ᠭᠤᠤ ᠢ ᠳ᠋ᠦᠩ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠶ ᠶᠢᠨ ᠲᠠᠯᠠᠪᠤᠷ ᠲᠤ ᠠᠯᠪᠠᠯᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2024/3/14
      3 ᠰᠠᠷ᠎ᠠ ᠶᠢᠨ 13 ᠤ ᠡᠳᠦᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠣ ᠢ ᠳ᠋ᠦᠩ ᠳ᠋ᠦᠩᠱᠧᠩ ᠲᠣᠭᠤᠷᠢᠭ ᠤᠨ ᠬᠠᠭᠤᠴᠢᠨ ᠬᠤᠳᠠᠯᠳᠤᠭᠠᠨ ᠤ ᠲᠣᠭᠤᠷᠢᠭ ᠲᠤ ᠬᠦᠷᠴᠦ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠲᠤᠬᠠᠶ ᠶᠢᠨ ᠲᠠᠯᠠᠪᠤᠷ ᠲᠤ ᠠᠯᠪᠠᠯᠠᠬᠤ ᠠᠵᠢᠯᠯᠠᠭ᠎ᠠ ᠥᠷᠨᠢᠭᠦᠯᠵᠦ᠂ ᠤᠷᠢᠳ ᠬᠤᠵᠢᠳ ᠮᠢᠩ ᠱᠧᠩ  ᠬᠤᠳᠠᠯᠳᠤᠭᠠᠨ ᠤ ᠲᠠᠯᠠᠪᠠᠢ᠂ ᠪᠦᠦ ᠷᠦ᠋ ᠢ ᠬᠤᠳᠠᠯᠳᠤᠭᠠᠨ ᠤ ᠳᠠᠯᠠᠪᠠᠢ᠂ ᠸᠧᠨ ᠵᠧᠦ ᠬᠤᠳᠠᠯᠳᠤᠭᠠᠨ ᠤ ᠬᠤᠳᠠ᠂ ᠱᠢ ᠳ᠋ᠡ ᠬᠤᠳᠠᠯᠳᠤᠭᠠᠨ ᠤ ᠬᠤᠳᠠ᠂ ᠬᠤᠳᠠᠯᠳᠤᠭᠠᠨ ᠤ ᠲᠥᠪ᠂ ᠽᠠᠢ ᠵᠢᠦ ᠶᠧ ᠵᠠᠬ᠎ᠠ ᠳᠡᠯᠭᠡᠭᠦᠷ ᠵᠡᠷᠭᠡ ᠭᠠᠵᠠᠷ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠠᠬᠤᠢ ᠳᠠᠯᠠᠪᠠᠢ ᠶᠢᠨ ᠠᠯᠪᠠᠯᠠᠬᠤ ᠬᠤᠷᠠᠯ ᠢ ᠬᠤᠷᠠᠯᠳᠤᠭᠤᠯᠵᠤ᠂ ᠬᠤᠯᠪᠣᠭᠳᠠᠯ ᠪᠦᠬᠦᠢ ᠪᠠᠶᠢᠳᠠᠯ ᠢ ᠦᠢᠯᠠᠭᠠᠨ᠂ ᠬᠤᠯᠪᠣᠭᠳᠠᠯ ᠪᠦᠬᠦᠢ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠬᠠᠨ ᠲᠤᠤ ᠠᠵᠢᠯᠯᠠᠭ᠎ᠠ ᠳᠤ ᠣᠷᠣᠯᠴᠠᠪᠠ᠃     ᠭᠤᠣ ᠢ ᠳ᠋ᠦᠩ᠂ ᠬᠠᠭᠤᠴᠢᠨ ᠬᠤᠳᠠᠯᠳᠤᠭᠠᠨ ᠤ ᠲᠣᠭᠤᠷᠢᠭ ᠪᠤᠯ ᠳ᠋ᠦᠩᠱᠧᠩ ᠤᠨ ᠬᠥᠭᠵᠢᠯᠲᠡ ᠶᠢᠨ ᠲᠡᠦᠬᠡ ᠪᠣᠯᠣᠨ ᠬᠤᠳᠠᠯᠳᠤᠭᠠᠨ ᠤ ᠳᠤᠷᠠᠰᠤᠮᠵᠢ ᠶᠢ ᠦᠳᠬᠡᠷᠡᠬᠦᠯᠦᠭᠰᠡᠨ ᠪᠣᠯᠬᠤᠷ ᠦᠢᠯᠡᠴᠢᠯᠡᠭᠰᠡᠨ ᠬᠦᠮᠦᠰ ᠤᠯᠠᠨ᠂ ᠡᠯ᠎ᠡ ᠵᠦᠢᠯ ᠤᠨ ᠲᠣᠪᠣᠶᠢᠮ᠎ᠠ ᠠᠰᠠᠭᠤᠳᠠᠯ ᠤᠷᠤᠰᠢᠵᠤ᠂ ᠵᠠᠰᠠᠬᠤ ᠪᠠᠴᠢᠮ ᠱᠠᠭᠠᠷᠳᠠᠯᠭ᠎ᠠ ᠲᠠᠢ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠠᠳ ᠤᠯᠠᠨ ᠤ ᠬᠦᠴᠢᠷ ᠵᠣᠪᠠᠭᠤᠷᠢ ᠶᠢ ᠰᠢᠢᠳᠪᠦᠷᠢᠯᠡᠬᠦ ᠪᠠᠷ ᠠᠵᠢᠯ ᠤᠨ ᠢᠶᠠᠨ ᠭᠠᠷᠤᠭ᠎ᠠ ᠪᠠ ᠲᠤᠰᠤᠯᠲᠠ ᠪᠣᠯᠭᠠᠵᠤ᠂ ᠬᠠᠭᠤᠴᠢᠨ ᠬᠤᠳᠠᠯᠳᠤᠭᠠᠨ ᠤ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠥᠭᠡᠷᠡᠴᠢᠯᠡᠨ ᠰᠠᠶᠢᠵᠢᠷᠠᠭᠤᠯᠬᠤ ᠪᠠ ᠠᠮᠤᠷ ᠲᠦᠪᠰᠢᠨ ᠤ ᠭᠡᠮ ᠰᠣᠭᠤᠭ ᠢ ᠴᠡᠭᠴᠡᠯᠡᠨ ᠵᠠᠰᠠᠬᠤ ᠲᠤᠰᠬᠠᠢ ᠠᠵᠢᠯ ᠢ ᠦᠳᠲᠡᠷ ᠲᠦᠷᠭᠡᠨ ᠥᠷᠨᠢᠭᠦᠯᠵᠦ᠂ ᠡᠨᠡᠬᠦ ᠠᠵᠢᠯ ᠢ ᠴᠢᠬᠤᠯᠠ ᠠᠷᠠᠳ ᠤᠨ ᠰᠡᠳᠬᠢᠯ ᠢ ᠤᠯᠬᠤ ᠢᠨᠵᠧᠨᠧᠷᠢᠩ᠂ ᠬᠠᠯᠠᠭᠤᠨ ᠳᠤᠯᠠᠭᠠᠨ ᠢᠨᠵᠧᠨᠧᠷᠢᠩ ᠪᠣᠯᠭᠠᠨ ᠴᠢᠩᠭ᠎ᠠ ᠪᠣᠳᠠᠲᠠᠢ ᠠᠳᠬᠤᠬᠤ ᠬᠡᠷᠡᠭᠲᠡᠢ᠃ ᠡᠯ᠎ᠡ ᠲᠠᠯ᠎ᠠ ᠶᠢᠨ ᠬᠢᠨ ᠤ ᠬᠠᠷᠢᠭᠤᠴᠠᠯᠭ᠎ᠠ ᠶᠢ ᠪᠤᠳᠠᠳᠠᠶᠢᠵᠢᠭᠤᠯᠤᠨ᠂ ᠡᠮᠦᠨᠡᠬᠢ ᠬᠤᠭᠤᠴᠠᠭᠠᠨ ᠤ ᠪᠠᠶᠢᠴᠠᠭᠠᠨ ᠰᠤᠳᠤᠯᠤᠯᠳᠠ ᠬᠡᠮᠵᠢᠨ ᠪᠤᠳᠤᠬᠤ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠵᠢᠯ ᠤᠨ ᠲᠥᠰᠥᠯ ᠢᠶᠠᠨ  ᠨᠠᠷᠢᠯᠢᠠᠠᠵᠢᠭᠤᠯᠤᠨ᠂ ᠠᠵᠢᠯ ᠤᠨ ᠠᠬᠢᠴᠠ ᠪᠠᠨ ᠲᠦᠷᠭᠡᠳᠬᠡᠬᠦ ᠬᠡᠷᠡᠭᠲᠡᠢ᠃ ᠵᠢᠷᠤᠭ ᠲᠦᠰᠦᠪ ᠢ ᠨᠢᠭᠡᠳᠦᠯᠲᠡᠢ ᠲᠥᠯᠥᠪᠵᠢᠭᠦᠯᠵᠦ᠂ ᠤᠷᠢᠳᠠᠪᠠᠷ ︽ᠭᠠᠵᠠᠷ ᠳᠣᠣᠷ᠎ᠠ︾ ᠳᠠᠷᠠᠭ᠎ᠠ ᠨᠢ ︽ᠭᠠᠵᠠᠷ ᠳᠡᠭᠡᠷ᠎ᠡ︾ ᠪᠠᠶᠢᠬᠤ ᠵᠠᠷᠴᠢᠮ ᠢ ᠪᠠᠷᠢᠮᠲᠠᠯᠠᠵᠤ᠂ ᠤᠰᠤ᠂ ᠴᠠᠬᠢᠯᠭᠠᠨ᠂ ᠳᠤᠯᠠᠭᠠᠯᠠᠮᠵᠢ᠂ ᠵᠠᠮ ᠵᠡᠷᠭᠡ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠬᠦᠯᠦᠨ ᠪᠦᠲᠦᠭᠡᠨ ᠪᠠᠶᠢᠭᠤᠯᠬᠤ ᠶᠢ ᠴᠢᠩᠭᠠᠳᠬᠠᠵᠤ᠂ ᠬᠤᠳᠠᠯᠳᠤᠭᠠᠨ ᠤ ᠳᠤᠭᠤᠷᠢᠭ ᠤᠨ ᠳᠠᠭᠠᠭᠠᠴᠠ ᠪᠠ ᠪᠠᠲᠤᠯᠠᠭ᠎ᠠ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠢᠮᠠᠭᠲᠠ ᠴᠢᠬᠤᠯᠠ ᠪᠠᠶᠢᠷᠢᠨ ᠳᠤ ᠲᠠᠯᠪᠢᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠠᠶᠢᠴᠠᠭᠠᠨ ᠴᠡᠭᠴᠡᠯᠡᠬᠦ ᠶᠢ ᠴᠢᠩᠭᠠᠳᠬᠠᠨ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠨ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ ᠨᠢᠭᠡᠳᠦᠯᠲᠡᠢ ᠬᠠᠮᠢᠶᠠᠷᠤᠯᠲᠠ ᠶᠢ ᠬᠡᠷᠡᠭᠵᠢᠬᠦᠯᠦᠨ᠂ ᠬᠠᠭᠤᠴᠢᠨ ᠬᠤᠳᠠᠯᠳᠤᠭᠠᠨ ᠤ ᠲᠣᠭᠤᠷᠢᠭ ᠤᠨ ᠴᠡᠪᠡᠷ ᠲᠡᠭᠰᠢ᠂ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠬᠤᠳᠠᠯᠳᠤᠭᠠᠨ ᠤ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ᠶᠢ ᠰᠠᠶᠢᠲᠤᠷ ᠬᠢᠵᠦ᠂ ︽ᠬᠤᠳᠠᠯᠳᠤᠨ ᠠᠪᠬᠤ︾᠂ ︽ᠵᠤᠭ᠎ᠠ ᠴᠡᠩᠭᠡᠯ︾᠂ ︽ᠳᠡᠯᠭᠡᠨ ᠦᠵᠡᠭᠦᠯᠬᠦ︾ ᠬᠤᠳᠠᠯᠳᠤᠭᠠᠨ ᠤ ᠴᠢᠳᠠᠪᠬᠢ ᠶᠢ ᠴᠢᠬᠤᠯᠠᠴᠢᠯᠠᠵᠤ᠂ ᠬᠠᠭᠤᠴᠢᠨ ᠬᠤᠳᠠᠯᠳᠤᠭᠠᠨ ᠤ ᠳᠤᠭᠤᠷᠢᠭ ᠤᠨ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ ᠬᠡᠵᠡᠢ᠃        ᠳᠤᠭᠤᠷᠢᠭ ᠤᠨ ᠤᠳᠤᠷᠢᠳᠤᠯᠭ᠎ᠠ ᠭᠤᠸ ᠮᠢᠩ᠂ ᠳ᠋ᠦ᠋ ᠵᠢᠢ ᠺᠤᠸᠠᠨ᠂ ᠶᠠᠩ ᠶᠦᠨ᠂ ᠳᠤᠭᠤᠷᠢᠭ ᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠵᠢᠴᠢ ᠠᠵᠤ ᠠᠬᠤᠶᠢᠯᠠᠯ ᠤᠨ ᠬᠠᠷᠢᠭᠤᠴᠠᠯᠭᠠᠳᠠᠳ ᠠᠵᠢᠯᠯᠠᠭ᠎ᠠ ᠳᠤ ᠤᠷᠤᠯᠴᠠᠪᠠ᠃ 
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ