ᠰᠢᠨᠬᠤᠸᠠ ᠬᠤᠷᠢᠶᠠᠨ ᠤ ᠪᠡᠭᠡᠵᠢᠩ ᠤᠨ 3 ᠳ᠋ᠤᠭᠠᠷ ᠰᠠᠷ᠎ᠠ ᠶᠢᠨ 12 ᠤᠨ ᠡᠳᠦᠷ ᠤᠨ ᠴᠠᠬᠢᠯᠭᠠᠨ ᠮᠡᠳᠡᠭᠡ ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ 3 ᠳ᠋ᠤᠭᠠᠷ ᠰᠠᠷ᠎ᠠ ᠶᠢᠨ 12 ᠤᠨ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠤᠭᠠᠳ᠂ | ︽ᠲᠥᠷᠥ ᠶᠢᠨ ᠶᠠᠪᠤᠳᠠᠯ ᠤᠨ ᠬᠤᠷᠢᠶᠠᠨ ᠤ 2024 ᠣᠨ ᠤ ᠭᠤᠣᠯᠳᠠᠯᠭ᠎ᠠ ᠲᠠᠢ ᠠᠵᠢᠯ ᠤᠨ ᠬᠤᠪᠢᠶᠠᠷᠢᠯᠠᠯ ᠤᠨ ᠲᠥᠰᠥᠯ︾᠂ ︽ᠮᠢᠩᠭᠠᠨ ᠳ᠋ᠦᠩᠰᠢᠭᠤᠷ ᠵᠢᠩ | ᠠᠮᠤ ᠪᠤᠳᠠᠭ᠎ᠠ ᠦᠢᠯᠡᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠬᠦ ᠰᠢᠨ᠎ᠡ ᠨᠢᠭᠡᠨ ᠡᠭᠡᠯᠵᠢᠨ ᠤ ᠠᠵᠢᠯᠯᠠᠭ᠎ᠠ ᠶᠢᠨ ᠲᠥᠰᠥᠯ ︵2024 — 2030 ᠣᠨ︶︾ ᠪᠠ | ︽ᠪᠠᠷᠢᠮᠵᠢᠶ᠎ᠠ ᠶᠢ ᠳᠡᠰ ᠳᠡᠪᠰᠢᠬᠦᠯᠬᠦ ᠪᠠᠷ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠠᠵᠢᠯ ᠤᠨ ᠲᠥᠰᠥᠯ︾ ᠢ ᠶᠠᠷᠢᠯᠴᠠᠨ | ᠪᠠᠲᠤᠯᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠬᠤᠯᠪᠣᠭᠳᠠᠯ ᠪᠦᠬᠦᠢ ᠠᠷᠭ᠎ᠠ | ᠪᠠᠷᠢᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠴᠡᠷᠢᠭ ᠤᠨ ᠠᠰᠠᠷᠠᠮᠵᠢ ᠬᠠᠷᠠᠭᠠᠯᠵᠠᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶︾ | ᠢ ᠬᠢᠨᠠᠨ ᠵᠥᠪᠯᠡᠵᠦ ᠪᠠᠲᠤᠯᠠᠪᠠ᠃ | ᠬᠤᠷᠠᠯ ᠳᠡᠭᠡᠷ᠎ᠡ᠂ ᠰᠠᠶ᠋ᠢᠬᠠᠨ ᠲᠡᠭᠦᠰᠦᠭᠰᠡᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯ ᠳᠡᠭᠡᠷ᠎ᠡ ᠬᠢᠨᠠᠨ ᠵᠥᠪᠯᠡᠵᠦ ᠪᠠᠲᠤᠯᠠᠭᠰᠠᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠪᠦᠬᠦ ᠵᠢᠯ ᠤᠨ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠬᠠᠷᠠᠯᠲᠠ ᠡᠭᠦᠷᠭᠡ ᠶᠢ ᠲᠣᠳᠤᠷᠬᠠᠶᠢᠯᠠᠵᠠᠢ᠃ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ | ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠨ᠂ ᠦᠨᠡᠨ ᠬᠦ ︽ᠠᠵᠢᠯ ᠶᠠᠪᠤᠳᠠᠯ ᠪᠦᠬᠦᠨ ᠢ ᠳᠣᠲᠣᠷ᠎ᠠ ᠪᠠᠨ ᠲᠤᠭ᠎ᠠ ᠲᠠᠢ ᠪᠠᠶᠢᠬᠤ︾ ᠠᠵᠢᠯᠯᠠᠭᠠᠨ ᠤ ᠬᠦᠴᠦᠨ | ᠪᠣᠯᠭᠠᠨ ᠬᠤᠪᠢᠷᠠᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ ᠭᠦᠢᠴᠡᠳ ᠳᠠᠶᠢᠴᠢᠯᠠᠨ᠂ ᠠᠵᠢᠯ ᠬᠢᠵᠦ ᠦᠢᠯᠡᠰ ᠪᠣᠰᠬᠠᠬᠤ ᠴᠤᠭ ᠰᠦᠯᠳᠡ ᠪᠠᠨ ᠤᠯᠠᠮ | ᠪᠠᠳᠠᠷᠠᠭᠤᠯᠵᠤ᠂ ᠡᠯ᠎ᠡ ᠵᠦᠢᠯ ᠤᠨ ᠠᠵᠢᠯ ᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠬᠡᠷᠡᠭᠵᠢᠭᠦᠯᠬᠦ ᠠᠷᠭ᠎ᠠ ᠪᠠᠷᠢᠯ ᠢᠶᠠᠨ | ᠨᠠᠷᠢᠯᠢᠭᠵᠢᠭᠤᠯᠤᠨ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠬᠢᠭᠡᠳ ᠡᠯ᠎ᠡ ᠰᠠᠯᠠᠭ᠎ᠠ ᠮᠥᠴᠢᠷ ᠤᠳ ᠤᠨ ᠬᠠᠷᠢᠭᠤᠴᠠᠯᠭ᠎ᠠ ᠶᠢ ᠬᠡᠷᠡᠭᠵᠢᠭᠦᠯᠬᠦ ᠪᠣᠳᠠᠲᠠᠢ ᠠᠷᠭ᠎ᠠ | ᠪᠠ ᠲᠦᠷᠦ ᠶᠢᠨ ᠪᠣᠳᠣᠯᠭ᠎ᠠ ᠶᠢᠨ ᠠᠷᠭ᠎ᠠ ᠪᠠᠷᠢᠯ ᠳᠡᠭᠡᠷ᠎ᠡ ᠨᠠᠶᠢᠳᠠᠪᠤᠷᠢᠵᠢᠭᠤᠯᠬᠤ ᠬᠡᠷᠡᠭᠲᠡᠢ᠃ ᠡᠯᠪᠡᠨ ᠬᠠᠮᠵᠢᠯᠴᠠᠬᠤ ᠪᠠᠨ ᠴᠢᠩᠭᠠᠳᠬᠠᠨ᠂ ᠲᠦᠷᠦᠭᠦᠯᠡᠨ ᠬᠢᠬᠦ | ᠰᠠᠯᠠᠭ᠎ᠠ ᠮᠥᠴᠢᠷ ᠤᠳ ᠰᠠᠨᠠᠭᠠᠴᠢᠯᠠᠭ᠎ᠠ ᠠᠴᠠ ᠪᠠᠨ ᠣᠶᠢᠯᠠᠭᠠᠯᠴᠠᠨ ᠵᠣᠬᠢᠴᠠᠭᠤᠯᠵᠤ᠂ ᠣᠷᠣᠯᠴᠠᠭᠰᠠᠨ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ ᠳᠡᠮᠵᠢᠵᠦ᠂ | ᠠᠳᠠᠯᠢ ᠴᠢᠭᠯᠡᠯ ᠢᠶᠠᠷ ᠬᠦᠴᠦᠯᠡᠬᠦ᠂ ᠨᠡᠶᠢᠯᠡᠮᠡᠯ ᠬᠦᠴᠦᠨ ᠢ ᠪᠣᠶ ᠪᠣᠯᠭᠠᠬᠤ ᠶᠢ ᠪᠠᠲᠤᠯᠠᠬᠤ ᠬᠡᠷᠡᠭᠲᠡᠢ᠃ ᠰᠢᠮᠳᠠᠭᠤᠯᠤᠨ ᠪᠠᠶᠢᠴᠠᠭᠠᠬᠤ ᠶᠢ ᠰᠠᠶᠢᠲᠤᠷ ᠬᠢᠵᠦ᠂ ᠡᠳᠦᠷ | ᠲᠤᠲᠤᠮ ᠤᠨ ᠲᠣᠬᠢᠷᠠᠭᠤᠯᠤᠯᠲᠠ ᠶᠢ ᠴᠢᠩᠭᠠᠳᠬᠠᠨ᠂ ᠰᠢᠮᠳᠠᠭᠤᠯᠤᠨ ᠪᠠᠶᠢᠴᠠᠭᠠᠬᠤ ᠠᠷᠭ᠎ᠠ ᠮᠠᠶ᠋ᠢᠭ ᠢᠶᠠᠨ ᠲᠡᠭᠦᠯᠳᠡᠷᠵᠢᠭᠦᠯᠵᠦ᠂ ᠰᠢᠮᠳᠠᠭᠤᠯᠤᠨ ᠪᠠᠶᠢᠴᠠᠭᠠᠬᠤ ᠦᠷ᠎ᠡ | ᠪᠦᠲᠦᠮᠵᠢ ᠪᠠᠨ ᠳᠡᠭᠡᠭᠰᠢᠯᠡᠭᠦᠯᠦᠨ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠰᠠᠶᠢᠨ ᠰᠠᠶᠢᠬᠠᠨ ᠪᠠᠶᠢᠳᠠᠯ ᠢ ᠪᠣᠶ ᠪᠣᠯᠭᠠᠬᠤ ᠶᠢ ᠠᠬᠢᠭᠤᠯᠬᠤ | ᠬᠡᠷᠡᠭᠲᠡᠢ ᠭᠡᠵᠦ ᠵᠢᠭᠠᠨ ᠭᠠᠷᠭᠠᠵᠠᠢ᠃ | ᠬᠤᠷᠠᠯ ᠳᠡᠭᠡᠷ᠎ᠡ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠪᠣᠯ ᠲᠡᠷᠢᠭᠦᠨ ᠴᠢᠬᠤᠯᠠ ᠶᠠᠪᠤᠳᠠᠯ ᠮᠥᠨ᠃ ᠨᠠᠮ ᠤᠨ ᠲᠥᠪ ᠬᠤᠷᠢᠶᠠᠨ ᠤ | ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠣᠰᠣᠭᠠᠷ᠂ ᠮᠢᠩᠭᠠᠨ ᠳ᠋ᠦᠩᠰᠢᠭᠤᠷ ᠵᠢᠩ ᠠᠮᠤ ᠪᠤᠳᠠᠭ᠎ᠠ ᠦᠢᠯᠡᠳᠪᠦᠷᠢᠯᠡᠬᠦ ᠴᠢᠳᠠᠮᠵᠢ ᠶᠢ ᠳᠡᠭᠡᠭᠰᠢᠯᠡᠭᠦᠯᠬᠦ ᠰᠢᠨ᠎ᠡ | ᠨᠢᠭᠡᠨ ᠡᠭᠡᠯᠵᠢᠨ ᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠠᠷᠢᠶᠠᠨ ᠭᠠᠵᠠᠷ ᠪᠠ ᠮᠡᠷᠭᠡᠵᠢᠯ ᠳᠤ ᠲᠦᠰᠢᠭᠯᠡᠨ ᠠᠮᠤ ᠪᠤᠳᠠᠭ᠎ᠠ ᠶᠢ ᠬᠠᠳᠠᠭᠠᠯᠠᠬᠤ ᠶᠢ | ᠯᠠᠪᠳᠠᠭᠤᠨ ᠪᠠᠲᠤᠲᠠᠢ ᠠᠬᠢᠭᠤᠯᠵᠤ᠂ ᠦᠷ᠎ᠡ ᠡᠭᠦᠯᠳᠡᠷ ᠬᠤᠪᠢᠶᠠᠨ ᠤᠨᠠᠯᠲᠠ ᠶᠢ ᠨᠡᠮᠡᠭᠳᠡᠭᠦᠯᠬᠦ ᠡᠭᠦᠷᠭᠡ ᠬᠢᠭᠡᠳ ᠣᠷᠣᠨ ᠪᠦᠰᠡ ᠬᠤᠪᠢᠶᠠᠨ ᠤᠨᠠᠯᠲᠠ ᠶᠢ | ᠨᠡᠮᠡᠭᠳᠡᠭᠦᠯᠬᠦ ᠪᠠᠶᠢᠷᠢᠰᠢᠭᠤᠯᠤᠯᠲᠠ ᠶᠢ ᠨᠠᠶᠢᠳᠠᠪᠤᠷᠢᠵᠢᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠦᠷ᠎ᠡ ᠶᠢᠨ ᠦᠢᠯᠡᠰ ᠢ | ᠬᠥᠭᠵᠢᠭᠦᠯᠦᠨ ᠮᠠᠨᠳᠤᠭᠤᠯᠬᠤ ᠵᠡᠷᠭᠡ ᠲᠤᠯᠭᠠᠭᠤᠷᠢᠯᠠᠬᠤ ᠴᠢᠨᠠᠷᠲᠠᠢ ᠴᠢᠬᠤᠯᠠ ᠶᠡᠭᠡ ᠢᠨᠵᠧᠨᠧᠷᠢᠩ ᠤᠳ ᠢ ᠲᠥᠯᠥᠪᠯᠡᠨ ᠬᠡᠷᠡᠭᠵᠢᠭᠦᠯᠵᠦ᠂ ᠠᠮᠤ ᠪᠤᠳᠠᠭᠠᠨ ᠤ ᠠᠮᠤᠷ | ᠲᠦᠪᠰᠢᠨ ᠤ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠢ ᠭᠡᠵᠦ ᠵᠢᠭᠠᠨ ᠭᠠᠷᠭᠠᠵᠠᠢ᠃ | ᠬᠤᠷᠠᠯ ᠳᠡᠭᠡᠷ᠎ᠡ᠂ ᠪᠠᠷᠢᠮᠵᠢᠶ᠎ᠠ ᠶᠢ ᠢᠭᠲᠤᠷᠢᠭᠤᠯᠬᠤ ᠶᠢ ᠠᠬᠢᠭᠤᠯᠬᠤ ᠨᠢ ᠤᠯᠠᠨ ᠲᠦᠮᠡᠨ ᠤ ᠬᠡᠷᠡᠭᠴᠡᠭᠡ ᠶᠢ ᠨᠡᠩ ᠰᠠᠶᠢᠨ ᠬᠠᠩᠭᠠᠬᠤ᠂ ᠠᠵᠤ ᠦᠢᠯᠡᠰ ᠤᠨ | ᠬᠡᠯᠪᠡᠷᠢ ᠶᠢ ᠬᠤᠪᠢᠷᠠᠭᠤᠯᠬᠤ ᠳᠤ ᠬᠦᠴᠦᠨ ᠨᠡᠮᠡᠷᠢᠯᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ | ᠪᠠᠷᠢᠮᠵᠢᠶ᠎ᠠ ᠶᠢ ᠲᠣᠭᠲᠠᠭᠠᠬᠤ ᠪᠠ ᠵᠠᠰᠠᠪᠤᠷᠢ ᠣᠷᠣᠭᠤᠯᠬᠤ ᠠᠵᠢᠯ ᠢ ᠲᠦᠷᠭᠡᠳᠬᠡᠨ ᠠᠬᠢᠭᠤᠯᠵᠤ᠂ ᠠᠵᠤ ᠠᠬᠤᠶᠢᠯᠠᠯ ᠪᠠ ᠬᠡᠷᠡᠭᠯᠡᠭᠴᠢ ᠵᠡᠷᠭᠡ ᠬᠤᠯᠪᠤᠭᠳᠠᠯ ᠪᠦᠬᠦᠢ | ᠲᠠᠯ᠎ᠠ ᠶᠢᠨ ᠰᠠᠨᠠᠯ ᠤᠳ ᠢ ᠭᠦᠢᠴᠡᠳ ᠬᠤᠷᠢᠶᠠᠵᠤ᠂ ᠪᠠᠴᠢᠮ ᠬᠡᠷᠡᠭᠯᠡᠭᠡ ᠶᠢ ᠤᠷᠢᠳ ᠢᠶᠠᠷ ᠬᠡᠷᠡᠭᠵᠢᠭᠦᠯᠬᠦ ᠶᠢ ᠪᠠᠷᠢᠮᠲᠠᠯᠠᠨ᠂ ᠨᠢᠭᠡ ᠵᠦᠢᠯ ᠤᠨ ᠪᠠᠷᠢᠮᠵᠢᠶ᠎ᠠ ᠨᠢ | ᠪᠣᠯᠪᠠᠰᠤᠷᠠᠩᠭᠤᠢ ᠪᠣᠯᠪᠠᠯ ᠲᠡᠭᠦᠨ ᠢ ᠴᠠᠭ ᠲᠤᠬᠠᠢ ᠳᠤ ᠨᠢ ᠨᠡᠶᠢᠲᠡᠯᠡᠬᠦ ᠬᠡᠷᠡᠭᠲᠡᠢ᠃ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠢᠵᠢ ᠪᠦᠷᠢᠨ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠂ ᠡᠯ᠎ᠡ ᠵᠦᠢᠯ ᠤᠨ ᠪᠠᠷᠢᠮᠵᠢᠶ᠎ᠠ ᠶᠢ ᠪᠣᠲᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ | ᠭᠡᠵᠦ ᠵᠢᠭᠠᠨ ᠭᠠᠷᠭᠠᠪᠠ᠃ | ᠬᠤᠷᠠᠯ ᠳᠡᠭᠡᠷ᠎ᠡ᠂ ᠰᠤᠷᠭᠠᠭᠤᠯᠢ ᠡᠷᠬᠢᠯᠡᠬᠦ ᠨᠥᠬᠦᠴᠡᠯ᠂ ᠰᠤᠷᠭᠠᠨ ᠬᠥᠮᠦᠵᠢᠯ ᠤᠨ ᠴᠢᠨᠠᠷ ᠪᠠ ᠠᠷᠠᠳ ᠤᠯᠠᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠬᠦ ᠪᠠᠷ ᠠᠵᠢᠯ ᠤᠨ ᠭᠤᠣᠯᠳᠠᠯᠭ᠎ᠠ ᠪᠠᠨ ᠪᠣᠯᠭᠠᠵᠤ᠂ ᠣᠷᠣᠨ ᠪᠦᠰᠡ᠂ ᠬᠤᠳᠠ ᠬᠥᠳᠡᠭᠡ᠂ ᠰᠤᠷᠭᠠᠭᠤᠯᠢ᠂ ᠤᠯᠠᠨ ᠲᠦᠮᠡᠨ ᠤ ᠬᠤᠭᠤᠷᠤᠨᠳᠤᠬᠢ | ᠰᠤᠷᠭᠠᠨ ᠬᠥᠮᠦᠵᠢᠯ ᠤᠨ ᠵᠥᠷᠢᠶ᠎ᠡ ᠶᠢ ᠲᠠᠰᠤᠷᠠᠯᠲᠠ ᠦᠭᠡᠢ ᠪᠠᠭᠠᠰᠬᠠᠵᠤ᠂ ᠨᠡᠩ ᠡᠷᠬᠡ ᠲᠡᠭᠰᠢ ᠨᠡᠩ ᠴᠢᠨᠠᠷ ᠰᠠᠶᠢᠲᠠᠢ ᠠᠯᠪᠠᠨ ᠵᠢᠷᠤᠮ ᠤᠨ ᠰᠤᠷᠭᠠᠨ ᠬᠥᠮᠦᠵᠢᠯ ᠢ | ᠰᠠᠶᠢᠲᠤᠷ ᠡᠷᠬᠢᠯᠡᠬᠦ ᠬᠡᠷᠡᠭᠲᠡᠢ᠃ ᠬᠥᠮᠥᠨ ᠠᠮᠠ ᠶᠢᠨ ᠬᠤᠪᠢᠷᠠᠯᠲᠠ ᠪᠠ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢᠨ ᠠᠬᠢᠴᠠ ᠳᠤ ᠵᠣᠬᠢᠴᠠᠭᠤᠯᠤᠨ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠬᠡᠷᠡᠭᠴᠡᠭᠡ ᠱᠠᠭᠠᠷᠳᠠᠯᠭ᠎ᠠ ᠶᠢᠨ ᠬᠤᠪᠢᠷᠠᠯᠲᠠ ᠶᠢ ᠤᠷᠢᠳᠴᠢᠯᠠᠨ ᠰᠤᠳᠤᠯᠤᠨ ᠮᠠᠭᠠᠳᠯᠠᠵᠤ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢᠨ ᠠᠮᠢᠳᠤᠯᠢᠭ ᠴᠢᠨᠠᠷ ᠪᠠ ᠵᠣᠬᠢᠴᠠᠬᠤ ᠴᠢᠨᠠᠷ ᠢ ᠴᠢᠩᠭᠠᠷᠠᠭᠤᠯᠤᠨ᠂ ᠡᠳ᠋ ᠤᠨ ᠵᠠᠰᠠᠭ ᠤᠨ ᠴᠢᠨᠠᠷᠲᠠᠢ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠵᠠᠷᠤᠳᠠᠯ ᠢ ᠪᠠᠭᠤᠷᠠᠢ ᠭᠤᠭᠴᠤᠭ᠎ᠠ ᠲᠡᠶᠢᠰᠢ ᠬᠡᠯᠪᠠᠶᠢᠯᠭᠡᠬᠦ ᠪᠠᠨ ᠡᠷᠴᠢᠮᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ | ᠳᠤᠲᠠᠭᠳᠠᠯ ᠢ ᠬᠦᠴᠦᠯᠡᠨ ᠨᠥᠬᠦᠪᠦᠷᠢᠯᠡᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠬᠤᠷᠠᠯ ᠳᠤ᠂ ᠴᠡᠷᠢᠭ ᠤᠨ ᠠᠰᠠᠷᠠᠮᠵᠢ ᠬᠠᠷᠠᠭᠠᠯᠵᠠᠯ ᠤᠨ ᠠᠵᠢᠯ ᠢ ᠰᠠᠶᠢᠲᠤᠷ ᠬᠢᠬᠦ ᠨᠢ ᠤᠯᠤᠰ ᠢ ᠬᠦᠴᠦᠷᠬᠡᠭᠵᠢᠭᠦᠯᠬᠦ ᠴᠡᠷᠢᠭ ᠠᠩᠭᠢ ᠢ ᠬᠦᠴᠦᠷᠬᠡᠭᠵᠢᠭᠦᠯᠬᠦ | ᠦᠢᠯᠡᠰ ᠲᠠᠢ ᠬᠤᠯᠪᠤᠭᠳᠠᠳᠠᠭ ᠭᠡᠵᠦ ᠵᠢᠭᠠᠨ ᠭᠠᠷᠭᠠᠪᠠ᠃ ᠬᠤᠷᠠᠯ ᠳᠤ ︽ᠴᠡᠷᠢᠭ ᠤᠨ ᠠᠰᠠᠷᠠᠮᠵᠢ ᠬᠠᠷᠠᠭᠠᠯᠵᠠᠯ ᠤᠨ ᠳᠦᠷᠢᠮ ︵ᠵᠠᠰᠠᠪᠤᠷᠢ ᠣᠷᠣᠭᠤᠯᠤᠭᠰᠠᠨ | ᠲᠥᠰᠥᠯ︶︾ ᠢ ᠬᠢᠨᠠᠨ ᠵᠥᠪᠯᠡᠵᠦ ᠪᠠᠲᠤᠯᠠᠭᠠᠳ᠂ ᠲᠣᠭᠲᠠᠭᠠᠭᠰᠠᠨ ᠱᠠᠭᠠᠷᠳᠠᠯᠭ᠎ᠠ ᠪᠠ ᠪᠠᠷᠢᠮᠵᠢᠶ᠎ᠠ ᠶᠢ ᠴᠢᠩᠭ᠎ᠠ ᠵᠢᠷᠤᠮᠯᠠᠨ ᠡᠯ᠎ᠡ ᠵᠦᠢᠯ ᠤᠨ ᠠᠰᠠᠷᠠᠮᠵᠢ | ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | |