ᠭᠤᠤ ᠢ ᠳ᠋ᠦᠩ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/3/21
    3 ᠰᠠᠷ᠎ᠠ ᠶᠢᠨ 19 ᠤ ᠡᠳᠦᠷ᠂ ᠣᠷᠳᠣᠰ ᠤᠨ ᠳᠡᠭᠡᠳᠦ ᠰᠢᠨ᠎ᠠ ᠮᠡᠷᠭᠡᠵᠢᠯ ᠤᠨ ᠲᠤᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠳ᠋ᠦᠩᠱᠧᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠭᠤᠣ ᠢ ᠳ᠋ᠦᠩ ᠳᠡᠭᠡᠳᠦ ᠰᠢᠨ᠎ᠠ ᠮᠡᠷᠭᠡᠵᠢᠯ ᠤᠨ ᠲᠣᠭᠤᠷᠢᠭ ᠤᠨ ᠬᠡᠰᠡᠭ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠳᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠭᠤᠣᠯᠳᠠᠯᠭ᠎ᠠ ᠲᠠᠢ ᠲᠥᠷᠥᠯ ᠵᠦᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃
640.png
    ᠭᠤᠤ ᠢ ᠳ᠋ᠦᠩ ᠤᠷᠢᠳ ᠬᠤᠵᠢᠳ ᠵᠢᠩ ᠤᠣ ᠰᠢᠨᠵᠢᠯᠡᠬᠦ ᠤᠬᠠᠭᠠᠨ ᠮᠡᠷᠭᠡᠵᠢᠯ᠂ ᠳ᠋ᠠ ᠯᠦ ᠰᠢ ᠸᠠᠩ᠂ ᠵᠥᠩ ᠴᠧ ᠢᠯᠲᠠᠰᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠰᠠᠭᠤᠷᠢᠨ ᠭᠠᠵᠠᠷ᠂ ᠣᠷᠳᠣᠰ ᠤᠨ ᠲᠤᠷᠰᠢᠯᠲᠠ ᠶᠢᠨ ᠲᠠᠰᠤᠭ᠂ ᠥᠪᠥᠷ ᠮᠣᠩᠭᠤᠯ ᠤᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠰᠢᠨ᠎ᠡ ᠡᠨᠧᠷᠭᠢ ᠶᠢᠨ ᠳᠡᠭᠡᠳᠦ ᠰᠤᠷᠭᠠᠭᠤᠯᠢ ᠶᠢᠨ ᠲᠦᠯᠦᠪᠵᠢᠬᠦᠯᠦᠨ  ᠰᠤᠩᠭᠤᠭᠰᠡᠨ ᠭᠠᠵᠠᠷ᠂ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠭᠠᠯ ᠤᠨᠲᠠᠷᠠᠭᠠᠬᠤ ᠥᠷᠲᠡᠭᠡ᠂ ᠸᠠᠨ ᠵᠢᠶᠧ ᠲᠤᠭ᠎ᠠ ᠪᠠᠷᠢᠮᠲᠠ ᠶᠢᠨ ᠣᠶᠤᠨᠴᠢ ᠪᠣᠳᠣᠯᠭ᠎ᠠ ᠶᠢᠨ ᠲᠥᠪ ᠵᠡᠷᠭᠡ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠤᠬᠠᠶ ᠶᠢᠨ ᠲᠠᠯᠠᠪᠠᠶ ᠳᠤ ᠭᠦᠨᠵᠡᠭᠡᠶᠢᠷᠡᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠬᠦᠢᠴᠡᠳᠬᠡᠯ ᠢ ᠭᠦᠢᠴᠡᠳᠭᠡᠬᠦ᠂  ᠵᠢᠷᠤᠭ ᠲᠥᠯᠥᠪᠯᠡᠭᠡ᠂ ᠪᠥᠲᠥᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠲᠤᠯᠭᠠᠷᠠᠭᠰᠠᠨ ᠪᠣᠳᠠᠲᠠᠶ ᠬᠦᠴᠢᠷᠳᠡᠯ ᠪᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ ᠰᠢᠢᠳᠪᠦᠷᠢᠯᠡᠪᠡ᠃    ᠭᠤᠤ ᠢ ᠳ᠋ᠦᠩ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠲᠤᠯᠭᠠᠭᠤᠷᠢᠯᠠᠯ ᠮᠥᠨ᠂ ᠠᠵᠤ ᠦᠢᠯᠡᠰ ᠤᠨ ᠰᠦᠷᠦᠭᠵᠢᠯ ᠢ ᠲᠠᠶᠢᠴᠢᠯᠠᠨ ᠬᠥᠭᠵᠢᠭᠦᠯᠬᠦ ᠬᠦᠴᠦᠷᠬᠡᠭ ᠶᠡᠭᠡ ᠬᠥᠳᠡᠯᠭᠡᠭᠦᠷ ᠮᠥᠨ᠃ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠨᠠᠮ ᠤᠨ ᠠᠵᠢᠯᠯᠠᠬᠤ ᠬᠤᠷᠢᠶᠠᠨ ᠤ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠲᠦᠷᠦᠯ ᠵᠦᠢᠯ ᠢᠶᠠᠷ ᠰᠢᠨ᠎ᠡ ᠶᠢ ᠡᠭᠦᠳᠬᠦ ᠶᠢ ᠬᠦᠳᠦᠯᠦᠨ ᠳᠠᠭᠠᠭᠤᠯᠬᠤ᠂ ᠲᠦᠷᠦᠯ ᠵᠦᠢᠯ ᠢᠶᠠᠷ ᠠᠵᠤ ᠦᠢᠯᠡᠰ ᠢ ᠲᠤᠯᠭᠠᠭᠤᠷᠢᠯᠠᠬᠤ᠂ ᠴᠢᠨᠠᠷ ᠰᠠᠶᠢᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠠᠷ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ᠃ ︽ᠲᠦᠷᠦᠯ ᠵᠦᠢᠯ ᠢᠶᠠᠷ ᠭᠤᠣᠯ ᠪᠣᠯᠭᠠᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠬᠦ᠂ ᠵᠣᠬᠢᠴᠠᠭᠤᠯᠤᠨ ᠬᠠᠮᠲᠤᠷᠠᠯᠴᠠᠬᠤ ᠶᠢ ᠴᠢᠬᠤᠯᠠᠴᠢᠯᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠦᠬᠦ ᠶᠠᠪᠤᠴᠠ ᠪᠦᠬᠦ ᠬᠡᠯᠬᠢᠶᠡᠨ ᠤ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠵᠦ ᠦᠷ᠎ᠡ ᠠᠰᠢᠭ ᠢ ᠨᠡᠮᠡᠭᠳᠡᠭᠦᠯᠬᠦ ᠶᠢ ᠬᠠᠮᠵᠢᠯᠴᠠᠨ ᠠᠬᠢᠭᠤᠯᠬᠤ ᠬᠡᠷᠡᠭᠲᠡᠢ᠃ ᠰᠢᠨᠵᠢᠯᠡᠬᠦ ᠤᠬᠠᠭᠠᠨᠴᠢ ᠪᠠᠷ ᠪᠠᠷᠢᠯᠭ᠎ᠠ ᠪᠠᠷᠢᠬᠤ᠂ ᠥᠨᠳᠥᠷ ᠪᠦᠲᠦᠮᠵᠢᠲᠡᠢ ᠬᠠᠮᠢᠶᠠᠷᠤᠯᠳᠠ ᠶᠢ ᠪᠠᠷᠢᠮᠲᠠᠯᠠᠵᠤ᠂ ᠲᠦᠷᠦᠯ ᠵᠦᠢᠯ ᠢ ᠠᠬᠢᠭᠤᠯᠬᠤ ᠲᠥᠯᠥᠪᠯᠡᠭᠡ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠠᠶᠤᠯᠭᠦᠢ ᠦᠢᠯᠡᠳᠪᠦᠷᠢᠯᠡᠯ ᠤᠨ  ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠢᠨᠵᠧᠨᠧᠷᠢᠩ ᠤᠨ ᠠᠬᠢᠴᠠ ᠶᠢ ᠠᠳᠬᠤᠵᠤ᠂ ᠭᠤᠣᠯᠳᠠᠯᠭ᠎ᠠ ᠲᠠᠢ ᠲᠦᠷᠦᠯ ᠵᠦᠢᠯ ᠢ ᠡᠷᠲᠡ ᠪᠠᠶᠢᠭᠤᠯᠵᠤ᠂ ᠡᠷᠲᠡ ᠦᠷ᠎ᠡ ᠪᠦᠲᠦᠮᠵᠢ ᠤᠯᠬᠤ ᠶᠢ ᠪᠠᠲᠤᠯᠠᠵᠤ᠂ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠵᠦ ᠣᠷᠣᠨ ᠪᠠᠶᠢᠷᠢ ᠶᠢ ᠲᠡᠪᠰᠢᠬᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃ ᠪᠤᠳᠤᠯᠭ᠎ᠠ ᠶᠢᠨ ᠬᠦᠴᠦᠨ ᠤ ᠠᠵᠤ ᠦᠢᠯᠡᠰ ᠪᠣᠯᠤᠨ ᠲᠣᠭᠠᠴᠢᠯᠠᠭᠰᠠᠨ ᠠᠵᠤ ᠠᠬᠤᠢ ᠶᠢ ᠭᠦᠨᠵᠡᠭᠡᠢ ᠰᠤᠷᠤᠯᠴᠠᠨ ᠰᠤᠳᠤᠯᠵᠤ᠂ ᠴᠢᠭᠯᠡᠯ ᠢᠶᠠᠨ ᠤᠨᠤᠴᠠᠳᠠᠢ ᠣᠯᠵᠤ᠂ ᠭᠤᠣᠯᠳᠠᠯᠭ᠎ᠠ ᠶᠢ ᠠᠳᠬᠤᠨ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠲᠦᠷᠭᠡᠨ ᠬᠥᠭᠵᠢᠯᠲᠡ ᠶᠢ ᠬᠦᠴᠦᠲᠡᠢ ᠪᠦᠳᠦᠮᠵᠢᠳᠠᠢ ᠠᠬᠢᠭᠤᠯᠵᠤ᠂ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃    ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ᠂ ᠳ᠋ᠦᠩᠱᠧᠩ ᠲᠣᠭᠤᠷᠢᠭ ᠤᠨ ᠬᠠᠮᠢᠶ᠎ᠠ ᠪᠦᠬᠦᠢ ᠤᠳᠤᠷᠢᠳᠤᠯᠭ᠎ᠠ ᠨᠠᠷ ᠪᠠ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ