ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠬᠢᠨᠠᠨ ᠪᠤᠳᠤᠬᠤ ᠵᠥᠪᠯᠡᠯ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/3/20
    3 ᠰᠠᠷ᠎ᠠ ᠶᠢᠨ 18 ᠤ ᠡᠳᠦᠷ᠂ ᠲᠤᠭᠤᠷᠢᠭ ᠤᠨ ᠨᠠᠮ ᠤᠨ ᠬᠤᠷᠢᠶᠠᠨ ᠤ ᠶᠢᠰᠦᠳᠦᠭᠡᠷ ᠬᠤᠭᠤᠴᠠᠭᠠᠨ ᠤ ᠬᠢᠨᠠᠨ ᠪᠤᠳᠤᠬᠤ ᠵᠥᠪᠯᠡᠯ ᠵᠢᠷᠭᠤᠳᠤᠭᠠᠷ ᠤᠳᠠᠭᠠᠨ ᠤ ᠬᠤᠷᠠᠯ ᠬᠤᠷᠠᠯᠳᠤᠪᠠ᠃ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠭᠤᠤ ᠢ ᠳ᠋ᠦᠩ ᠬᠤᠷᠠᠯ ᠢ  ᠡᠷᠬᠢᠯᠡᠵᠤ ᠶᠠᠷᠢᠶ᠎ᠠ ᠲᠠᠯᠪᠢᠪᠠ᠃    ᠬᠤᠷᠠᠯ ᠠᠴᠠ ᠲᠥᠪ ᠤᠨ ᠬᠤᠷᠢᠳᠤᠭᠠᠷ ᠬᠤᠭᠤᠴᠠᠭᠠᠨ ᠤ ᠬᠢᠨᠠᠨ ᠪᠤᠳᠤᠬᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠭᠤᠷᠪᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ᠂ ᠬᠤᠳᠠ ᠶᠢᠨ ᠨᠠᠮ ᠤᠨ ᠬᠤᠷᠢᠶ᠎ᠠ ᠶᠢᠨ ᠲᠠᠪᠤᠳᠤᠭᠠᠷ ᠬᠤᠭᠤᠴᠠᠭᠠᠨ ᠤ ᠬᠢᠨᠠᠨ ᠪᠤᠳᠤᠬᠤ ᠵᠥᠪᠯᠡᠯ ᠤᠨ ᠲᠠᠪᠤᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠷᠢᠭ ᠤᠨ ᠬᠢᠨᠠᠨ ᠪᠤᠳᠤᠬᠤ ᠵᠥᠪᠯᠡᠯ ᠤᠨ 2024 ᠣᠨ ᠤ ᠠᠵᠢᠯ ᠤᠨ ᠭᠤᠣᠯᠳᠠᠯᠭ᠎ᠠ ᠵᠡᠷᠭᠡ ᠪᠢᠴᠢᠭ ᠮᠠᠲ᠋ᠧᠷᠢᠶᠠᠯ ᠢ ᠰᠤᠳᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠠᠵᠤ ᠠᠬᠤᠢ  ᠳᠤ ᠬᠢᠨᠠᠯᠲᠠ ᠲᠠᠯᠪᠢᠬᠤ ᠦᠨᠳᠦᠰᠦᠨ ᠪᠠᠶᠢᠷᠢ ᠲᠣᠭᠲᠠᠭᠠᠯᠲᠠ ᠶᠢ ᠢᠮᠠᠭᠲᠠ ᠪᠠᠲᠤ ᠰᠠᠬᠢᠵᠤ᠂ ᠠᠰᠠᠭᠤᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠢᠯᠡᠷᠡᠭᠦᠯᠵᠦ᠂ ᠰᠢᠨᠵᠢᠯᠡᠬᠦ ᠤᠬᠠᠭᠠᠨᠴᠢ ᠤᠨᠤᠴᠠᠳᠠᠢ ᠰᠠᠨᠠᠭᠤᠯᠭ᠎ᠠ ᠳᠤᠷᠠᠳᠴᠤ᠂ ᠲᠦᠷᠢᠮ ᠲᠤᠭᠳᠠᠭᠠᠯ ᠢ ᠴᠡᠭᠴᠡᠯᠡᠨ ᠰᠠᠶᠢᠵᠢᠷᠠᠭᠤᠯᠵᠤ ᠲᠡᠭᠦᠯᠳᠡᠷᠵᠢᠭᠦᠯᠬᠦ ᠶᠢ ᠱᠠᠯᠠᠪᠳᠠᠭᠤᠯᠵᠤ᠂︽ᠭᠤᠷᠪᠠᠨ ᠲᠣᠭᠤᠷᠢᠭ ᠲᠦᠷᠪᠡᠨ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠵᠣᠭᠰᠣᠴᠠ ᠪᠠᠨ ᠳᠡᠭᠡᠭᠰᠢᠯᠡᠭᠦᠯᠦᠨ ᠬᠢᠨᠠᠨ ᠪᠤᠳᠤᠯᠳᠠ ᠶᠢ ᠠᠳᠬᠤᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠬᠢᠨᠠᠨ ᠪᠤᠳᠤᠬᠤ ᠵᠥᠪᠯᠡᠯ ᠠᠴᠠ ᠲᠦᠷᠦᠭᠦᠯᠡᠨ ᠶᠡᠷᠦᠩᠬᠡᠶᠢᠯᠡᠨ ᠠᠳᠬᠤᠬᠤ᠂ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ᠂ ᠨᠠᠶᠢᠳᠠᠪᠤᠷᠢᠵᠢᠭᠤᠯᠬᠤ ᠶᠢ ᠪᠠᠲᠤᠯᠠᠬᠤ ᠦᠢᠯᠡᠳᠦᠯ ᠢᠶᠠᠨ ᠦᠨᠡᠨ ᠬᠦ ᠪᠠᠳᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠲᠥᠪᠯᠡᠷᠡᠩᠭᠦᠢ ᠨᠢᠭᠡᠳᠦᠯᠲᠡᠢ᠂ ᠪᠦᠬᠦ ᠲᠠᠯ᠎ᠠ ᠶᠢ ᠬᠠᠮᠤᠷᠤᠭᠰᠠᠨ᠂ ᠡᠷᠬᠡ ᠰᠦᠷ ᠲᠠᠢ ᠥᠨᠳᠥᠷ ᠪᠦᠲᠦᠮᠵᠢᠲᠡᠢ ᠬᠢᠨᠠᠨ ᠪᠤᠳᠤᠵᠤ ᠬᠢᠨᠠᠯᠲᠠ ᠲᠠᠯᠪᠢᠬᠤ ᠲᠤᠭᠳᠠᠯᠴᠠᠭ᠎ᠠ ᠶᠢ ᠪᠠᠶᠢᠭᠤᠯᠬᠤ ᠬᠡᠷᠡᠭᠲᠡᠢ᠃ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ ᠬᠢᠨᠠᠨ ᠪᠤᠳᠤᠯᠲᠠ ᠶᠢ ᠠᠳᠬᠤᠵᠤ᠂ ᠥᠪᠡᠷᠮᠢᠴᠡ ᠦᠢᠯᠡᠳᠦᠯ ᠪᠠᠳᠠᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠬᠤᠶᠠᠷ ᠶᠡᠭᠡ ᠶᠠᠪᠤᠳᠠᠯ︾᠂ ︽ᠭᠤᠷᠪᠠᠨ ᠲᠦᠷᠪᠡ︾ ᠶᠢᠨ ᠠᠵᠢᠯ ᠤᠨ ᠡᠭᠦᠷᠭᠡ ᠪᠣᠯᠤᠨ ︽ᠭᠤᠷᠪᠠᠨ ᠲᠤᠭᠤᠷᠢᠭ ᠲᠦᠷᠪᠡᠨ ᠬᠤᠳᠠ︾ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠵᠡᠷᠭᠡ ᠴᠢᠬᠤᠯᠠ ᠶᠡᠭᠡ ᠡᠭᠦᠷᠭᠡ ᠶᠢᠨ ᠨᠠᠶᠢᠳᠠᠪᠤᠷᠢᠵᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠤᠮᠤ ᠳ᠋ᠠᠶᠢᠲ᠋ᠠ ᠶᠢᠨ ᠬᠢᠨᠠᠨ ᠪᠤᠳᠤᠯᠳᠠ ᠶᠢ ᠢᠳᠡᠪᠬᠢᠲᠡᠢ ᠰᠦᠪᠡᠭᠴᠢᠯᠡᠵᠦ᠂ ᠭᠤᠣᠯᠳᠠᠯᠭ᠎ᠠ ᠲᠠᠢ᠂ ᠠᠯᠬᠤᠮ ᠳᠠᠷᠠᠭ᠎ᠠ ᠲᠠᠢ᠂ ᠭᠦᠨᠴᠡ ᠲᠠᠢ᠂ ᠦᠷ᠎ᠡ ᠪᠦᠲᠦᠮᠵᠢ ᠲᠠᠢ ᠬᠢᠨᠠᠨ ᠪᠤᠳᠤᠯᠳᠠ ᠶᠢ ᠪᠦᠷᠬᠦᠬᠦᠯᠬᠦ ᠶᠢ ᠯᠠᠪᠳᠠᠭᠤᠨ ᠢᠶᠠᠷ ᠠᠬᠢᠭᠤᠯᠵᠤ᠂ ᠬᠢᠨᠠᠨ ᠪᠤᠳᠤᠯᠳᠠ ᠶᠢᠨ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠣᠬᠢᠴᠠᠭᠤᠯᠭ᠎ᠠ ᠪᠠᠨ ᠴᠢᠩᠭᠠᠳᠬᠠᠵᠤ ᠬᠢᠨᠠᠨ ᠪᠤᠳᠤᠯᠲᠠ ᠶᠢ ᠠᠳᠬᠤᠵᠤ᠂ ᠬᠢᠨᠠᠯᠲᠠ ᠲᠠᠯᠪᠢᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠤᠳᠠᠳᠠᠶᠢᠵᠢᠭᠤᠯᠤᠨ ᠴᠡᠭᠴᠡᠯᠡᠨ ᠰᠠᠶᠢᠵᠢᠷᠠᠭᠤᠯᠵᠤ᠂ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ᠂ ᠴᠡᠭᠴᠡᠯᠡᠨ ᠰᠠᠶᠢᠵᠢᠷᠠᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠨ ᠪᠤᠳᠤᠬᠤ ᠭᠤᠣᠯᠳᠠᠯᠭ᠎ᠠ ᠲᠠᠢ ᠵᠦᠢᠯᠡᠰ ᠢ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠭᠦᠢᠴᠡᠳᠬᠡᠬᠦ ᠶᠢ ᠰᠠᠶᠢᠲᠤᠷ ᠬᠢᠵᠦ᠂ ᠬᠢᠨᠠᠨ ᠪᠤᠳᠤᠵᠤ ᠬᠢᠨᠠᠯᠲᠠ ᠲᠠᠯᠪᠢᠬᠤ ᠪᠣᠯᠤᠨ ᠡᠯ᠎ᠡ ᠲᠦᠷᠦᠯ ᠤᠨ ᠬᠢᠨᠠᠯᠲᠠ ᠲᠠᠯᠪᠢᠬᠤ ᠠᠵᠢᠯ ᠤᠨ ᠬᠤᠭᠤᠷᠤᠨᠳᠤᠬᠢ ᠨᠡᠪᠳᠡᠷᠡᠯᠴᠡᠭᠡ ᠬᠠᠷᠢᠯᠴᠠᠭ᠎ᠠ ᠪᠠᠨ ᠴᠢᠩᠭᠠᠳᠬᠠᠬᠤ ᠬᠡᠷᠡᠭᠲᠡᠢ᠃ ᠬᠢᠨᠠᠨ ᠪᠤᠳᠤᠯᠳᠠ ᠶᠢ ᠵᠤᠷᠢᠭᠳᠠᠢ ᠰᠠᠶᠢᠲᠤᠷ ᠬᠢᠵᠦ᠂ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠬᠠᠷᠢᠭᠤᠴᠠᠯᠭ᠎ᠠ ᠪᠤᠳᠠᠳᠠᠢ᠂ ᠣᠪᠣᠷ ᠰᠤᠷᠲᠠᠯ ᠴᠢᠩᠭ᠎ᠠ᠂ ᠰᠠᠬᠢᠯᠭ᠎ᠠ ᠪᠠᠲᠤ ᠴᠢᠩᠭ᠎ᠠ ᠥᠨᠳᠥᠷ ᠬᠡᠪ ᠪᠣᠯᠪᠠᠰᠤᠷᠠᠯ ᠲᠠᠢ ᠬᠢᠨᠠᠨ ᠪᠤᠳᠤᠬᠤ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠬᠤ ᠬᠡᠷᠡᠭᠲᠡᠢ ᠬᠡᠵᠤ ᠱᠠᠭᠠᠷᠳᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ