵᠧᠨᠧᠷᠢᠩ᠂ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠡᠯ᠎ᠡ ᠱᠠᠲᠤᠨ ᠤ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠬᠦᠢᠴᠡᠳᠬᠡᠨ᠂ ᠪᠠᠶᠢᠩᠭᠤ ᠶᠢᠨ ᠴᠢᠨᠠᠷᠲᠠᠢ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠭᠤᠣᠯ ᠤᠨ ᠵᠠᠮ ᠤᠨ ︽ᠳᠥᠷᠪᠡᠨ ᠡᠷᠦᠢ ᠬᠤᠷᠤᠢ ᠶᠢ ᠠᠷᠢᠯᠭᠠᠬᠤ︾᠂ ᠭᠤᠣᠯ ᠮᠥᠷᠡᠨ ᠤ ᠤᠰᠤᠨ ᠣᠷᠣᠨ ᠢ ᠬᠢᠨᠠᠨ ᠡᠵᠡᠮᠳᠡᠬᠦ ᠵᠡᠷᠭᠡ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠭᠤᠣᠯ ᠤᠨ ᠵᠠᠮ ᠤᠨ ᠬᠠᠮᠢᠶᠠᠷᠴᠤ ᠬᠠᠮᠠᠭᠠᠯᠠᠬᠤ ᠬᠢᠷᠢ ᠲᠦᠪᠰᠢᠨ ᠪᠠ ᠭᠤᠣᠯ ᠤᠨ ᠵᠠᠮ ᠤᠨ ᠣᠷᠴᠢᠨ ᠲᠣᠭᠤᠷᠢᠨ ᠢ ᠵᠠᠰᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠭᠤᠣᠯ ᠤᠨ ᠵᠠᠮ ᠤᠨ ᠡᠷᠬᠢᠨ ᠲᠣᠭᠤᠷᠢᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠨ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠠᠶᠢᠴᠠᠭᠠᠯᠲᠠ ᠶᠢᠨ ᠡᠷᠴᠢᠮ ᠢ ᠴᠢᠩᠭᠠᠷᠠᠭᠤᠯᠵᠤ᠂ ᠪᠣᠬᠢᠷᠲᠤᠯ ᠤᠨ ᠠᠵᠢᠯᠯᠠᠭ᠎ᠠ ᠡᠭᠦᠰᠬᠦ ᠶᠢ ᠦᠨᠡᠨᠬᠦ ᠡᠬᠢ ᠡᠭᠦᠰᠦᠯ ᠠᠴᠠ ᠨᠢ ᠬᠤᠷᠢᠭᠯᠠᠬᠤ ᠬᠡᠷᠡᠭᠲᠡᠢ᠃ ᠡᠯ᠎ᠡ ᠵᠦᠢᠯ ᠤᠨ ᠤᠰᠤᠨ ᠤ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠰᠠᠭᠤᠳᠠᠯ ᠢ ᠡᠷᠢᠨ ᠢᠯᠡᠷᠡᠭᠦᠯᠬᠦ᠂ ᠠᠰᠠᠭᠤᠳᠠᠯ ᠢ ᠬᠠᠷᠢᠭᠤ ᠲᠤᠰᠬᠠᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠢᠳᠡᠬᠦᠮᠵᠢᠯᠡᠭᠰᠡᠨ ᠬᠠᠮᠢᠶᠠᠷᠤᠯᠲᠠ ᠶᠢᠨ ᠠᠵᠢᠯ ᠤᠨ ᠳᠦᠷᠢᠮ ᠢ ᠪᠦᠷᠢᠯᠳᠦᠭᠦᠯᠬᠦ ᠶᠢ ᠠᠬᠢᠭᠤᠯᠵᠤ᠂ ᠭᠤᠣᠯ ᠤᠨ ᠵᠠᠮ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠴᠢᠩᠭᠠᠳᠬᠠᠨ᠂ ᠤᠰᠤᠨ ᠤ ᠣᠷᠴᠢᠨ ᠲᠣᠭᠤᠷᠢᠨ ᠤ ᠶᠠᠰᠤ ᠴᠢᠨᠠᠷ ᠢ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠢ᠃ ᠤᠯᠠᠨ ᠠᠷᠭ᠎ᠠ ᠵᠠᠮ ᠢᠶᠠᠷ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠤᠬᠠᠭᠤᠯᠤᠨ ᠬᠥᠲᠥᠯᠥᠨ ᠵᠢᠯᠤᠭᠤᠳᠬᠤ ᠶᠢ ᠴᠢᠩᠭᠠᠳᠬᠠᠵᠤ᠂ ᠤᠯᠠᠨ ᠲᠦᠮᠡᠨ ᠤ ᠤᠰᠤᠨ ᠤ ᠡᠬᠢ ᠪᠠᠶᠠᠯᠢᠭ ᠢ ᠠᠷᠪᠢᠯᠠᠬᠤ᠂ ᠤᠰᠤᠨ ᠤ ᠠᠮᠢ ᠠᠬᠤᠢ ᠶᠢ ᠬᠠᠮᠠᠭᠠᠯᠠᠵᠤ ᠰᠡᠷᠭᠦᠭᠡᠬᠦ᠂ ᠤᠰᠤᠨ ᠤ ᠣᠷᠴᠢᠨ ᠲᠣᠭᠤᠷᠢᠨ ᠢ ᠵᠠᠰᠠᠬᠤ ᠤᠬᠠᠮᠰᠠᠷ ᠢ ᠳᠡᠭᠡᠭᠰᠢᠯᠡᠭᠦᠯᠵᠦ᠂ ᠬᠠᠷᠢᠶ᠎ᠠ ᠣᠷᠣᠨ ᠰᠠᠪᠠ ᠭᠠᠵᠠᠷ ᠤᠨ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠳᠤ ᠬᠦᠴᠦᠨ ᠨᠡᠮᠡᠷᠢᠯᠡᠵᠦ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠬᠡᠵᠡᠢ᠃       ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠪᠠ ᠳᠠᠬᠢᠯᠲᠠ ᠤᠰᠤ ᠶᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ᠂ ᠬᠠᠨ ᠲᠤᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠪᠡᠯᠡ ᠮᠥᠩᠭᠦ ᠶᠢᠨ ᠪᠠᠲᠤᠯᠠᠭ᠎ᠠ ᠪᠣᠯᠣᠨ ᠠᠶᠤᠯᠭᠦᠢ ᠦᠢᠯᠡᠳᠪᠦᠷᠢᠯᠡᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠪᠠᠶᠢᠭᠤᠯᠤᠯᠭ᠎ᠠ ᠨᠢᠭᠡᠴᠡ ᠶᠢᠨ ᠬᠢᠨ ᠪᠠᠷᠢᠯᠭ᠎ᠠ ᠶᠢᠨ ᠠᠬᠢᠴᠠ ᠶᠢ ᠴᠢᠩᠭ᠎ᠠ ᠠᠩᠬᠠᠷᠴᠤ᠂ ᠪᠠᠷᠢᠯᠭ᠎ᠠ ᠶᠢᠨ ᠬᠤᠭᠤᠴᠠᠭ᠎ᠠ ᠶᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠲᠣᠬᠢᠷᠠᠭᠤᠯᠵᠤ᠂ ᠪᠠᠷᠢᠯᠭ᠎ᠠ ᠶᠢᠨ ᠠᠵᠢᠯ ᠢ ᠥᠨᠳᠥᠷ ᠪᠦᠲᠦᠮᠵᠢᠲᠡᠢ ᠡᠮᠬᠢ ᠵᠢᠷᠤᠮ ᠲᠠᠢ ᠵᠣᠬᠢᠶᠠᠨ ᠪᠠᠶᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠬᠡᠵᠡᠢ᠃ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠶᠢ ᠴᠢᠩᠭᠠᠳᠬᠠᠵᠤ᠂ ᠲᠤᠬᠠᠢ ᠶᠢᠨ ᠲᠠᠯᠠᠪᠤᠷ ᠤᠨ ᠬᠠᠮᠢᠶᠠᠷᠤᠯᠲᠠ ᠶᠢ ᠴᠢᠩᠭᠠᠳᠬᠠᠨ᠂ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠲᠦᠷᠦᠯ ᠵᠦᠢᠯ ᠤᠨ ᠢᠨᠵᠧᠨᠧᠷᠢᠩ ᠤᠨ ᠶᠠᠰᠤ ᠴᠢᠨᠠᠷ ᠪᠣᠯᠣᠨ ᠠᠶᠤᠯᠭᠦᠢ ᠦᠢᠯᠡᠳᠪᠦᠷᠢᠯᠡᠯ ᠤᠨ ᠪᠣᠭᠤᠮᠲᠠ ᠶᠢ ᠴᠢᠩᠭ᠎ᠠ ᠠᠳᠬᠤᠬᠤ ᠬᠡᠷᠡᠭᠲᠡᠢ᠃ ᠪᠡᠯᠡ ᠮᠥᠩᠭᠦ ᠴᠤᠭᠯᠠᠭᠤᠯᠬᠤ ᠶᠢ ᠲᠦᠷᠬᠡᠳᠬᠡᠨ᠂ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠥᠷᠭᠡᠳᠬᠡᠵᠦ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠬᠡᠭᠰᠢᠯᠡᠬᠦᠯᠦᠨ᠂ ᠲᠦᠷᠦᠯ ᠵᠦᠢᠯ ᠤᠨ ᠤᠷᠤᠭᠰᠢᠲᠠᠢ ᠡᠮᠬᠢ ᠳᠢᠭᠯᠢᠮ ᠲᠠᠢ ᠪᠦᠲᠦᠭᠡᠨ ᠪᠠᠶᠢᠭᠤᠯᠤᠯᠲᠠ ᠶᠢ ᠦᠨᠡᠨᠬᠦ ᠪᠠᠲᠤᠯᠠᠵᠤ᠂ ᠲᠦᠷᠦᠯ ᠵᠦᠢᠯ ᠤᠨ ᠬᠠᠷᠠᠯᠲᠠ ᠶᠢᠨ ᠱᠠᠭᠠᠷᠳᠠᠯᠭ᠎ᠠ ᠪᠣᠯᠣᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠶᠣᠰᠣᠭᠠᠷ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠳᠤᠯᠠᠨ᠂ ᠠᠯᠢ ᠲᠦᠷᠭᠡᠨ ᠢᠶᠠᠷ ᠦᠢᠯᠡᠳᠦᠯ ᠢᠶᠠᠨ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ ᠬᠡᠵᠡᠢ᠃       ᠲᠣᠭᠤᠷᠢᠭ ᠤᠨ ᠤᠳᠤᠷᠢᠳᠤᠯᠭ᠎ᠠ ᠸᠠᠩ ᡁᠢ᠂ ᠸᠠᠩ ᠱᠧᠩ ᠷᠦᠩ ᠪᠠᠶᠢᠴᠠᠭᠠᠯᠲᠠ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ