ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠠᠵᠤ ᠠᠬᠤᠶ ᠶᠢᠨ ᠠᠵᠢᠯᠯᠠᠭᠠᠨ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ    ᠭᠤᠤ ᠢ ᠳ᠋ᠦᠩ ᠬᠤᠷᠠᠯ ᠢ ᠡᠷᠬᠢᠯᠡᠪᠡ
ᠨᠡᠶᠢᠲᠡᠯᠡᠭᠰᠡᠨ ᠴᠠᠭ᠄
2024/3/20
    3 ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ᠂ ᠠᠵᠤ ᠠᠬᠤᠶ ᠶᠢᠨ ᠠᠵᠢᠯᠯᠠᠭᠠᠨ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ ᠡᠷᠬᠢᠯᠡᠵᠤ ᠶᠠᠷᠢᠶ᠎ᠠ ᠲᠠᠯᠪᠢᠵᠠᠢ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠦ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠭᠤᠮᠢᠨᠳᠠᠩ ᠤᠨ ᠬᠤᠪᠢᠰᠬᠠᠯᠲᠤ ᠬᠤᠷᠢᠶ᠎ᠠ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠲᠡᠭᠡᠳ᠂ ᠣᠷᠴᠢᠨ ᠲᠣᠭᠤᠷᠢᠨ ᠡᠬᠢ ᠪᠠᠶᠠᠯᠢᠭ ᠤᠨ ᠡᠲᠡᠭᠡᠳ ᠤᠨ ᠭᠡᠰᠢᠭᠦᠳ ᠤᠨ ᠳᠤᠭᠤᠶᠢᠯᠠᠩ ᠬᠠᠮᠳᠤᠷᠠᠭᠰᠡᠨ ᠬᠤᠷᠠᠯ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠲᠥᠪ ᠤᠨ ᠨᠠᠮ ᠤᠨ ᠰᠤᠷᠭᠠᠭᠤᠯᠢ ᠶᠢᠨ ᠢᠳᠡᠷ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠬᠢ ᠡᠬᠢᠯᠡᠬᠦ ᠦᠶ᠎ᠠ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠠᠷᠪᠠᠨ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠲᠥᠪ ᠤᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠭᠦᠨᠵᠡᠭᠡᠢ ᠰᠤᠷᠤᠯᠴᠠᠨ ᠣᠶᠢᠯᠠᠭᠠᠵᠤ᠂ ᠵᠣᠷᠢᠭ ᠰᠠᠨᠠᠭᠠᠨ ᠤ ᠮᠥᠨ ᠴᠢᠨᠠᠷ ᠢ ᠤᠨᠤᠴᠠᠳᠠᠢ ᠪᠠᠷ ᠡᠵᠡᠮᠳᠡᠵᠦ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠠᠮᠵᠢᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ︔  ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠯᠠᠮᠵᠢᠯᠠᠯᠲᠤ ᠠᠵᠤ ᠦᠢᠯᠡᠰ ᠢ ᠲᠡᠰ ᠳᠡᠪᠰᠢᠭᠦᠯᠬᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠢ ᠪᠤᠶᠢᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ︔ ᠴᠢᠩᠭ᠎ᠠ ᠬᠠᠮᠢᠶᠠᠷᠬᠤ ᠪᠠ ᠰᠠᠶᠢᠳᠤᠷ ᠬᠠᠯᠠᠮᠵᠢᠯᠠᠬᠤ ᠶᠢ ᠤᠶᠠᠯᠳᠤᠭᠤᠯᠵᠤ᠂ ᠵᠠᠯᠠᠭᠤ ᠺᠠᠳ᠋ᠷ ᠢ ᠰᠣᠩᠭᠤᠨ ᠬᠥᠮᠦᠵᠢᠭᠦᠯᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠬᠡᠵᠤ ᠴᠢᠬᠤᠯᠠᠴᠢᠯᠠᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠳᠥᠷᠪᠡᠳᠦᠭᠡᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽2023 ᠣᠨ ᠤ ᠠᠵᠢᠯ ᠤᠨ ᠢᠯᠡᠳᠬᠡᠯ ᠵᠢᠴᠢ 2024 ᠣᠨ ᠤ ᠠᠵᠢᠯ ᠤᠨ ᠭᠤᠣᠯᠳᠠᠯᠭ᠎ᠠ︾ ᠪᠠ ᠬᠠᠮᠢᠶ᠎ᠠ ᠪᠦᠬᠦᠢ ᠠᠵᠢᠯ ᠤᠨ ᠲᠦᠷᠢᠮ ᠢ ᠰᠤᠳᠤᠯᠤᠨ ᠬᠢᠨᠠᠨ ᠵᠥᠪᠯᠡᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠳᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢᠨ ᠡᠭᠦᠷᠭᠡ ᠶᠢ ᠬᠦᠯᠢᠶᠡᠨ ᠠᠪᠴᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠡᠪ ᠤᠨ ᠵᠤᠷᠰᠢᠯ ᠢ ᠡᠪᠳᠡᠵᠦ᠂ ᠪᠣᠳᠠᠲᠠᠢ ᠶᠢ ᠡᠷᠬᠢᠮᠯᠡᠭᠰᠡᠨ  ᠥᠭᠡᠷᠡᠴᠢᠯᠡᠯᠲᠡ ᠶᠢᠨ ᠬᠦᠴᠦᠲᠡᠢ ᠠᠷᠭ᠎ᠠ ᠪᠠᠷ ᠴᠢᠨᠠᠷ ᠰᠠᠶᠢᠲᠠᠢ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠲᠦᠭᠵᠢᠷᠡᠯ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠯ᠎ᠡ ᠬᠦᠷᠢᠶᠡᠨ ᠳᠤ ᠥᠭᠡᠷᠡᠴᠢᠯᠡᠯᠲᠡ ᠶᠢᠨ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ︽ᠳ᠋ᠦᠡᠭᠱᠸᠡᠭ ᠲᠤᠭᠤᠷᠢᠭ ᠤᠨ ᠶᠡᠷᠦᠩᠭᠡᠢ ᠱᠦᠵᠢ ᠰᠢ ᠶᠢᠨ ᠫᠢᠡᠭ ᠤᠨ ᠦᠪᠤᠷ ᠮᠤᠩᠭᠤᠯ ᠳᠤ ᠲᠤᠰᠢᠶᠠᠬᠰᠠᠨ ︿ᠲᠠᠪᠤᠨ ᠶᠡᠭᠡ ᠡᠭᠦᠷᠭᠡ﹀ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ 2024 ᠤᠨ ᠤ ᠭᠤᠤᠯᠳᠠᠯᠭ᠎ᠠ ᠲᠠᠢ ᠡᠭᠦᠷᠭᠡ ᠶᠢᠨ ᠨᠠᠷᠢᠨ ᠲᠠᠩᠰᠠ︾᠂ ︽ᠳ᠋ᠦᠡᠭᠱᠸᠡᠭ ᠲᠤᠭᠤᠷᠢᠭ ᠤᠨ ︿ᠭᠤᠷᠪᠠᠨ ᠲᠦᠷᠪᠡ﹀ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠠᠵᠢᠯᠯᠠᠭᠠᠨ ᠤ ᠲᠦᠯᠦᠪᠯᠡᠭᠡ︾ ᠶᠢ ᠰᠤᠳᠤᠯᠤᠨ ᠭᠢᠨᠠᠨ ᠵᠦᠪᠯᠡᠵᠤ᠂ ᠡᠭᠦᠷᠭᠡ ᠶᠢᠨ ᠨᠠᠷᠢᠨ ᠲᠠᠩᠰᠠ ᠲᠠᠢ ᠨᠠᠷᠢᠨ ᠭᠢᠨᠠᠮᠠᠭᠠᠢ ᠬᠠᠷᠭᠤᠭᠤᠯᠤᠨ᠂ ᠨᠢᠭᠡᠳᠤᠯᠳᠠᠢ ᠲᠦᠯᠦᠪᠵᠢᠭᠦᠯᠦᠨ ᠵᠤᠭᠢᠴᠠᠭᠤᠯᠬᠤ ᠶᠢ ᠴᠢᠩᠭᠠᠳᠬᠠᠵᠤ᠂ ᠠᠵᠢᠯ ᠤᠨ ᠠᠭᠢᠴᠠ ᠶᠢ ᠴᠢᠩᠭ᠎ᠠ ᠠᠩᠬᠠᠷᠤᠨ᠂ ᠠᠬᠢᠭᠤᠯᠤᠨ ᠨᠠᠶᠢᠳᠠᠪᠤᠷᠢᠵᠢᠭᠤᠯᠬᠤ ᠶᠢ ᠪᠦᠭᠦ ᠭᠦᠴᠦᠨ ᠢᠶᠠᠷ ᠠᠳᠬᠤᠵᠤ᠂ ᠨᠠᠮ ᠤᠨ ᠲᠦᠪ ᠬᠤᠷᠢᠶ᠎ᠠ ᠪᠠ ᠡᠯ᠎ᠠ ᠱᠠᠳᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠤᠨ ᠦᠷ᠎ᠠ ᠪᠦᠳᠦᠮᠵᠢ ᠭᠠᠷᠭᠠᠬᠤ ᠶᠢ ᠪᠠᠳᠤᠯᠠᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠳᠠᠢ ᠭᠦᠭᠵᠢᠯᠳᠠ ᠶᠢ ᠪᠦᠭᠦ ᠲᠠᠯ᠎ᠠ ᠪᠠᠷ ᠠᠭᠢᠭᠤᠯᠬᠤ ᠭᠡᠷᠡᠭᠳᠡᠢ ᠭᠡᠵᠤ ᠴᠢᠬᠤᠯᠠᠴᠢᠯᠠᠪᠠ᠃    ᠬᠤᠷᠠᠯ ᠠᠴᠠ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ᠂ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠠᠶᠢᠳᠠᠮ ᠪᠠᠶᠢᠴᠠᠭᠠᠯᠳᠠ︾ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠵᠤ ᠠᠬᠤᠢ ᠶᠢᠨ ᠠᠵᠢᠯᠯᠠᠭᠠᠨ ᠤ ᠲᠤᠬᠢᠷᠠᠭᠤᠯᠤᠯᠳᠠ ᠶᠢ ᠴᠢᠩᠭᠠᠳᠬᠠᠵᠤ᠂ ᠪᠠᠶᠢᠩᠭᠤ ᠶᠢᠨ ᠴᠢᠨᠠᠷᠲᠠᠢ ᠲᠤᠬᠢᠷᠠᠭᠤᠯᠤᠯᠳᠠ ᠪᠠᠷ ᠳᠠᠮᠵᠢᠨ ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ᠂ ᠠᠵᠤ ᠠᠬᠤᠢ ᠶᠢᠨ ᠦᠷᠭᠦᠯᠵᠢᠯᠡᠨ ᠲᠣᠭᠲᠠᠭᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠢ︔ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠭᠠᠷ ᠭᠦᠢᠴᠡᠳᠬᠡᠯ ᠢ ᠭᠦᠢᠴᠡᠳᠬᠡᠬᠦ᠂ ᠠᠵᠢᠯ ᠰᠡᠷᠬᠦᠬᠡᠨ ᠡᠬᠢᠯᠡᠬᠦᠯᠬᠦ ᠨᠤᠷᠮ᠎ᠠ᠂ ᠪᠠᠷᠢᠯᠭ᠎ᠠ ᠶᠢᠨ ᠠᠬᠢᠴᠠ ᠶᠢ ᠴᠢᠩᠭ᠎ᠠ ᠠᠳᠬᠤᠵᠤ᠂ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠲᠦᠷᠦᠯ ᠵᠦᠢᠯ ᠤᠨ ᠤᠷᠤᠭᠰᠢᠲᠠᠢ ᠠᠰᠢᠭᠯᠠᠯᠲᠠ ᠳᠤ ᠣᠷᠣᠬᠤ ᠶᠢ ᠪᠠᠲᠤᠯᠠᠬᠤ ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠴᠣᠭᠴᠠᠯᠠᠵᠤ᠂ ᠬᠠᠷᠢᠶ᠎ᠠ ᠭᠠᠵᠠᠷ ᠪᠣᠯᠤᠨ ᠡᠯ᠎ᠡ ᠠᠵᠢᠯ ᠲᠦᠷᠦᠯ ᠤᠨ ᠰᠠᠯᠠᠭ᠎ᠠ ᠮᠥᠴᠢᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠭᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ᠃ ︽ᠲᠠᠪᠤᠳᠤᠭᠠᠷ ᠤᠳᠠᠭᠠᠨ ᠤ ᠪᠦᠬᠦ ᠤᠯᠤᠰ ᠤᠨ ᠠᠵᠤ ᠠᠬᠤᠢ ᠶᠢᠨ ᠨᠠᠶᠢᠳᠠᠮ ᠪᠠᠶᠢᠴᠠᠭᠠᠯᠳᠠ︾ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠡᠵᠡᠮᠰᠢᠵᠤ᠂ ᠡᠬᠢ ᠡᠭᠦᠰᠦᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠰᠠᠶᠢᠲᠤᠷ ᠠᠳᠬᠤᠵᠤ᠂ ᠳᠠᠯᠳᠠ ᠬᠦᠴᠦᠨ ᠢ ᠠᠭᠤᠳᠠᠯᠤᠨ ᠦᠷ᠎ᠡ ᠠᠰᠢᠭ ᠢ ᠨᠡᠮᠡᠭᠳᠡᠭᠦᠯᠵᠦ᠂ ᠨᠡᠶᠢᠳᠡᠮ ᠪᠠᠶᠢᠴᠠᠭᠠᠯᠲᠠ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠪᠣᠳᠠᠲᠠᠶᠢᠵᠢᠭᠤᠯᠵᠤ᠂ ᠨᠡᠶᠢᠳᠡᠮ ᠪᠠᠶᠢᠴᠠᠭᠠᠯᠲᠠ ᠶᠢᠨ ᠡᠯ᠎ᠡ ᠵᠦᠢᠯ ᠤᠨ ᠠᠵᠢᠯ ᠤᠨ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃   ᠬᠤᠷᠠᠯ ᠠᠴᠠ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠬᠠᠶᠢᠷ᠎ᠠ ᠰᠡᠳᠬᠢᠯᠭᠡ ᠬᠠᠷᠢᠭᠤᠴᠠᠯᠭ᠎ᠠ ᠲᠠᠢ ᠪᠠᠷ ᠵᠠᠬᠢᠳᠠᠯ ᠰᠤᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠵᠦ᠂ ᠠᠵᠢᠯ ᠤᠨ ᠬᠠᠷᠢᠭᠤᠴᠠᠯᠭ᠎ᠠ ᠪᠠᠨ ᠪᠠᠷᠢᠮᠲᠠᠯᠠᠬᠤ ᠰᠠᠬᠢᠬᠤ ᠭᠦᠢᠴᠡᠳᠬᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠨᠠᠷᠢᠯᠢᠭ ᠣᠨᠣᠴᠠᠲᠠᠶ ᠪᠠᠷ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠳᠤ  ᠳᠠᠷᠤᠶ ᠳᠤᠨᠢ ᠬᠠᠷᠢᠭᠤᠯᠲᠠ ᠥᠭᠴᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠨᠠᠩ ᠰᠠᠶᠢᠲᠤᠷ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ