ᠬᠠᠷᠰᠢᠮᠠᠳᠠᠭᠠᠢ ᠴᠢᠨᠠᠷᠳᠠᠢ ᠬᠠᠮᠠᠷ ᠤᠨ ᠦᠷᠪᠢᠰᠤᠯ ᠢ ᠬᠡᠷᠬᠢᠨ ᠰᠡᠷᠬᠡᠶᠢᠯᠡᠬᠦ ᠪᠤᠢ︖
ᠨᠡᠶᠢᠲᠡᠯᠡᠭᠰᠡᠨ ᠴᠠᠭ᠄
2024/3/13
      ᠵᠢᠯ ᠪᠦᠷᠢ ᠶᠢᠨ ᠬᠠᠪᠤᠷ ᠤᠨ ᠤᠯᠠᠷᠢᠯ ᠳᠤ ᠬᠠᠷᠰᠢᠮᠠᠳᠠᠭᠠᠢ ᠴᠢᠨᠠᠷᠳᠠᠢ ᠬᠠᠮᠠᠷ ᠤᠨ ᠦᠷᠪᠢᠰᠤᠯ ᠡᠬᠦᠰᠴᠤ᠂ ᠤᠯᠠᠩᠬᠢ ᠬᠦᠮᠦᠰ ᠨᠠᠶᠢᠳᠠᠭᠠᠵᠤ ᠨᠢᠰᠤ ᠭᠤᠭᠤᠵᠢᠳᠠᠭ᠃ ᠳᠡᠬᠡᠪᠡᠯ ᠡᠶᠢᠮᠦᠷᠬᠦᠦ ᠬᠠᠷᠰᠢᠮᠠᠳᠠᠭᠠᠢ ᠴᠢᠨᠠᠷᠳᠠᠢ ᠬᠠᠮᠠᠷ ᠤᠨ ᠦᠷᠪᠢᠰᠤᠯ ᠢ ᠬᠡᠷᠬᠢᠨ ᠰᠡᠷᠬᠡᠶᠢᠯᠡᠪᠡᠯ ᠵᠤᠬᠢᠬᠤ ᠪᠤᠢ︖       ᠬᠠᠷᠰᠢᠮᠠᠳᠠᠭᠠᠢ ᠴᠢᠨᠠᠷᠳᠠᠢ ᠬᠠᠮᠠᠷ ᠤᠨ ᠦᠷᠪᠢᠰᠤᠯ ᠢ ᠡᠮᠴᠢ ᠶᠢᠨ ᠰᠠᠨᠠᠭᠤᠯᠭ᠎ᠠ ᠪᠠᠷ ᠬᠠᠷᠰᠢᠮᠠᠳᠠᠭᠠᠢ ᠪᠤᠳᠠᠰ ᠡᠬᠦᠰᠬᠡᠭᠴᠢ ᠲᠠᠢ ᠬᠦᠷᠦᠯᠴᠡᠬᠦᠯᠬᠦ ᠦᠬᠡᠢ᠂ ᠬᠡᠷ ᠳᠤᠳᠤᠷ᠎ᠠ ᠬᠠᠭᠤᠷᠠᠶᠢᠳᠠᠬᠤ ᠠᠴᠠ ᠰᠡᠷᠬᠡᠶᠢᠯᠡᠬᠦ ᠪᠤᠶᠤ ᠳᠠᠪᠤᠰᠤ ᠲᠠᠢ ᠤᠰᠤ ᠪᠠᠷ ᠬᠠᠮᠠᠷ ᠢᠶᠠᠨ ᠤᠬᠢᠶᠠᠬᠤ ᠵᠡᠷᠬᠡ ᠠᠷᠭ᠎ᠠ ᠶᠢ ᠬᠡᠷᠡᠭᠯᠡᠵᠤ ᠪᠤᠯᠤᠨ᠎ᠠ᠃      1. ᠬᠠᠷᠰᠢᠮᠠᠳᠠᠭᠠᠢ ᠪᠤᠳᠠᠰ ᠡᠬᠦᠰᠬᠡᠭᠴᠢ ᠲᠠᠢ ᠬᠦᠷᠦᠯᠴᠡᠬᠦ ᠠᠴᠠ ᠵᠠᠶᠢᠯᠠᠰᠬᠢᠨ᠎ᠡ       ᠴᠡᠴᠡᠭ ᠤᠨ ᠳᠤᠭᠤᠰᠤ ᠪᠤᠶᠤ ᠬᠤᠭ ᠳᠤᠭᠤᠰᠤ ᠨᠡᠯᠢᠶᠡᠳ ᠶᠡᠭᠡ ᠦᠶ᠎ᠡ ᠳᠤ ᠦᠷᠦᠬᠡᠨ ᠤ ᠪᠠᠨ ᠴᠤᠩᠬᠤ  ᠶᠢ ᠬᠠᠭᠠᠨ᠎ᠠ᠃ ᠬᠠᠷᠰᠢᠮᠠᠳᠠᠭᠠᠢ ᠪᠤᠳᠠᠰ ᠡᠬᠦᠰᠬᠡᠭᠴᠢ ᠬᠤᠸᠠᠷ ᠴᠡᠴᠡᠭ ᠪᠤᠶᠤ ᠬᠡᠷ ᠤᠨ ᠡᠳ᠋ᠯᠡᠯ ᠵᠡᠷᠬᠡ ᠶᠢ ᠰᠢᠯᠵᠢᠬᠦᠯᠦᠨ᠎ᠡ᠃      2. ᠬᠠᠷᠰᠢᠮᠠᠳᠠᠭᠠᠢ ᠪᠤᠳᠠᠰ ᠡᠬᠦᠰᠬᠡᠬᠦ ᠦᠬᠡᠢ ᠤᠷᠤ ᠶᠢᠨ ᠪᠦᠳᠡᠬᠡᠯᠬᠡ ᠵᠢᠴᠢ ᠬᠦᠨᠵᠢᠯᠡ ᠳᠡᠪᠢᠰᠬᠡᠷ ᠢ ᠬᠡᠷᠡᠭᠯᠡᠨ᠎ᠡ       ᠨᠢᠠᠠᠳᠠ ᠪᠢᠳᠡᠬᠦᠮᠵᠢᠯᠡᠭᠰᠡᠨ ᠤᠷᠤ ᠶᠢᠨ ᠳᠡᠪᠢᠰᠬᠡᠷ᠂ ᠳᠡᠷ᠎ᠡ ᠵᠢᠴᠢ ᠵᠦᠬᠡᠯᠡᠨ ᠤᠷᠤ ᠶᠢᠨ ᠪᠦᠳᠡᠬᠡᠯᠬᠡ ᠪᠠ ᠳᠡᠷ᠎ᠡ ᠶᠢᠨ ᠠᠯᠴᠢᠭᠤᠷ ᠵᠡᠷᠬᠡ ᠶᠢ ᠬᠡᠷᠡᠭᠯᠡᠵᠤ᠂ ᠭᠠᠷᠠᠭ ᠪᠦᠷᠢ ᠬᠠᠯᠠᠭᠤᠨ ᠤᠰᠤ ᠪᠠᠷ ᠤᠷᠤ ᠶᠢᠨ ᠪᠦᠳᠡᠬᠡᠯᠬᠡ ᠪᠠ ᠳᠠᠷ᠎ᠠ ᠶᠢᠨ ᠠᠯᠴᠢᠭᠤᠷ ᠢᠶᠠᠨ ᠤᠬᠢᠶᠠᠬᠤ ᠶᠢᠨ ᠬᠠᠮᠳᠤ ᠬᠡᠷ ᠤᠨ ᠭᠠᠳᠠᠨ᠎ᠠ ᠬᠦᠨᠵᠢᠯᠡ ᠪᠠ ᠤᠷᠤ ᠶᠢᠨ ᠪᠦᠳᠡᠬᠡᠯᠬᠡ  ᠪᠠᠨ ᠡᠬᠡᠬᠡᠵᠤ ᠪᠤᠯᠬᠤ ᠦᠬᠡᠢ᠂ ᠤᠴᠢᠷ ᠨᠢ ᠬᠦᠬᠡᠴᠤ ᠪᠠ ᠴᠡᠴᠡᠭ ᠤᠨ ᠳᠤᠭᠤᠰᠤ ᠬᠦᠨᠵᠢᠯᠡ ᠳᠡᠬᠡᠷ᠎ᠡ ᠨᠠᠭᠠᠯᠳᠤᠵᠤ ᠮᠡᠳᠡᠨ᠎ᠡ᠃      3. ᠬᠠᠷᠰᠢᠬᠤ ᠶᠢ ᠡᠰᠡᠷᠬᠦᠴᠡᠬᠦ ᠡᠮ ᠢ ᠤᠷᠢᠳᠴᠢᠯᠠᠨ ᠬᠡᠷᠡᠭᠯᠡᠨ᠎ᠡ       ᠬᠠᠪᠤᠷ ᠤᠨ ᠤᠯᠠᠷᠢᠯ ᠤᠨ ᠴᠡᠴᠡᠭ ᠤᠨ ᠳᠤᠭᠤᠰᠤ ᠪᠤᠶᠤ ᠨᠠᠮᠤᠷ ᠤᠨ ᠤᠯᠠᠷᠢᠯ ᠤᠨ ᠴᠡᠴᠡᠭ ᠤᠨ ᠳᠤᠭᠤᠰᠤᠨ ᠳᠤ ᠬᠠᠷᠰᠢᠬᠤ ᠡᠪᠡᠳᠴᠢᠳᠠᠨ ᠴᠡᠴᠡᠭ ᠤᠨ ᠳᠤᠭᠤᠰᠤᠨ ᠤ ᠤᠯᠠᠷᠢᠯ ᠪᠤᠯᠬᠤ ᠠᠴᠠ ᠡᠮᠤᠨᠡᠬᠢ ᠨᠢᠬᠡ ᠠᠴᠠ ᠬᠤᠶᠠᠷ ᠭᠠᠷᠠᠭ ᠤᠨ ᠬᠤᠭᠤᠴᠠᠭᠠᠨ ᠳᠤ ᠤᠷᠢᠳ ᠢᠶᠠᠷ ᠬᠠᠷᠰᠢᠬᠤ ᠶᠢ ᠡᠰᠡᠷᠬᠦᠴᠡᠬᠦ ᠡᠮ ᠢ ᠤᠷᠢᠳᠴᠢᠯᠠᠨ ᠰᠡᠷᠬᠡᠶᠢᠯᠡᠬᠦ ᠴᠢᠨᠠᠷᠳᠠᠢ ᠪᠠᠷ ᠬᠡᠷᠡᠭᠯᠡᠬᠦ ᠶᠢ ᠰᠠᠨᠠᠭᠤᠯᠤᠶ᠎ᠠ᠂ ᠢᠩᠬᠢᠪᠡᠯ ᠬᠠᠷᠰᠢᠮᠠᠳᠠᠭᠠᠢ ᠤᠯᠠᠷᠢᠯ ᠪᠤᠯᠬᠤ ᠦᠶ᠎ᠡ ᠳᠤ ᠦᠷᠬᠦᠯᠵᠢᠯᠡᠨ ᠡᠮ ᠬᠡᠷᠡᠭᠯᠡᠪᠡᠯ ᠦᠷ᠎ᠡ ᠳ᠋ᠦᠩ ᠨᠢ ᠨᠡᠩ ᠰᠠᠶᠢᠨ ᠪᠤᠯᠤᠨ᠎ᠠ᠃      4. ᠰᠠᠶᠢᠨ ᠰᠠᠶᠢᠬᠠᠨ ᠠᠮᠢᠳᠤᠷᠠᠯ ᠤᠨ ᠳᠠᠳᠬᠠᠯ ᠲᠠᠢ ᠪᠠᠶᠢᠬᠤ ᠬᠡᠷᠡᠭᠳᠡᠢ       ᠬᠠᠮᠠᠷ ᠤᠨ ᠬᠦᠨᠳᠡᠢ ᠪᠠᠨ ᠦᠷᠬᠦᠯᠵᠢ ᠤᠬᠢᠶᠠᠵᠤ ᠴᠡᠪᠡᠷᠯᠡᠬᠦ ᠶᠢᠨ ᠳᠠᠭᠠᠤ ᠪᠠᠰᠠ ᠬᠡᠷ ᠤᠨ ᠭᠠᠳᠠᠨᠠᠬᠢ ᠳᠠᠮᠢᠷ  ᠤᠨ ᠪᠤᠯᠪᠠᠰᠤᠷᠠᠯ ᠢ ᠴᠢᠩᠭᠠᠳᠬᠠᠵᠤ᠂ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠬᠡᠷᠡᠭᠳᠡᠢ᠃ ᠬᠡᠷ ᠳᠤᠳᠤᠷ᠎ᠠ ᠬᠤᠭ ᠳᠤᠭᠤᠰᠤ ᠦᠬᠡᠢ ᠠᠷᠢᠭᠤᠨ ᠴᠡᠪᠡᠷ ᠪᠠᠶᠢᠬᠤ ᠶᠢ ᠪᠠᠳᠤᠯᠠᠵᠤ᠂ ᠬᠠᠷᠰᠢᠬᠤ ᠶᠢ ᠪᠠᠭᠠᠰᠬᠠᠨ᠂ ᠳᠤᠭᠤᠰᠤ ᠶᠢᠨ ᠰᠤᠷᠤᠭᠤᠷ ᠪᠤᠶᠤ ᠨᠤᠶᠢᠳᠠᠨ ᠵᠦᠯᠬᠦᠬᠦᠷ ᠢᠶᠠᠷ ᠬᠡᠷ ᠢᠶᠠᠨ ᠦᠷᠬᠦᠯᠵᠢ ᠴᠡᠪᠡᠷᠯᠡᠨ᠎ᠡ᠃      5. ᠳᠤᠷ᠎ᠠ ᠪᠠᠷ ᠢᠶᠠᠨ ᠡᠮ ᠬᠡᠷᠡᠭᠯᠡᠬᠦ ᠦᠬᠡᠢ       ᠡᠮᠴᠢ ᠶᠢᠨ ᠰᠠᠨᠠᠭᠤᠯᠭ᠎ᠠ ᠦᠬᠡᠢ ᠪᠠᠷ ᠳᠤᠷ᠎ᠠ ᠪᠠᠷ ᠢᠶᠠᠨ ᠬᠠᠮᠠᠷ ᠤᠨ ᠰᠦᠷᠴᠢᠯᠳᠡ ᠶᠢᠨ ᠲᠦᠷᠦᠯ ᠤᠨ ᠡᠮ ᠢ ᠬᠡᠷᠡᠭᠯᠡᠬᠦ ᠪᠤᠶᠤ ᠨᠢᠶᠡᠨ ᠳᠠᠷᠤᠭᠴᠢ ᠶᠢ ᠤᠤᠭᠤᠵᠤ ᠪᠤᠯᠬᠤ ᠦᠬᠡᠢ᠃ ᠡᠮᠨᠡᠯᠬᠡ ᠶᠢᠨ ᠬᠤᠷᠢᠶᠠᠨ ᠤ ᠴᠢᠬᠢ ᠬᠠᠮᠠᠷ ᠬᠤᠭᠤᠯᠠᠢ ᠶᠢᠨ ᠰᠠᠯᠠᠭ᠎ᠠ ᠪᠤᠶᠤ ᠬᠠᠷᠰᠢᠬᠤ ᠰᠠᠯᠠᠭ᠎ᠠ᠂ ᠬᠤᠪᠢᠷᠠᠮᠠᠯ ᠤᠷᠪᠠᠯ ᠤᠨ ᠰᠠᠯᠠᠭ᠎ᠠ ᠳᠤ ᠬᠦᠷᠴᠤ ᠤᠨᠤᠪᠴᠢᠳᠠᠢ ᠤᠨᠤᠰᠢᠯᠠᠭᠤᠯᠬᠤ ᠬᠡᠷᠡᠭᠳᠡᠢ᠃
ᠢᠷᠡᠯᠲᠡ᠄ NMTV ᠰᠤᠶᠤᠯ