ᠳ᠋ᠦᠩᠱᠧᠩ ᠲᠣᠭᠤᠷᠢᠭ ᠤᠨ ᠵᠠᠰᠠᠭ ᠤᠨ ᠣᠷᠳᠣᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ︽ᠳᠤᠯᠠᠭᠠᠯᠠᠭ᠎ᠠ ᠶᠢᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2024/3/21
    3 ᠰᠠᠷ᠎ᠠ ᠶᠢᠨ 18 ᠤ ᠡᠳᠤᠷ᠂ ᠳ᠋ᠥᠡᠭᠱᠸᠡᠭ ᠲᠤᠭᠤᠷᠢᠭ ᠤᠨ ᠨᠠᠮ ᠤᠨ ᠬᠤᠷᠢᠶ᠎ᠠ ᠶᠢᠨ ᠲᠡᠳ᠋ ᠱᠦᠵᠢ᠂ ᠲᠤᠭᠤᠷᠢᠭ ᠤᠨ ᠲᠠᠷᠤᠭ᠎ᠠ ᠬᠠᠨ ᠲᠤᠤ ᠲᠤᠰᠬᠠᠢ ᠰᠡᠳᠦᠪᠳᠤ ᠬᠤᠷᠠᠯ ᠢ ᠡᠷᠭᠢᠯᠡᠨ ᠬᠤᠷᠠᠯᠳᠤᠭᠤᠯᠵᠤ᠂︽ᠳᠤᠯᠠᠭᠠᠯᠠᠭ᠎ᠠ ᠶᠢᠨ ᠢᠨᠵᠧᠨᠧᠷᠢᠩ︾ ᠤᠨ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠂ ᠳᠤᠯᠠᠭᠠᠯᠠᠭ᠎ᠠ ᠬᠠᠩᠭᠠᠬᠤ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠤᠬᠢᠷᠠᠭᠤᠯᠵᠤ᠂ ᠤᠷᠤᠰᠢᠵᠤ ᠪᠠᠶᠢᠭ᠎ᠠ ᠠᠰᠠᠭᠤᠳᠠᠯ ᠢ ᠨᠢᠭᠡᠳ ᠨᠢᠭᠡ ᠪᠠᠷ ᠰᠤᠳᠤᠯᠤᠨ ᠰᠢᠢᠳᠪᠤᠷᠢᠯᠡᠭᠰᠡᠨ ᠤ ᠬᠠᠮᠳᠤ ᠤᠢᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠪᠠᠶᠢᠷᠢᠯᠠᠭᠤᠯᠤᠯᠳᠠ ᠬᠢᠵᠠᠢ᠃    ᠬᠤᠷᠠᠯ ᠠᠴᠠ᠂ ︽ᠳᠤᠯᠠᠭᠠᠯᠠᠭ᠎ᠠ ᠶᠢᠨ ᠢᠨᠵᠧᠨᠧᠷᠢᠩ︾ ᠪᠣᠯ ᠲᠦᠭ ᠲᠦᠮᠡᠨ ᠠᠶᠢᠯ ᠡᠷᠦᠬᠡ ᠶᠢᠨ ᠠᠮᠤᠷ ᠲᠠᠶᠢᠪᠤᠩ ᠠᠵᠤ ᠲᠦᠷᠦᠭᠦ ᠪᠠ ᠠᠮᠤᠷ ᠲᠦᠪᠰᠢᠨ ᠬᠠᠯᠠᠭᠤᠨ ᠳᠤᠯᠠᠭᠠᠨ ᠲᠠᠢ ᠬᠤᠯᠪᠣᠭᠳᠠᠬᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠮᠥᠨ᠃ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠪᠣᠯᠤᠨ ᠪᠣᠳᠠᠲᠤ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠲᠦᠷᠦ ᠶᠢᠨ ᠪᠤᠳᠤᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠵᠦ᠂  ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠦᠢᠯᠡᠴᠢᠯᠡᠵᠦ᠂ ᠰᠢᠰᠲ᠋ᠧᠮ ᠲᠠᠢ ᠲᠥᠯᠥᠪᠵᠢᠭᠦᠯᠦᠨ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠤ ᠲᠤᠰᠬᠠᠨ ᠢᠯᠡᠷᠡᠭᠦᠯᠦᠭᠰᠡᠨ ᠢᠯᠴᠢ ᠬᠠᠩᠭᠠᠬᠤ ᠬᠤᠭᠤᠯᠠᠶ ᠶᠢᠨ ᠬᠠᠭᠤᠴᠢᠷᠠᠭᠰᠡᠨ᠂ ᠪᠦᠭᠯᠡᠷᠡᠭᠰᠡᠨ᠂ ᠭᠤᠭᠤᠵᠢᠵᠤ ᠪᠠᠶᠢᠭ᠎ᠠ ᠵᠡᠷᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ᠂ ᠬᠡᠷᠡᠭᠵᠢᠭᠦᠯᠬᠦ ᠲᠥᠰᠦᠯ ᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠣᠯᠠᠨ ᠲᠦᠮᠡᠨ ᠤ ᠢᠯᠴᠢ ᠬᠠᠩᠭᠠᠬᠤ ᠪᠠᠲᠤᠯᠠᠭ᠎ᠠ ᠶᠢᠨ ᠠᠰᠠᠭᠤᠳᠠᠯ ᠢ ᠰᠢᠰᠲ᠋ᠧᠮ ᠲᠠᠢ ᠪᠠᠷ ᠠᠬᠢᠭᠤᠯᠤᠨ ᠰᠢᠢᠳᠪᠦᠷᠢᠯᠡᠬᠦ ᠬᠡᠷᠡᠭᠲᠡᠶ᠃ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠢᠯᠴᠢ ᠬᠠᠩᠭᠠᠬᠤ ᠠᠵᠤ ᠠᠬᠤᠶᠢᠯᠠᠯ ᠤᠨ ᠪᠠᠭᠲᠠᠭᠠᠮᠵᠢ ᠶᠢ ᠨᠡᠮᠡᠭᠳᠡᠭᠦᠯᠦᠨ ᠲᠠᠰ ᠳᠡᠪᠰᠢᠭᠦᠯᠬᠦ᠂ ᠬᠤᠭᠤᠯᠠᠶ ᠲᠣᠤᠷ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠳᠡᠷᠡᠯᠴᠡᠬᠦᠯᠬᠦ᠂ ᠤᠶᠤᠨᠲᠤ ᠢᠯᠴᠢ ᠰᠣᠯᠢᠯᠴᠠᠬᠤ ᠥᠷᠲᠡᠭᠡ ᠶᠢ ᠥᠭᠡᠷᠡᠴᠢᠯᠡᠬᠦ ᠵᠡᠷᠭᠡ ᠢᠨᠵᠧᠨᠧᠷᠢᠩ ᠢ ᠨᠢᠭᠡᠳᠦᠯᠲᠡᠶ ᠲᠥᠯᠥᠪᠯᠡᠨ ᠲᠦᠷᠭᠡᠳᠬᠡᠨ ᠠᠬᠢᠭᠤᠯᠵᠤ᠂ ᠢᠯᠴᠢ ᠬᠠᠩᠭᠠᠬᠤ ᠪᠠᠲᠤᠯᠠᠭ᠎ᠠ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠳᠤᠯᠠᠭᠠᠯᠠᠭ᠎ᠠ ᠶᠢᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠶ᠃ ᠵᠤᠬᠢᠴᠠᠭᠤᠯᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠤ᠂ ᠳᠤᠯᠠᠭᠠᠯᠠᠭ᠎ᠠ ᠬᠠᠩᠭᠠᠬᠤ ᠢᠨᠵᠧᠨᠧᠷᠢᠩ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠴᠢᠩᠭ᠎ᠠ ᠠᠩᠬᠠᠷᠴᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ  ᠴᠢᠩᠭᠠᠳᠬᠠᠨ᠂ ᠨᠢᠭᠲᠠ ᠬᠠᠮᠵᠢᠯᠴᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠳᠤᠯᠠᠭᠠᠯᠠᠭ᠎ᠠ ᠶᠢᠨ ᠢᠨᠵᠧᠨᠧᠷᠢᠩ ᠢ ᠲᠣᠭᠲᠠᠭᠤᠨ ᠢᠶᠠᠷ ᠬᠡᠷᠡᠭᠵᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ ᠣᠯᠠᠨ ᠲᠦᠮᠡᠨ ᠤ ᠠᠵᠤ ᠠᠮᠢᠳᠤᠷᠠᠯ ᠤᠶᠤᠨ ᠰᠠᠨᠠᠭ᠎ᠠ ᠶᠢ ᠨᠡᠩ ᠲᠤᠯᠠᠭᠠᠨ ᠪᠠᠶᠢᠯᠭᠠᠬᠤ ᠬᠡᠷᠡᠭᠳᠠᠢ ᠬᠡᠵᠤ ᠴᠢᠬᠤᠯᠠᠴᠢᠯᠠᠪᠠ᠃    ᠲᠣᠭᠤᠷᠢᠭ ᠤᠨ ᠤᠳᠤᠷᠢᠳᠤᠯᠭ᠎ᠠ ᠵᠠᠩ ᠵᠢᠶᠠᠨ ᠭᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠳᠠᠳ ᠬᠤᠷᠠᠯ ᠳᠤ ᠣᠷᠣᠯᠴᠠᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ