| ᠯᠢ ᠴᠢᠶᠠᠩ ᠼᠠᠢ ᠴᠢ ᠳ᠋ᠢᠩ ᠰᠢᠤᠸᠠᠢ ᠰᠢᠶᠠᠩ ᠣᠷᠣᠯᠴᠠᠪᠠ | ᠰᠢᠨᠬᠤᠸᠠ ᠬᠤᠷᠢᠶ᠎ᠠ ᠶᠢᠨ ᠴᠠᠩᠱᠠ ᠶᠢᠨ 3 ᠰᠠᠷ᠎ᠠ ᠶᠢᠨ 20 ᠤ ᠴᠠᠭᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 20 ᠤ ᠦᠳᠡ ᠶᠢᠨ ᠬᠤᠶᠢᠨ᠎ᠠ ᠬᠤᠨᠠᠨ ᠮᠤᠵᠢ ᠶᠢᠨ ᠴᠠᠩᠱᠠ | ᠬᠤᠲᠠ ᠳᠤ ᠰᠢᠨ᠎ᠡ ᠴᠠᠭ ᠦᠶ᠎ᠡ ᠶᠢᠨ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ | ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠤᠮᠳᠠ ᠣᠷᠣᠨ ᠪᠣᠯ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ᠂ ᠡᠨᠧᠷᠭᠢ ᠶᠢᠨ | ᠲᠦᠭᠦᠬᠡᠢ ᠮᠠᠲ᠋ᠧᠷᠢᠶᠠᠯ ᠤᠨ ᠰᠠᠭᠤᠷᠢᠨ᠂ ᠤᠳᠤ ᠦᠶ᠎ᠡ ᠶᠢᠨ ᠲᠣᠨᠣᠭᠯᠠᠯ ᠦᠢᠯᠡᠳᠬᠦ ᠵᠢᠴᠢ ᠳᠡᠭᠡᠳᠦ ᠮᠡᠷᠭᠡᠵᠢᠯ ᠤᠨ ᠠᠵᠤ ᠦᠢᠯᠡᠰ ᠤᠨ ᠰᠠᠭᠤᠷᠢᠨ ᠪᠣᠯᠣᠨ | ᠶᠡᠷᠦᠩᠬᠡᠶᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠦᠢᠰᠦ ᠪᠠᠶᠢᠵᠤ᠂ ᠪᠦᠭᠦ ᠤᠯᠤᠰ ᠲᠤ ᠮᠠᠰᠢ ᠴᠢᠬᠤᠯᠠ ᠪᠠᠶᠢᠷᠢ ᠰᠠᠭᠤᠷᠢ ᠲᠠᠢ ᠶᠤᠮ᠃ ᠨᠠᠮ ᠤᠨ ᠲᠥᠪ | ᠬᠤᠷᠢᠶ᠎ᠠ ᠶᠢᠨ ᠳᠤᠮᠳᠠ ᠣᠷᠣᠨ ᠤ ᠬᠥᠭᠵᠢᠯ ᠮᠠᠨᠳᠤᠯ ᠢ ᠠᠬᠢᠭᠤᠯᠬᠤ ᠠᠯᠢ ᠤᠯᠠᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠢᠮᠠᠭᠲᠠ ᠰᠠᠶᠢᠲᠤᠷ ᠠᠳᠬᠤᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠠᠬᠢ ᠳᠤᠮᠳᠠ ᠣᠷᠣᠨ ᠤ ᠬᠥᠭᠵᠢᠯ ᠮᠠᠨᠳᠤᠯ ᠤᠨ ᠰᠢᠨ᠎ᠡ ᠬᠠᠭᠤᠳᠠᠰᠤ ᠶᠢ ᠴᠢᠷᠮᠠᠶᠢᠨ | ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | | | | | 3 ᠰᠠᠷ᠎ᠠ ᠶᠢᠨ 20 ᠤ ᠦᠳᠡ ᠶᠢᠨ ᠬᠤᠶᠢᠨ᠎ᠠ᠂ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠨᠠᠨ ᠮᠤᠵᠢ ᠶᠢᠨ ᠴᠠᠩᠱᠠ ᠬᠤᠲᠠ ᠳᠤ ᠰᠢᠨ᠎ᠡ ᠴᠠᠭ ᠦᠶ᠎ᠡ ᠶᠢᠨ ᠳᠤᠮᠳᠠ ᠣᠷᠣᠨ ᠤ ᠬᠥᠭᠵᠢᠯ | ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠬᠴᠢ ᠸᠠᠩ ᠶᠧ ᠰᠡᠭᠦᠳᠡᠷᠯᠡᠪᠡ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠶᠡᠷᠦᠩᠬᠡᠢ | ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠮ ᠤᠨ ᠲᠥᠪ ᠬᠤᠷᠢᠶ᠎ᠠ ᠶᠢᠨ ᠠᠯᠪᠠᠨ | ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠶᠠᠷᠢᠯᠴᠠᠬᠤ ᠬᠤᠷᠠᠯ ᠳᠤ ᠣᠷᠣᠯᠴᠠᠪᠠ᠃ | ᠶᠠᠷᠢᠯᠴᠠᠬᠤ ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠱᠠᠨ ᠰᠢ ᠮᠤᠵᠢ ᠶᠢᠨ | ᠨᠠᠮ ᠤᠨ ᠬᠤᠷᠢᠶ᠎ᠠ ᠶᠢᠨ ᠱᠦᠵᠢ ᠲᠠᠩ ᠳ᠋ᠧᠩ ᠵᠢᠶᠧ᠂ ᠠᠨᠾᠦ᠋ᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠬᠠᠨ ᠵᠢᠶᠦ᠋ᠨ᠂ ᠵᠢᠶᠠᠩᠰᠢ ᠮᠤᠵᠢ ᠶᠢᠨ ᠨᠠᠮ ᠤᠨ | ᠬᠤᠷᠢᠶ᠎ᠠ ᠶᠢᠨ ᠱᠦᠵᠢ ᠶᠢᠨ ᠬᠤᠩ᠂ ᠾᠧᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠯᠧᠦ ᠶᠠᠩ ᠱᠧᠩ᠂ ᠬᠤᠪᠧᠢ ᠮᠤᠵᠢ ᠶᠢᠨ ᠨᠠᠮ ᠤᠨ ᠬᠤᠷᠢᠶ᠎ᠠ ᠶᠢᠨ | ᠱᠦᠵᠢ ᠸᠠᠩ ᠮᠧᠩ ᠬᠤᠢ᠂ ᠬᠤᠨᠠᠨ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠱᠧᠨ ᠰᠢᠶᠣᠣ ᠮᠢᠩ ᠤᠷᠢᠳ ᠬᠤᠵᠢᠳ ᠦᠭᠡ ᠬᠡᠯᠡᠵᠦ᠂ ᠳᠤᠮᠳᠠ ᠣᠷᠣᠨ ᠤ | ᠬᠥᠭᠵᠢᠯ ᠮᠠᠨᠳᠤᠯ ᠢ ᠠᠬᠢᠭᠤᠯᠬᠤ ᠲᠤᠬᠠᠢ ᠠᠵᠢᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠰᠠᠨᠠᠯ ᠰᠠᠨᠠᠭᠤᠯᠭ᠎ᠠ ᠳᠤᠷᠠᠳᠪᠠ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ ᠳᠡᠭᠡᠷ᠎ᠡ ᠤᠳᠠᠭ᠎ᠠ ᠶᠢᠨ ᠳᠤᠮᠳᠠ ᠣᠷᠣᠨ ᠤ | ᠬᠥᠭᠵᠢᠯ ᠮᠠᠨᠳᠤᠯ ᠢ ᠠᠬᠢᠭᠤᠯᠬᠤ ᠶᠠᠷᠢᠯᠴᠠᠬᠤ ᠬᠤᠷᠠᠯ ᠢ ᠬᠤᠷᠠᠯᠳᠤᠭᠤᠯᠤᠭᠰᠠᠨ ᠠᠴᠠ ᠨᠠᠭᠠᠰᠢᠬᠢ 5 ᠵᠢᠯ ᠤᠨ ᠲᠤᠷᠰᠢ᠂ ᠳᠤᠮᠳᠠ ᠣᠷᠣᠨ ᠤ ᠠᠵᠤ ᠠᠬᠤᠢ | ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠬᠥᠳᠡᠯᠭᠡᠬᠦ ᠴᠢᠳᠠᠪᠤᠷᠢ ᠲᠠᠰᠤᠷᠠᠯᠲᠠ ᠦᠭᠡᠢ ᠴᠢᠩᠭᠠᠷᠠᠵᠤ᠂ ᠠᠵᠤ ᠦᠢᠯᠡᠰ ᠤᠨ | ᠰᠠᠭᠤᠷᠢ ᠢᠯᠡᠳᠲᠡ ᠰᠠᠶᠢᠵᠢᠷᠠᠵᠤ᠂ ᠥᠭᠡᠷᠡᠴᠢᠯᠡᠯᠲᠡ ᠨᠡᠭᠡᠭᠡᠯᠲᠡ ᠰᠢᠨ᠎ᠡ ᠠᠯᠬᠤᠮ ᠢ ᠠᠯᠬᠤᠵᠤ᠂ ᠨᠡᠶᠢᠭᠡᠮ ᠤᠨ ᠦᠢᠯᠡᠰ ᠪᠦᠭᠦ ᠲᠠᠯ᠎ᠠ ᠪᠠᠷ ᠬᠥᠭᠵᠢᠵᠦ᠂ | ᠠᠷᠠᠳ ᠤᠨ ᠠᠮᠢᠳᠤᠷᠠᠯ ᠤᠨ ᠲᠦᠪᠰᠢᠨ ᠦᠷᠭᠦᠯᠵᠢᠯᠡᠨ ᠳᠡᠭᠡᠭᠰᠢᠯᠡᠵᠦ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ | ᠠᠯᠬᠤᠮ ᠲᠦᠷᠭᠡᠳᠴᠦ᠂ ᠳᠤᠮᠳᠠ ᠣᠷᠣᠨ ᠤ ᠬᠥᠭᠵᠢᠯᠲᠡ ᠨᠠᠩ ᠥᠨᠳᠥᠷ ᠭᠠᠷᠤᠭ᠎ᠠ ᠳᠡᠭᠡᠷ᠎ᠡ ᠵᠣᠭᠰᠣᠪᠠ᠃ ᠡᠭᠦᠨ ᠤ ᠬᠠᠮᠲᠤ ᠳᠤᠮᠳᠠ ᠣᠷᠣᠨ ᠤ ᠭᠠᠵᠠᠷ | ᠣᠷᠣᠨ ᠤ ᠬᠥᠭᠵᠢᠯ ᠮᠠᠨᠳᠤᠯ ᠢ ᠠᠬᠢᠭᠤᠯᠬᠤ ᠳᠤ ᠮᠥᠨ ᠯᠡ ᠴᠥᠭᠡᠨ ᠪᠤᠰᠤ ᠬᠦᠴᠢᠷᠳᠡᠯ ᠪᠠ ᠥᠷᠢᠰᠦᠯᠳᠦᠭᠡᠨ ᠳᠤ ᠲᠤᠯᠭᠠᠷᠠᠵᠤ᠂ ᠦᠨᠡᠨ ᠬᠦ ᠰᠤᠳᠤᠯᠤᠨ | ᠰᠢᠢᠳᠪᠦᠷᠢᠯᠡᠬᠦ ᠬᠡᠷᠡᠭᠲᠡᠢ ᠭᠡᠳᠡᠭ ᠢ ᠣᠯᠵᠤ ᠬᠠᠷᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠠᠵᠤ ᠦᠢᠯᠡᠰ ᠤᠨ ᠰᠢᠨ᠎ᠡ ᠶᠢ ᠡᠭᠦᠳᠬᠦ ᠶᠢ ᠬᠥᠲᠥᠯᠥᠨ ᠳᠠᠭᠠᠭᠤᠯᠵᠤ᠂ | ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠢᠳᠡᠪᠬᠢᠲᠡᠢ ᠪᠤᠶᠢᠵᠢᠭᠤᠯᠤᠨ ᠬᠥᠭᠵᠢᠭᠦᠯᠬᠦ ᠬᠡᠷᠡᠭᠲᠡᠢ᠃ ᠪᠣᠳᠠᠲᠤ ᠴᠣᠭᠴᠠ ᠶᠢᠨ ᠠᠵᠤ ᠠᠬᠤᠢ ᠭᠡᠬᠦ ᠡᠨᠡ | ᠬᠦ ᠰᠠᠭᠤᠷᠢ ᠳᠤ ᠰᠠᠭᠤᠷᠢᠯᠠᠨ᠂ ᠲᠡᠷᠢᠭᠦᠨ ᠤ ᠦᠢᠯᠡᠳᠬᠦ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠰᠢᠨ᠎ᠡ ᠭᠡᠯᠪᠡᠷᠢ ᠶᠢᠨ ᠠᠵᠤ ᠦᠢᠯᠡᠳᠪᠦᠷᠢᠵᠢᠯᠲᠡ ᠶᠢ | ᠢᠳᠡᠪᠬᠢᠲᠡᠢ ᠠᠬᠢᠭᠤᠯᠤᠨ᠂ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠤᠷᠢᠳᠴᠢᠯᠠᠨ ᠪᠠᠶᠢᠷᠢᠰᠢᠭᠤᠯᠵᠤ ᠪᠦᠲᠦᠭᠡᠨ ᠪᠠᠶᠢᠭᠤᠯᠵᠤ᠂ ᠲᠡᠷᠢᠭᠦᠨ ᠤ ᠦᠢᠯᠡᠳᠬᠦ ᠦᠢᠯᠡᠰ ᠢᠶᠠᠷ | ᠲᠤᠯᠭᠠᠭᠤᠷᠢᠯᠠᠯ ᠪᠤᠯᠭᠠᠬᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠨᠡᠩ ᠴᠢᠬᠤᠯᠠᠴᠢᠯᠠᠵᠤ᠂ ᠴᠢᠬᠤᠯᠠ ᠶᠡᠭᠡ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠵᠤ᠂ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ | ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠶᠢ ᠨᠡᠮᠡᠭᠳᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ | ᠴᠢᠩᠭᠠᠳᠬᠠᠵᠤ᠂ ᠡᠬᠢᠨ ᠤ ᠪᠠ ᠡᠴᠦᠰ ᠤᠨ ᠠᠵᠤ ᠦᠢᠯᠡᠰ ᠨᠢᠭᠲᠠ ᠬᠠᠮᠲᠤᠷᠠᠯᠴᠠᠭᠰᠠᠨ ᠰᠢᠨ᠎ᠡ ᠶᠢ ᠡᠭᠦᠳᠬᠦ ᠬᠤᠯᠪᠣᠭᠠᠲᠤ ᠴᠣᠭᠴᠠ ᠶᠢ ᠪᠠᠶᠢᠭᠤᠯᠵᠤ᠂ | ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠠᠭᠤᠰᠤᠯᠴᠠᠨ ᠨᠡᠪᠲᠡᠷᠡᠯᠴᠡᠵᠦ ᠰᠢᠨ᠎ᠡ ᠶᠢ ᠡᠭᠦᠳᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠦᠷ᠎ᠡ ᠪᠦᠲᠦᠭᠡᠯ ᠢ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠨ ᠣᠨᠳᠣᠣᠰᠢᠭᠤᠯᠬᠤ ᠶᠢ ᠲᠦᠷᠭᠡᠳᠬᠡᠬᠦ ᠬᠡᠷᠡᠭᠲᠡᠢ᠃ ᠦᠢᠯᠡᠳᠬᠦ ᠦᠢᠯᠡᠰ ᠤᠨ | ᠴᠢᠬᠤᠯᠠ ᠶᠡᠭᠡ ᠮᠡᠷᠭᠡᠵᠢᠯ ᠤᠨ ᠥᠭᠡᠷᠡᠴᠢᠯᠡᠯᠲᠡ ᠬᠢᠵᠦ ᠲᠡᠰ ᠳᠡᠪᠰᠢᠭᠦᠯᠬᠦ ᠪᠠ ᠶᠡᠭᠡ ᠬᠡᠪᠴᠢᠶᠡᠨ ᠤ ᠲᠤᠨᠤᠭ ᠲᠥᠬᠦᠭᠡᠷᠦᠮᠵᠢ ᠶᠢ ᠰᠢᠨᠡᠳᠬᠡᠬᠦ ᠢᠨᠵᠧᠨᠧᠷᠢᠩ ᠢ | ᠭᠦᠨᠵᠡᠭᠡᠢ ᠬᠡᠷᠡᠭᠵᠢᠭᠦᠯᠵᠦ᠂ ᠦᠢᠯᠡᠳᠬᠦ ᠦᠢᠯᠡᠰ ᠢ ᠳᠡᠭᠡᠳᠦ ᠲᠡᠰᠵᠢᠭᠦᠯᠭᠦ᠂ ᠣᠶᠤᠨᠴᠢᠯᠠᠬᠤ᠂ ᠪᠣᠬᠢᠷᠳᠤᠯ ᠦᠭᠡᠶᠢᠵᠢᠭᠦᠯᠦᠨ ᠬᠥᠭᠵᠢᠭᠦᠯᠬᠦ ᠶᠢ ᠠᠬᠢᠭᠤᠯᠵᠤ᠂ | ᠤᠯᠠᠮᠵᠢᠯᠠᠯᠲᠤ ᠠᠵᠤ ᠦᠢᠯᠡᠰ ᠢ ᠰᠢᠨ᠎ᠡ ᠠᠮᠢᠵᠢᠷᠠᠯ ᠤᠨ ᠬᠦᠴᠦᠨ ᠲᠠᠢ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠪᠤᠰᠤᠳ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠯᠤᠭ᠎ᠠ ᠵᠤᠯᠭᠠᠯᠴᠠᠭᠤᠯᠬᠤ ᠶᠢ ᠴᠢᠩᠭᠠᠳᠬᠠᠵᠤ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠨᠡᠩ ᠰᠠᠶᠢᠲᠤᠷ ᠠᠭᠤᠰᠤᠯᠴᠠᠨ ᠲᠤᠯᠭᠠᠭᠤᠷᠢᠯᠠᠬᠤ ᠬᠡᠷᠡᠭᠲᠡᠢ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ | ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠯᠤᠭ᠎ᠠ ᠶᠢᠨ ᠭᠦᠨᠵᠡᠭᠡᠢ ᠵᠣᠯᠭᠠᠯᠴᠠᠭ᠎ᠠ ᠶᠢ ᠴᠢᠩᠭᠠᠳᠬᠠᠵᠤ᠂ ᠬᠥᠬᠡᠮᠥ᠋ᠷᠡᠨ ᠤ ᠠᠵᠤ ᠠᠬᠤᠢ ᠶᠢᠨ | ᠪᠦᠰᠡ ᠶᠢᠨ ᠬᠥᠭᠵᠢᠯᠲᠡ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠯᠦᠭᠡ ᠶᠢᠨ | ᠠᠭᠤᠰᠤᠯᠴᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠬᠤ ᠬᠡᠷᠡᠭᠲᠡᠢ᠃ ᠠᠵᠤ ᠦᠢᠯᠡᠰ ᠢ ᠱᠠᠲᠤᠯᠢᠭ ᠰᠢᠯᠵᠢᠭᠦᠯᠬᠦ ᠶᠢ ᠡᠮᠬᠢ ᠵᠢᠷᠤᠮ ᠲᠠᠢ ᠪᠠᠷ ᠭᠥᠯᠢᠶᠡᠨ | ᠠᠪᠴᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠢ᠃ ᠣᠳᠣᠬᠢᠴᠢᠯᠠᠭᠰᠠᠨ ᠵᠠᠮ ᠬᠠᠷᠢᠯᠴᠠᠭᠠᠨ ᠤ ᠰᠠᠭᠤᠷᠢ ᠲᠥᠬᠦᠭᠡᠷᠦᠮᠵᠢ ᠶᠢᠨ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠳᠤᠮᠳᠠ ᠣᠷᠣᠨ ᠤ ᠶᠡᠭᠡ ᠨᠡᠪᠲᠡᠷᠡᠬᠦ ᠵᠠᠮ ᠤᠨ ᠪᠠᠶᠢᠷᠢᠰᠢᠯ ᠢ ᠴᠢᠩᠭᠠᠳᠬᠠᠬᠤ ᠬᠡᠷᠡᠭᠲᠡᠢ᠃ ᠣᠷᠣᠨ | ᠪᠦᠰᠡ ᠶᠢᠨ ᠳᠣᠲᠣᠷᠠᠬᠢ ᠮᠤᠵᠢ ᠶᠢᠨ ᠬᠤᠭᠤᠷᠣᠨᠳᠣᠭᠢ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠣᠷᠣᠨ ᠪᠦᠰᠡ ᠶᠢᠨ ᠬᠠᠮᠵᠢᠯᠴᠠᠨ | ᠬᠥᠭᠵᠢᠬᠦ ᠲᠦᠪᠰᠢᠨ ᠢ ᠳᠡᠭᠡᠭᠰᠢᠯᠡᠭᠦᠯᠭᠦ ᠬᠡᠷᠡᠭᠲᠡᠢ᠃ ᠬᠥᠬᠡᠮᠥ᠋ᠷᠡᠨ ᠤ ᠳᠤᠮᠳᠠ ᠤᠷᠤᠰᠬᠠᠯ ᠤᠨ ᠬᠤᠳᠠ ᠶᠢᠨ ᠪᠦᠯᠦᠭᠵᠢᠯ ᠪᠠ ᠳᠤᠮᠳᠠᠳᠤ ᠣᠷᠣᠨ ᠤ ᠬᠤᠳᠠ ᠶᠢᠨ | ᠪᠦᠯᠦᠭᠵᠢᠯ ᠤᠨ ᠬᠥᠭᠵᠢᠯᠲᠡ ᠶᠢ ᠶᠡᠭᠡ ᠪᠠᠷ ᠠᠬᠢᠭᠤᠯᠵᠤ᠂ ᠬᠤᠳᠠ ᠶᠢᠨ ᠬᠦᠷᠢᠶᠡᠨ ᠤ ᠬᠤᠭᠤᠷᠣᠨᠳᠣᠭᠢ ᠵᠣᠬᠢᠴᠠᠯᠳᠤᠨ ᠬᠤᠯᠪᠣᠯᠳᠤᠬᠤ ᠶᠢ ᠴᠢᠩᠭᠠᠳᠬᠠᠵᠤ᠂ ᠡᠷᠭᠢᠨ | ᠲᠣᠭᠤᠷᠢᠨ ᠤ ᠭᠠᠵᠠᠷ ᠣᠷᠣᠨ ᠤ ᠬᠥᠭᠵᠢᠯᠲᠡ ᠶᠢ ᠨᠡᠩ ᠰᠠᠶᠢᠲᠤᠷ ᠳᠠᠭᠠᠭᠤᠯᠤᠨ ᠳᠠᠶᠢᠴᠢᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ ᠪᠦᠬᠦᠢ ᠨᠡᠭᠡᠭᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ | ᠨᠡᠩ ᠥᠷᠢᠰᠦᠯᠳᠦᠬᠦ ᠬᠦᠴᠦᠨ ᠲᠠᠢ ᠳᠣᠲᠣᠭᠠᠳᠤ ᠬᠠᠭᠤᠷᠠᠢ ᠶᠢᠨ ᠨᠡᠭᠡᠭᠡᠯᠲᠡ ᠶᠢᠨ ᠥᠨᠳᠦᠷᠯᠢᠭ ᠢ ᠦᠷᠭᠦᠯᠵᠢᠯᠡᠨ ᠴᠣᠭᠴᠠᠯᠠᠬᠤ ᠬᠡᠷᠡᠭᠲᠡᠢ᠃ ᠡᠯᠧᠮᠧᠨ᠋ᠲ ᠤᠨ ᠵᠠᠬ᠎ᠠ | ᠳᠡᠯᠭᠡᠭᠦᠷᠴᠢᠯᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠰᠠᠭᠤᠷᠢ ᠳᠦᠷᠢᠮ ᠢ ᠲᠡᠭᠦᠯᠳᠡᠷᠵᠢᠭᠦᠯᠦᠨ᠂ ᠣᠷᠣᠨ | ᠨᠤᠲᠤᠭ ᠤᠨ ᠬᠠᠮᠠᠭᠠᠯᠠᠯᠲᠠ ᠶᠢᠨ ᠦᠢᠯᠡ ᠠᠵᠢᠯᠯᠠᠭ᠎ᠠ ᠶᠢ ᠪᠦᠭᠦ ᠲᠠᠯ᠎ᠠ ᠪᠠᠷ ᠢᠯᠭᠠᠷᠠᠭᠤᠯᠤᠨ ᠵᠠᠯᠠᠷᠠᠭᠤᠯᠵᠤ᠂ ᠡᠯ᠎ᠡ ᠵᠦᠢᠯ ᠤᠨ ᠦᠢᠯᠡᠳᠪᠦᠷᠢᠯᠡᠯ ᠤᠨ ᠬᠦᠴᠦᠨ ᠤ | ᠡᠯᠧᠮᠧᠨ᠋ᠲ ᠤᠨ ᠣᠷᠣᠨ ᠪᠦᠰᠡ ᠠᠯᠤᠰᠯᠠᠨ ᠵᠦᠢ ᠵᠣᠬᠢᠰᠲᠠᠢ ᠪᠠᠷ ᠰᠢᠯᠵᠢᠭᠦ ᠪᠠ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠵᠤ᠂ ᠪᠦᠭᠦ ᠤᠯᠤᠰ ᠤᠨ | ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠳᠤ ᠨᠡᠩ ᠰᠠᠶᠢᠨ ᠣᠷᠤᠯᠴᠠᠬᠤ ᠬᠡᠷᠡᠭᠲᠡᠢ᠃ ᠳᠦᠷᠢᠮ ᠤᠨ ᠭᠡᠯᠪᠡᠷᠢ ᠶᠢᠨ ᠨᠡᠭᠡᠭᠡᠯᠲᠡ ᠶᠢ ᠯᠠᠪᠳᠠᠭᠤᠨ ᠢᠶᠠᠷ | ᠥᠷᠭᠡᠳᠬᠡᠵᠦ᠂ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠭᠦᠨᠵᠡᠭᠡᠢ ᠠᠭᠤᠰᠤᠯᠴᠠᠵᠤ᠂ ᠰᠢᠨ᠎ᠡ ᠠᠽᠢᠶ᠎ᠠ ᠡᠸᠦ᠋ᠷᠦᠫᠡ ᠶᠢᠨ ᠡᠬᠡ | ᠬᠠᠭᠤᠷᠠᠢ ᠶᠢᠨ ᠬᠥᠭᠦᠷᠭᠡ᠂ ᠪᠠᠷᠠᠭᠤᠨ ᠬᠡᠰᠡᠭ ᠤᠨ ᠡᠬᠡ ᠬᠠᠭᠤᠷᠠᠢ ᠪᠠ ᠲᠡᠯᠡᠶ ᠶᠢᠨ ᠰᠢᠨ᠎ᠡ ᠨᠡᠪᠲᠡᠷᠡᠬᠦ ᠵᠠᠮ ᠳᠤ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ | ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠥᠨᠳᠥᠷ ᠪᠠᠷᠢᠮᠵᠢᠶ᠎ᠠ ᠪᠠᠷ ᠪᠦᠲᠦᠭᠡᠨ ᠪᠠᠶᠢᠭᠤᠯᠵᠤ᠂ ᠨᠠᠩ ᠣᠯᠠᠨ ᠥᠨᠳᠥᠷ ᠴᠢᠳᠠᠮᠵᠢᠲᠤ ᠭᠠᠳᠠᠭᠠᠳᠤ | ᠨᠡᠭᠡᠭᠡᠯᠲᠡ ᠶᠢᠨ ᠬᠠᠮᠲᠤᠷᠠᠯᠴᠠᠭᠠᠨ ᠤ ᠲᠠᠪᠴᠠᠩ ᠢ ᠪᠠᠶᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ ᠣᠷᠴᠢᠯ ᠢ ᠬᠤᠯᠪᠣᠨ ᠨᠡᠪᠲᠡᠷᠡᠭᠦᠯᠬᠦ ᠲᠠᠯ᠎ᠠ ᠪᠠᠷ | ᠨᠠᠩ ᠶᠡᠭᠡ ᠦᠢᠯᠡᠳᠦᠯ ᠦᠵᠡᠭᠦᠯᠭᠦ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠶᠢᠵᠢᠭᠰᠡᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠤᠨ | ᠪᠠᠶᠢᠭᠤᠯᠤᠯᠲᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠯᠧᠮᠧᠨ᠋ᠲ ᠤᠨ ᠡᠬᠢ ᠪᠠᠶᠠᠯᠢᠭ ᠲᠠᠬᠢ ᠲᠠᠲᠠᠬᠤ ᠬᠦᠴᠦᠨ ᠢ ᠴᠢᠩᠭᠠᠷᠠᠭᠤᠯᠬᠤ | ᠬᠡᠷᠡᠭᠲᠡᠢ᠃ ︽ᠬᠤᠶᠠᠷ ᠤᠬᠳᠤ ᠭᠤᠶᠢᠪᠢᠰᠢ ᠦᠭᠡᠢ ᠪᠠᠶᠢᠬᠤ︾ ᠶᠢ ᠪᠠᠷᠢᠮᠲᠠᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠦᠴᠦᠷᠬᠡᠭᠵᠢᠨ | ᠰᠢᠯᠢᠳᠡᠭᠵᠢᠵᠦ ᠪᠤᠵᠠᠭᠠᠶᠢᠷᠠᠬᠤ ᠶᠢ ᠲᠡᠮᠵᠢᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠯᠲᠡ ᠶᠢᠨ ᠣᠷᠴᠢᠨ ᠨᠥᠬᠦᠴᠡᠯ ᠢ ᠴᠢᠨᠠᠭᠰᠢᠳᠠ | ᠰᠢᠯᠢᠳᠡᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠬᠠᠮᠵᠢᠯᠴᠠᠨ | ᠠᠬᠢᠭᠤᠯᠵᠤ᠂ ᠦᠵᠡᠰᠬᠦᠯᠡᠩᠲᠦ ᠰᠠᠶᠢᠬᠠᠨ ᠳᠤᠮᠳᠠ ᠣᠷᠣᠨ ᠢ ᠲᠦᠷᠭᠡᠳᠬᠡᠨ ᠪᠦᠲᠦᠭᠡᠨ ᠪᠠᠶᠢᠭᠤᠯᠬᠤ ᠬᠡᠷᠡᠭᠲᠡᠢ᠃ ᠪᠣᠬᠢᠷᠳᠤᠯ ᠢ ᠰᠡᠷᠭᠡᠶᠢᠯᠡᠨ ᠵᠠᠰᠠᠬᠤ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠵᠦ᠂ ᠶᠡᠭᠡ ᠭᠤᠣᠯ ᠮᠥᠷᠡᠨ ᠪᠠ ᠴᠢᠬᠤᠯᠠ ᠨᠠᠭᠤᠷ ᠴᠥᠭᠦᠷᠥᠮ ᠤᠨ ᠠᠮᠢ ᠠᠬᠤᠢ ᠣᠷᠴᠢᠨ | ᠲᠣᠭᠤᠷᠢᠨ ᠢ ᠰᠢᠰᠲ᠋ᠧᠮ ᠲᠠᠢ ᠵᠠᠰᠠᠬᠤ᠂ ᠶᠡᠷᠦᠩᠬᠡᠶᠢᠯᠡᠨ ᠵᠠᠰᠠᠬᠤ᠂ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠬᠤᠳᠠ ᠪᠠᠯᠭᠠᠰᠤᠨ ᠤ ᠠᠮᠢᠳᠤᠷᠠᠯ ᠤᠨ ᠪᠣᠬᠢᠷ | ᠤᠰᠤ ᠶᠢ ᠴᠤᠭᠯᠠᠭᠤᠯᠬᠤ ᠪᠠ ᠰᠢᠢᠳᠪᠦᠷᠢᠯᠡᠬᠦ ᠲᠥᠬᠦᠭᠡᠷᠦᠮᠵᠢ ᠶᠢᠨ ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ᠃ ᠠᠵᠤ ᠦᠢᠯᠡᠰ᠂ ᠡᠨᠧᠷᠭᠢ᠂ ᠵᠠᠮ | ᠬᠠᠷᠢᠯᠴᠠᠭ᠎ᠠ ᠲᠡᠭᠡᠭᠡᠪᠦᠷᠢ ᠶᠢᠨ ᠪᠦᠲᠦᠴᠡ ᠶᠢᠨ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠭᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ | ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ ᠲᠦᠷᠭᠡᠳᠬᠡᠨ ᠪᠤᠶᠢᠵᠢᠭᠤᠯᠤᠨ ᠪᠤᠵᠠᠭᠠᠶᠢᠷᠠᠭᠤᠯᠵᠤ᠂ ᠡᠬᠢ ᠪᠠᠶᠠᠯᠢᠭ ᠢ ᠠᠷᠪᠢᠯᠠᠬᠤ | ᠡᠷᠴᠢᠮᠵᠢᠭᠦᠯᠬᠦ ᠡᠷᠭᠢᠯᠳᠦᠭᠦᠯᠦᠨ ᠠᠰᠢᠭᠯᠠᠬᠤ ᠶᠢ ᠴᠢᠩᠭᠠᠳᠬᠠᠬᠤ ᠬᠡᠷᠡᠭᠲᠡᠢ᠃ ᠰᠠᠪᠠ ᠭᠠᠵᠠᠷ ᠤᠨ ᠬᠥᠨᠳᠡᠯᠡᠨ ᠴᠢᠭᠯᠡᠯ ᠤᠨ ᠠᠮᠢ ᠠᠬᠤᠢ ᠶᠢᠨ ᠬᠠᠮᠠᠭᠠᠯᠠᠯᠲᠠ ᠶᠢᠨ | ᠨᠥᠬᠦᠪᠦᠷᠢ ᠶᠢᠨ ᠲᠣᠭᠲᠠᠴᠠ ᠪᠠ ᠠᠮᠢ ᠠᠬᠤᠢ ᠶᠢᠨ ᠦᠢᠯᠡᠳᠬᠦᠨ ᠤ ᠦᠷᠳᠡᠭ ᠢ ᠪᠡᠶᠡᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠢ ᠠᠮᠢ | ᠠᠬᠤᠶᠢᠵᠢᠭᠤᠯᠬᠤ ᠪᠠ ᠠᠮᠢ ᠠᠬᠤᠢ ᠶᠢ ᠠᠵᠤ ᠦᠢᠯᠡᠰᠵᠢᠭᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠪᠦᠭᠦ ᠲᠠᠯ᠎ᠠ ᠪᠠᠷ ᠬᠥᠭᠵᠢᠭᠦᠯᠦᠨ | ᠮᠠᠨᠳᠤᠭᠤᠯᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠰᠢᠶᠠᠨ ᠤ ᠬᠤᠳᠠ ᠪᠠᠷ ᠴᠢᠬᠤᠯᠠ ᠠᠴᠢᠶᠠᠯᠠᠪᠤᠷᠢ ᠪᠤᠯᠭᠠᠬᠰᠠᠨ ᠰᠢᠨ᠎ᠡ ᠭᠡᠯᠪᠡᠷᠢ ᠶᠢᠨ ᠬᠤᠳᠠ | ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠳᠠ ᠬᠥᠳᠡᠭᠡ ᠶᠢᠨ ᠬᠤᠭᠤᠷᠣᠨᠳᠣᠭᠢ ᠤᠯᠠᠨ ᠨᠡᠶᠢᠲᠡ ᠶᠢᠨ ᠡᠬᠢ ᠪᠠᠶᠠᠯᠢᠭ ᠢ ᠲᠡᠩᠴᠡᠭᠦᠷᠢᠲᠡᠢ | ᠲᠣᠬᠢᠷᠠᠭᠤᠯᠬᠤ ᠪᠠ ᠦᠢᠯᠡᠳᠪᠦᠷᠢᠯᠡᠯ ᠤᠨ ᠡᠯᠧᠮᠧᠨ᠋ᠲ ᠢ ᠴᠢᠯᠦᠭᠡᠲᠡᠢ ᠰᠢᠯᠵᠢᠭᠦᠯᠬᠦ ᠶᠢ ᠠᠬᠢᠭᠤᠯᠵᠤ᠂ ᠬᠤᠳᠠ ᠶᠢᠨ ᠰᠠᠭᠤᠷᠢ ᠲᠥᠬᠦᠭᠡᠷᠦᠮᠵᠢ ᠪᠠ ᠤᠯᠠᠨ ᠨᠡᠶᠢᠲᠡ ᠶᠢᠨ | ᠦᠢᠯᠡᠴᠢᠯᠡᠭᠡ ᠶᠢ ᠬᠥᠳᠡᠭᠡ ᠲᠣᠰᠬᠤᠨ ᠲᠡᠶᠢᠰᠢ ᠤᠷᠲᠤᠳᠬᠠᠬᠤ ᠶᠢ ᠠᠬᠢᠭᠤᠯᠬᠤ ᠬᠡᠷᠡᠭᠲᠡᠢ᠃ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢ ᠤᠯᠠᠮ | ᠴᠢᠨᠠᠭᠰᠢᠳᠠ ᠰᠠᠶᠢᠵᠢᠷᠠᠭᠤᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠴᠢᠩᠭᠠᠳᠬᠠᠵᠤ᠂ ᠲᠠᠷᠢᠶᠠᠯᠠᠩ ᠤᠨ ᠵᠣᠬᠢᠰᠲᠠᠢ | ᠭᠡᠪᠴᠢᠶᠡᠵᠢᠯᠳᠤ ᠡᠵᠡᠩᠨᠡᠯᠲᠡ ᠶᠢ ᠠᠬᠢᠭᠤᠯᠵᠤ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ | ᠬᠥᠳᠡᠭᠡ ᠲᠣᠰᠬᠤᠨ ᠤ ᠥᠭᠡᠷᠡᠴᠢᠯᠡᠯᠲᠡ ᠶᠢ ᠤᠯᠠᠮ ᠴᠢᠨᠠᠭᠰᠢᠳᠠ ᠭᠦᠨᠵᠡᠭᠡᠶᠢᠷᠡᠭᠦᠯᠵᠦ᠂ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ | ᠠᠷᠠᠳ ᠢ ᠪᠠᠶᠠᠵᠢᠭᠤᠯᠬᠤ ᠶᠢ ᠳᠡᠮᠵᠢᠬᠦ ᠳᠦᠷᠢᠮ ᠢ ᠲᠡᠭᠦᠯᠳᠡᠷᠵᠢᠭᠦᠯᠦᠨ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠬᠥᠭᠵᠢᠯᠲᠡ ᠶᠢᠨ ᠠᠮᠢᠳᠤᠯᠢᠭ ᠬᠦᠴᠦᠨ ᠢ | ᠭᠦᠢᠴᠡᠳ ᠬᠥᠭᠵᠢᠭᠡᠬᠦ ᠬᠡᠷᠡᠭᠲᠡᠢ᠃ ᠬᠤᠰᠢᠭᠤ ᠰᠢᠶᠠᠨ ᠤ ᠠᠵᠤ ᠠᠬᠤᠢ ᠶᠢ ᠶᠡᠭᠡ ᠪᠠᠷ ᠬᠥᠭᠵᠢᠭᠦᠯᠵᠦ᠂ ᠰᠢᠨ᠎ᠡ ᠨᠡᠮᠡᠭᠳᠡᠯ ᠤᠨ ᠴᠡᠭ ᠢ ᠪᠤᠶ ᠪᠤᠯᠭᠠᠬᠤ ᠬᠡᠷᠡᠭᠲᠡᠢ᠃ | ᠬᠤᠪᠢᠰᠬᠠᠯ ᠤᠨ ᠡᠷᠲᠡ ᠴᠢᠯᠦᠭᠡᠯᠡᠭᠳᠡᠭᠰᠡᠨ ᠣᠷᠣᠨ ᠪᠣᠯᠣᠨ ᠬᠥᠭᠵᠢᠭᠡᠳᠦᠢ ᠰᠢᠶᠠᠨ ︵ᠬᠤᠲᠠ᠂ ᠲᠣᠭᠤᠷᠢᠭ︶ ᠢ ᠬᠥᠭᠵᠢᠭᠦᠯᠦᠨ ᠮᠠᠨᠳᠤᠭᠤᠯᠬᠤ ᠶᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠨ᠂ ᠣᠨᠴᠠᠯᠢᠭᠲᠤ ᠠᠵᠤ ᠦᠢᠯᠡᠰ ᠢ ᠬᠥᠭᠵᠢᠭᠦᠯᠦᠨ | ᠪᠤᠵᠠᠭᠠᠶᠢᠷᠠᠭᠤᠯᠵᠤ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠴᠢᠩᠭᠠᠷᠠᠭᠤᠯᠬᠤ ᠬᠡᠷᠡᠭᠲᠡᠢ᠃ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ | ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠬᠡᠪᠴᠢᠶᠡᠵᠢᠯ ᠤᠨ ᠴᠢᠨᠠᠷᠲᠠᠢ ᠲᠠᠭᠢᠨ ᠶᠠᠳᠠᠭᠤᠷᠠᠬᠤ ᠶᠢ ᠰᠡᠷᠭᠡᠶᠢᠯᠡᠬᠦ ᠬᠡᠷᠡᠭᠲᠡᠢ᠃ ᠬᠥᠳᠡᠭᠡ ᠲᠣᠰᠬᠤᠨ ᠤ | ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠶᠡᠭᠡ ᠪᠠᠷ ᠠᠬᠢᠭᠤᠯᠵᠤ᠂ ᠬᠡᠪ ᠵᠠᠩᠰᠢᠯ ᠢ ᠥᠭᠡᠷᠡᠴᠢᠯᠡᠬᠦ ᠶᠢ ᠠᠬᠢᠭᠤᠯᠬᠤ ᠬᠡᠷᠡᠭᠲᠡᠢ᠃ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠭᠰᠠᠨ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠮᠣᠷᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠦᠨᠳᠦᠰᠦᠨ ᠱᠠᠲᠤᠨ ᠤ | ᠵᠠᠰᠠᠯᠲᠠ ᠶᠢᠨ ᠰᠢᠰᠲ᠋ᠧᠮ ᠢ ᠪᠦᠷᠢᠨᠰᠢᠭᠦᠯᠵᠦ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ ᠶᠢ ᠪᠡᠶᠡᠯᠡᠭᠦᠯᠵᠦ᠂ ᠢᠳᠡᠪᠬᠢᠲᠡᠢ ᠪᠥᠭᠡᠳ ᠡᠷᠡᠭᠦᠯ ᠨᠡᠶᠢᠭᠡᠮ ᠤᠨ ᠠᠮᠢ ᠠᠬᠤᠢ ᠶᠢ ᠪᠤᠶ ᠪᠤᠯᠭᠠᠬᠤ ᠬᠡᠷᠡᠭᠲᠡᠢ | ᠭᠡᠵᠦ ᠴᠢᠬᠤᠯᠠᠴᠢᠯᠠᠪᠠ᠃ | ᠰᠢ ᠶᠢᠨ ᠫᠢᠩ᠂ ᠴᠢᠨᠠᠷ ᠰᠠᠶᠢᠲᠠᠢ ᠬᠥᠭᠵᠢᠯᠲᠡ ᠪᠣᠯᠣᠨ ᠥᠨᠳᠥᠷ ᠲᠦᠪᠰᠢᠨ ᠪᠦᠬᠦᠢ ᠠᠮᠤᠷ ᠲᠦᠪᠰᠢᠨ ᠢ ᠬᠠᠷᠢᠯᠴᠠᠨ ᠠᠬᠢᠭᠤᠯᠬᠤ ᠶᠢ ᠪᠠᠷᠢᠮᠲᠠᠯᠠᠵᠤ᠂ ᠠᠮᠤ | ᠪᠤᠳᠠᠭ᠎ᠠ ᠡᠨᠧᠷᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠪᠠᠨ ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ᠃ ᠠᠮᠤ ᠪᠤᠳᠠᠭᠠᠨ ᠤ | ᠦᠢᠯᠡᠳᠪᠦᠷᠢᠯᠡᠯ ᠤᠨ ᠴᠢᠳᠠᠮᠵᠢᠲᠤ ᠣᠷᠣᠨ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠬᠠᠮᠠᠭᠠᠯᠠᠯᠲᠠ ᠶᠢᠨ ᠣᠷᠣᠨ ᠪᠠ ᠣᠨᠴᠠᠯᠢᠭᠲᠤ | ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠳᠠᠪᠠᠭᠤᠯᠢᠭ ᠣᠷᠣᠨ ᠤ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠠᠬᠢᠭᠤᠯᠵᠤ᠂ ᠨᠢᠭᠡ ᠪᠦᠯᠦᠭ ᠪᠣᠬᠢᠷᠳᠤᠯ | ᠦᠭᠡᠢ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠢ ᠦᠢᠯᠡᠳᠪᠦᠷᠢᠯᠡᠬᠦ ᠪᠤᠯᠪᠠᠰᠤᠷᠠᠭᠤᠯᠬᠤ ᠬᠠᠩᠭᠠᠬᠤ ᠰᠠᠭᠤᠷᠢᠨ ᠢ ᠪᠤᠢ ᠪᠤᠯᠭᠠᠵᠤ᠂ ᠠᠮᠤ ᠪᠤᠳᠠᠭ᠎ᠠ ᠵᠡᠷᠭᠡ | ᠴᠢᠬᠤᠯᠠ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠲᠣᠭᠲᠠᠭᠤᠨ ᠪᠥᠭᠡᠳ ᠠᠮᠤᠷ ᠲᠦᠪᠰᠢᠨ ᠬᠠᠩᠭᠠᠯᠭ᠎ᠠ ᠶᠢ ᠦᠨᠡᠨ ᠬᠦ ᠪᠠᠲᠤᠯᠠᠬᠤ ᠬᠡᠷᠡᠭᠲᠡᠢ᠃ ᠨᠡᠭᠦᠷᠡᠰᠦ᠂ | ᠬᠤᠪᠣᠷ ᠰᠢᠷᠣᠢ ᠵᠡᠷᠭᠡ ᠡᠬᠢ ᠪᠠᠶᠠᠯᠢᠭ ᠢ ᠨᠡᠭᠡᠭᠡᠨ ᠠᠰᠢᠭᠯᠠᠬᠤ ᠬᠢᠷᠢ ᠲᠦᠪᠰᠢᠨ ᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠡᠭᠦᠷᠡᠰᠦ ᠵᠡᠷᠭᠡ ᠴᠢᠯᠠᠭᠤᠵᠢᠮᠠᠯ | ᠡᠨᠧᠷᠭᠢ ᠶᠢᠨ ᠦᠨᠳᠦᠰᠦᠨ ᠵᠦᠢᠯ ᠢ ᠪᠠᠲᠤᠯᠠᠬᠤ ᠴᠢᠳᠠᠪᠤᠷᠢ ᠶᠢ ᠴᠢᠩᠭᠠᠷᠠᠭᠤᠯᠤᠨ᠂ ᠰᠢᠨ᠎ᠡ ᠮᠠᠶ᠋ᠢᠭ ᠤᠨ ᠡᠨᠧᠷᠭᠢ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ | ᠤᠯᠠᠮᠵᠢᠯᠠᠯᠲᠤ ᠡᠨᠧᠷᠭᠢ ᠬᠢᠭᠡᠳ ᠰᠢᠨ᠎ᠡ ᠡᠨᠧᠷᠭᠢ ᠶᠢᠨ ᠣᠯᠠᠨ ᠡᠨᠧᠷᠭᠢ ᠬᠠᠷᠢᠯᠴᠠᠨ ᠨᠥᠬᠦᠪᠦᠷᠢᠯᠡᠬᠦ᠂ ᠭᠦᠨᠵᠡᠭᠡᠢ ᠠᠭᠤᠰᠤᠯᠴᠠᠭᠤᠯᠬᠤ ᠶᠢ ᠴᠢᠬᠤᠯᠠᠴᠢᠯᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠲᠥᠪ ᠤᠨ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠤᠳᠤᠷᠢᠳᠬᠤ ᠳᠤᠭᠤᠶᠢᠯᠠᠩ ᠨᠢᠭᠡᠳᠦᠯᠲᠡᠢ | ᠲᠥᠯᠥᠪᠵᠢᠭᠦᠯᠦᠨ ᠵᠣᠬᠢᠴᠠᠭᠤᠯᠬᠤ ᠪᠠ ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠴᠠᠭ ᠦᠶ᠎ᠡ ᠶᠢᠨ ᠳᠤᠮᠳᠠ ᠣᠷᠣᠨ ᠤ ᠬᠥᠭᠵᠢᠨ ᠮᠠᠨᠳᠤᠬᠤ ᠶᠢ ᠠᠬᠢᠭᠤᠯᠬᠤ ᠲᠦᠷᠦ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠰᠤᠳᠤᠯᠤᠨ ᠳᠤᠷᠠᠳᠬᠤ ᠬᠡᠷᠡᠭᠲᠡᠢ᠃ ᠣᠷᠣᠨ ᠨᠤᠲᠤᠭ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠭᠤᠣᠯ ᠴᠣᠭᠴᠠ ᠶᠢᠨ | ᠬᠠᠷᠢᠭᠤᠴᠠᠯᠭ᠎ᠠ ᠪᠠᠨ ᠡᠭᠦᠷᠭᠡᠯᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠤ᠂ | ᠭᠤᠣᠯᠳᠠᠯᠭ᠎ᠠ ᠲᠠᠢ ᠠᠵᠢᠯ ᠤᠨ ᠡᠭᠦᠷᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠵᠦᠢᠯᠡᠰ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ | ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ | ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠬᠦᠴᠦᠯᠡᠨ ᠪᠠᠶᠢᠭᠤᠯᠵᠤ᠂ ᠬᠢᠨᠠᠨ ᠰᠢᠯᠭᠠᠵᠤ ᠤᠷᠮᠠᠰᠢᠭᠤᠯᠬᠤ ᠳᠦᠷᠢᠮ ᠢ ᠪᠠᠶᠢᠭᠤᠯᠤᠨ | ᠪᠦᠷᠢᠨᠰᠢᠭᠦᠯᠵᠦ᠂ ᠺᠠᠳ᠋ᠷ ᠤᠨ ᠵᠣᠷᠢᠭᠲᠠᠢ ᠪᠠᠷ ᠵᠠᠮ ᠨᠡᠭᠡᠭᠡᠬᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠯᠢ ᠴᠢᠶᠠᠩ ᠶᠠᠷᠢᠶᠠᠨ ᠳᠠᠭᠠᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ | ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠ ᠣᠷᠣᠨ ᠤ ᠭᠠᠵᠠᠷ ᠣᠷᠣᠨ ᠢ ᠪᠦᠭᠦ᠋ᠢᠯᠡ ᠤᠯᠤᠰ ᠤᠨ ᠨᠤᠲᠤᠭ ᠳᠡᠪᠢᠰᠬᠡᠷ ᠳᠤᠮᠳᠠ ᠲᠠᠯᠪᠢᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢ ᠲᠤᠯᠭᠠᠭᠤᠷᠢᠯᠠᠬᠤ ᠳᠤᠮᠳᠠ ᠪᠠᠶᠢᠷᠢ ᠲᠣᠭᠲᠠᠭᠠᠨ ᠪᠣᠳᠣᠯᠬᠢᠯᠠᠵᠤ᠂ ᠣᠷᠣᠨ ᠪᠠᠶᠢᠷᠢ ᠶᠢᠨ ᠳᠠᠪᠠᠭᠤᠯᠢᠭ᠂ ᠡᠬᠢ | ᠪᠠᠶᠠᠯᠢᠭ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠳᠤᠮᠳᠠ ᠣᠷᠣᠨ ᠤ ᠭᠠᠵᠠᠷ ᠣᠷᠣᠨ ᠤ ᠬᠢᠨ | ᠪᠤᠰᠤᠳ ᠣᠷᠣᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠤᠯᠭᠠᠯᠴᠠᠵᠤ᠂ ᠵᠡᠭᠦᠨ ᠣᠷᠣᠨ ᠤ ᠭᠠᠵᠠᠷ ᠣᠷᠣᠨ ᠤ | ᠠᠵᠤ ᠦᠢᠯᠡᠰ ᠤᠨ ᠰᠢᠨ᠎ᠡ ᠶᠢ ᠡᠭᠦᠳᠬᠦ ᠡᠬᠢ ᠪᠠᠶᠠᠯᠢᠭ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ ᠪᠠᠷᠠᠭᠤᠨ ᠣᠷᠣᠨ ᠤ ᠭᠠᠵᠠᠷ ᠣᠷᠣᠨ ᠢ ᠨᠥᠯᠥᠭᠡᠯᠡᠨ | ᠳᠠᠶᠢᠴᠢᠯᠠᠬᠤ ᠦᠢᠯᠡᠳᠦᠯ ᠢᠶᠠᠨ ᠴᠢᠩᠭᠠᠳᠬᠠᠨ᠂ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠭᠦ ᠬᠡᠷᠡᠭᠲᠡᠢ᠃ ᠳᠠᠪᠠᠭᠤᠯᠢᠭ ᠲᠠᠯ᠎ᠠ ᠪᠠᠨ ᠳᠠᠪᠲᠠᠨ | ᠪᠤᠯᠪᠠᠰᠤᠷᠠᠭᠤᠯᠵᠤ ᠳᠤᠲᠠᠭᠤᠳᠠᠯ ᠢᠶᠠᠨ ᠨᠥᠬᠦᠪᠦᠷᠢᠯᠡᠵᠦ᠂ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ | ᠬᠥᠭᠵᠢᠯᠲᠡ ᠵᠡᠷᠭᠡ ᠲᠠᠯ᠎ᠠ ᠪᠠᠷ ᠳᠠᠪᠠᠭᠤᠯᠢᠭ ᠢᠶᠠᠨ ᠪᠠᠳᠠᠷᠠᠭᠤᠯᠵᠤ᠂ ᠳᠠᠯᠳᠠ ᠴᠢᠳᠠᠪᠤᠷᠢ ᠪᠠᠨ ᠪᠠᠳᠠᠷᠠᠭᠤᠯᠵᠤ᠂ ᠣᠷᠣᠨ ᠪᠦᠰᠡ ᠶᠢᠨ ᠳᠣᠲᠣᠭᠠᠳᠤ ᠶᠢᠨ | ᠬᠠᠮᠲᠤᠷᠠᠯᠴᠠᠭ᠎ᠠ ᠪᠠᠨ ᠴᠢᠩᠭᠠᠳᠬᠠᠬᠤ᠂ ᠪᠦᠬᠦᠯᠢ ᠴᠣᠭᠴᠠ ᠪᠠᠷ ᠬᠤᠯᠪᠤᠭᠠᠯᠠᠨ ᠬᠥᠳᠡᠯᠦᠯᠴᠡᠬᠦ ᠶᠢ ᠠᠬᠢᠭᠤᠯᠵᠤ᠂ ᠳᠤᠮᠳᠠ ᠣᠷᠣᠨ ᠤ ᠪᠦᠬᠦᠯᠢ ᠴᠣᠭᠴᠠ ᠶᠢᠨ | ᠪᠣᠳᠠᠲᠤ ᠬᠦᠴᠦᠨ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠭᠦ ᠬᠡᠷᠡᠭᠲᠡᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ ᠶᠠᠷᠢᠶᠠᠨ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ | ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠴᠢᠩᠭ᠎ᠠ ᠡᠵᠡᠮᠳᠡᠵᠦ᠂ | ᠳᠤᠮᠳᠠ ᠣᠷᠣᠨ ᠤ ᠬᠥᠭᠵᠢᠯ ᠮᠠᠨᠳᠤᠯ ᠤᠨ ᠲᠠᠰᠤᠷᠠᠯᠳᠠ ᠦᠭᠡᠢ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠶᠢᠨ ᠭᠦᠨᠵᠡᠭᠡᠢ ᠠᠭᠤᠰᠤᠯᠴᠠᠯ ᠢ ᠴᠢᠩᠭᠠᠳᠬᠠᠵᠤ᠂ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠲᠦᠷᠭᠡᠳᠬᠡᠨ ᠬᠥᠭᠵᠢᠭᠦᠯᠬᠦ ᠬᠡᠷᠡᠭᠲᠡᠢ᠃ ᠠᠮᠤ ᠪᠤᠳᠠᠭ᠎ᠠ᠂ ᠡᠨᠧᠷᠭᠢ ᠶᠢᠨ | ᠡᠬᠢ ᠪᠠᠶᠠᠯᠢᠭ ᠤᠨ ᠠᠮᠤᠷ ᠲᠦᠪᠰᠢᠨ ᠢ ᠪᠠᠲᠤᠯᠠᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ | ᠠᠮᠤᠷ ᠲᠦᠪᠰᠢᠨ ᠤ ᠰᠠᠶᠢᠨ ᠬᠤᠷᠰᠢᠯ ᠢ ᠪᠡᠶᠡᠯᠡᠭᠦᠯᠬᠦ ᠬᠡᠷᠡᠭᠲᠡᠢ᠃ ᠪᠦᠭᠦ ᠤᠯᠤᠰ ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ ᠤᠨ ᠪᠠᠶᠢᠭᠤᠯᠤᠯᠲᠠ ᠪᠠ ᠥᠨᠳᠥᠷ | ᠲᠦᠪᠰᠢᠨ ᠪᠦᠬᠦᠢ ᠨᠡᠭᠡᠭᠡᠯᠲᠡᠲᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠪᠠ ᠠᠮᠢᠵᠢᠷᠠᠯ ᠤᠨ ᠬᠦᠴᠦᠨ ᠢ | ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠴᠢᠨᠠᠷ | ᠰᠠᠶᠢᠲᠠᠢ ᠬᠥᠭᠵᠢᠯᠲᠡ ᠶᠢᠨ ᠪᠣᠬᠢᠷᠳᠤᠯ ᠦᠭᠡᠢ ᠳᠡᠪᠢᠰᠬᠡᠷ ᠥᠩᠭᠡ ᠶᠢ ᠵᠤᠵᠠᠭᠠᠳᠬᠠᠬᠤ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ᠂ ᠦ᠋ ᠵᠧᠩ ᠯᠦᠩ᠂ ᠮᠦ ᠬᠤᠩ ᠶᠠᠷᠢᠯᠴᠠᠬᠤ ᠬᠤᠷᠠᠯ ᠳᠤ ᠣᠷᠣᠯᠴᠠᠵᠤ᠂ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ | ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠣᠷᠣᠨ ᠨᠤᠲᠤᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠨᠥᠬᠦᠳ | ᠶᠠᠷᠢᠯᠴᠠᠬᠤ ᠬᠤᠷᠠᠯ ᠳᠤ ᠣᠷᠣᠯᠴᠠᠪᠠ᠃ |