【ᠲᠤᠷᠰᠢᠯᠭ᠎ᠠ ᠦᠷ᠎ᠡ ᠪᠦᠲᠦᠭᠡᠯ ᠢ ᠲᠦᠢᠯᠪᠤᠷᠢᠳᠡᠢ ᠪᠠᠶᠢᠴᠠᠭᠠᠬᠤ】ᠳ᠋ᠦᠩᠱᠧᠩ ᠲᠣᠭᠤᠷᠢᠭ ᠤᠨ ᠲᠦᠩᠴᠤᠸᠠᠨ ᠪᠠᠯᠭᠠᠰᠤ ᠠᠭᠤᠷᠬᠠᠢ ᠶᠢᠨ ᠣᠷᠣᠨ ᠤ ᠰᠡᠷᠬᠦᠬᠡᠨ ᠬᠠᠭᠠᠯᠪᠤᠷᠢᠯᠠᠭᠰᠠᠨ ᠭᠠᠵᠠᠷ ᠰᠢᠷᠣᠢ ᠶᠢ ᠶᠡᠷᠦᠩᠬᠡᠶᠢᠯᠡᠨ ᠠᠰᠢᠭᠯᠠᠬᠤ ᠬᠢᠬᠡᠳ ᠠᠵᠤ ᠦᠢᠯᠡᠰ ᠤᠨ ᠬᠥᠭᠵᠢᠯᠲᠡ ᠶᠢᠨ ᠠᠭᠤᠰᠤᠯᠴᠠᠯ ᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠰᠤ ᠴᠢᠨᠠᠷ ᠢ ᠳᠡᠬᠡᠭᠰᠢᠯᠡᠬᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/3/21
      ᠳ᠋ᠦᠩᠱᠧᠩ ᠲᠣᠭᠤᠷᠢᠭ ᠤᠨ ᠲᠦᠩᠴᠤᠸᠠᠨ ᠪᠠᠯᠭᠠᠰᠤ ᠨᠢ ᠣᠷᠳᠣᠰ ᠬᠤᠲᠠ ᠶᠢᠨ 13 ᠨᠡᠶᠢᠲᠡᠯᠢᠭ ︽ᠦᠢᠯᠡᠳᠪᠦᠷᠢ ᠠᠭᠤᠷᠬᠠᠢ ᠶᠢᠨ ᠪᠠᠯᠭᠠᠰᠤ︾ ᠶᠢᠨ ᠨᠢᠭᠡ ᠪᠣᠯᠤᠭᠰᠠᠨ ᠤ ᠬᠤᠪᠢ ᠳᠤ᠂ ᠣᠶᠢᠷ᠎ᠠ ᠶᠢᠨ ᠵᠢᠯ ᠳᠤ ︽ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠭᠠᠵᠠᠷ ᠰᠢᠷᠣᠢ ᠶᠢ ᠲᠣᠰᠬᠤᠨ ᠳᠤ ᠪᠤᠴᠠᠭᠠᠵᠤ᠂ ᠬᠡᠪᠴᠢᠶᠡᠵᠢᠭᠦᠯᠦᠨ ᠡᠵᠡᠩᠨᠡᠬᠦ᠂ ᠬᠠᠮᠲᠤ ᠪᠠᠷ ᠴᠢᠨᠡᠬᠡᠯᠢᠭᠵᠢᠬᠦ︾ ᠶᠡᠷᠦᠩᠬᠡᠢ ᠰᠡᠳᠬᠢᠴᠡ ᠪᠠᠷ᠂ ᠰᠡᠷᠭᠦᠭᠡᠨ ᠬᠠᠭᠠᠯᠪᠤᠷᠢᠯᠠᠭᠰᠠᠨ ᠭᠠᠵᠠᠷ ᠰᠢᠷᠣᠢ ᠶᠢ ᠡᠷᠭᠢᠯᠳᠦᠭᠦᠯᠦᠨ ᠠᠵᠤ ᠦᠢᠯᠡᠰ᠂ ᠲᠥᠷᠥᠯ ᠵᠦᠢᠯ ᠳᠤ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ᠂ ᠰᠡᠷᠭᠦᠭᠡᠨ ᠬᠠᠭᠠᠯᠪᠤᠷᠢᠯᠠᠭᠰᠠᠨ ᠭᠠᠵᠠᠷ ᠰᠢᠷᠣᠢ ᠶᠢ ᠲᠥᠪᠯᠡᠷᠡᠭᠦᠯᠦᠨ ᠳᠠᠬᠢᠨ ᠠᠰᠢᠭᠯᠠᠵᠤ᠂ ᠬᠠᠮᠲᠤ ᠨᠡᠶᠢᠳᠡ ᠪᠠᠷ ᠠᠵᠢᠯᠯᠠᠭᠤᠯᠵᠤ᠂ ᠲᠠᠷᠢᠶᠠᠴᠢᠳ ᠤᠷᠤᠯᠴᠠᠭᠰᠠᠨ ᠬᠥᠳᠡᠭᠡ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠵᠢᠯᠯᠠᠭᠠᠨ ᠤ ᠰᠢᠨ᠎ᠡ ᠲᠣᠭᠲᠠᠴᠠ ᠪᠠ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠭᠪᠤᠷ ᠢ ᠠᠯᠬᠤᠮ ᠠᠯᠬᠤᠮ ᠢᠶᠠᠷ ᠪᠠᠶᠢᠭᠤᠯᠵᠤ᠂ ᠠᠭᠤᠷᠬᠠᠢ ᠶᠢᠨ ᠣᠷᠣᠨ ᠤ ᠰᠡᠷᠭᠦᠭᠡᠨ ᠬᠠᠭᠠᠯᠪᠤᠷᠢᠯᠠᠭᠰᠠᠨ ᠭᠠᠵᠠᠷ ᠰᠢᠷᠣᠢ ᠶᠢ ᠶᠡᠷᠦᠩᠬᠡᠶᠢᠯᠡᠨ ᠠᠰᠢᠭᠯᠠᠬᠤ ᠪᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠶᠢ ᠪᠡᠶᠡᠯᠡᠬᠦᠯᠪᠡ᠃      ᠨᠢᠭᠡ᠂ ᠦᠨᠳᠦᠰᠦᠨ ᠪᠠᠶᠢᠳᠠᠯ       ᠲᠦᠩᠴᠤᠸᠠᠨ ᠪᠠᠯᠭᠠᠰᠤᠨ ᠤ ᠶᠡᠷᠦᠩᠬᠡᠢ ᠲᠠᠯᠠᠪᠠᠶ ᠨᠢ 506 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ 6 ᠵᠠᠰᠠᠭ ᠵᠠᠬᠢᠷᠭᠠᠨ ᠤ ᠲᠣᠰᠬᠤᠨ ᠲᠠᠢ᠂ 25 ᠨᠡᠭᠦᠷᠡᠰᠦᠨ ᠠᠭᠤᠷᠬᠠᠢ ︵ᠵᠠᠳᠠᠭᠠᠢ ᠠᠭᠤᠷᠬᠠᠢ 16᠂ ᠶᠡᠷᠦᠩᠬᠡᠶᠢᠯᠡᠨ ᠮᠠᠯᠳᠠᠬᠤ ᠠᠭᠤᠷᠬᠠᠢ 9︶᠂ ᠨᠡᠬᠦᠷᠡᠰᠤ ᠤᠬᠢᠶᠠᠵᠤ ᠰᠢᠯᠢᠬᠦ ᠦᠢᠯᠡᠳᠪᠦᠷᠢ 35 ︵ᠢᠵᠢ ᠪᠦᠷᠢᠳᠦᠭᠦᠯᠦᠭᠰᠡᠨ ᠨᠢ 14᠂ ᠲᠤᠰᠠᠭᠠᠷ ᠨᠢ 21︶ ᠪᠣᠶ᠃ ᠪᠥᠬᠦ ᠪᠠᠯᠭᠠᠰᠤᠨ ᠳᠤ ᠤᠳᠤ 3866 ᠾᠧᠺᠲ᠋ᠠᠷ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠵᠤ᠂ 1398 ᠾᠧᠺᠲ᠋ᠠᠷ ᠭᠠᠵᠠᠷ ᠰᠢᠷᠣᠢ ᠶᠢ ᠬᠤᠶᠠᠳᠠᠭᠢ ᠤᠳᠠᠭ᠎ᠠ ᠠᠰᠢᠭᠯᠠᠯᠳᠠ ᠳᠤ ᠣᠷᠣᠭᠤᠯᠵᠤ᠂ ᠡᠷᠭᠢᠯᠲᠡ ᠶᠢᠨ ᠨᠣᠷᠮ᠎ᠠ ᠨᠢ 36.16% ᠳᠤ ᠬᠥᠷᠪᠡ᠃ 2023 ᠣᠨ ᠳᠤ ᠪᠥᠬᠦ ᠪᠠᠯᠭᠠᠰᠤᠨ ᠤ ᠰᠡᠷᠭᠦᠭᠡᠨ ᠬᠠᠭᠠᠯᠪᠤᠷᠢᠯᠠᠭᠰᠠᠨ ᠭᠠᠵᠠᠷ ᠰᠢᠷᠣᠢ ᠶᠢ ᠬᠤᠶᠠᠳᠠᠭᠢ ᠤᠳᠠᠭ᠎ᠠ ᠠᠰᠢᠭᠯᠠᠭᠰᠠᠨ ᠠᠵᠤ ᠠᠬᠤᠢ ᠶᠢᠨ ᠣᠷᠣᠯᠭ᠎ᠠ 1342 ᠲᠦᠮᠡᠨ ᠲᠥᠭᠦᠷᠢᠭ ᠲᠤ ᠬᠦᠷᠴᠦ᠂ ᠲᠣᠰᠬᠤᠨ ᠤ ᠬᠠᠮᠲᠤ ᠨᠡᠶᠢᠲᠡ ᠪᠠ ᠲᠣᠰᠬᠤᠨ ᠤ ᠠᠷᠠᠳ ᠤᠨ ᠠᠵᠤ ᠠᠬᠤᠢ ᠶᠢᠨ ᠣᠷᠣᠯᠭ᠎ᠠ ᠤᠯᠠᠮ ᠨᠢᠭᠡ ᠠᠯᠬᠤᠮ ᠨᠡᠮᠡᠭᠳᠡᠪᠡ᠃      ᠬᠤᠶᠠᠷ᠂ ᠭᠤᠣᠯ ᠠᠷᠭ᠎ᠠ ᠬᠢᠳᠡᠯ ᠪᠠ ᠦᠷ᠎ᠡ ᠪᠦᠲᠦᠮᠵᠢ       ᠪᠥᠬᠦ ᠬᠤᠲᠠ ᠶᠢᠨ ︽ᠠᠵᠤ ᠦᠢᠯᠡᠳᠪᠦᠷᠢ ᠪᠠᠷ ᠲᠠᠷᠢᠶᠠᠯᠠᠩ ᠢ ᠲᠡᠳᠬᠦᠵᠦ᠂ ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ︾ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂  ᠠᠭᠤᠷᠬᠠᠢ ᠶᠢᠨ ᠣᠷᠣᠨ ᠤ ᠨᠢᠬᠡᠨᠳᠡ ᠪᠤᠴᠠᠭᠠᠭᠰᠠᠨ ᠳᠠᠬᠢᠨ ᠬᠠᠭᠠᠯᠪᠤᠷᠢᠯᠠᠬᠤ ᠭᠠᠵᠠᠷ ᠰᠢᠷᠣᠢ ᠶᠢᠨ ᠡᠬᠢ ᠪᠠᠶᠠᠯᠢᠭ ᠲᠤ ᠲᠦᠰᠢᠭᠯᠡᠨ᠂ ᠨᠡᠭᠦᠷᠡᠰᠦᠨ ᠤ ᠠᠵᠤ ᠠᠬᠤᠶᠢᠯᠠᠯ ᠤᠨ ᠲᠥᠪᠯᠡᠷᠡᠭᠰᠡᠨ ᠳᠠᠪᠠᠭᠤᠯᠢᠭ ᠢ ᠠᠰᠢᠭᠯᠠᠨ᠂ ᠨᠢᠭᠡᠨᠲᠡ ᠪᠤᠴᠠᠭᠠᠭᠰᠠᠨ ᠭᠠᠵᠠᠷ ᠰᠢᠷᠣᠢ ᠶᠢ ᠲᠥᠪᠯᠡᠷᠡᠭᠦᠯᠦᠨ ᠡᠮᠬᠢᠯᠡᠨ ᠨᠡᠶᠢᠯᠡᠭᠦᠯᠦᠭᠰᠡᠨ ᠤ ᠳᠠᠷᠠᠭ᠎ᠠ ᠡᠷᠭᠢᠯᠲᠡ ᠳᠤ ᠣᠷᠣᠭᠤᠯᠬᠤ ᠪᠤᠶᠤ ᠬᠤᠪᠢ ᠣᠷᠣᠭᠤᠯᠵᠤ᠂ ᠰᠤᠯᠠ ᠪᠠᠶᠢᠭ᠎ᠠ ᠭᠠᠵᠠᠷ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ ᠠᠮᠢᠯᠠᠭᠤᠯᠪᠠ᠃      ︵ᠨᠢᠭᠡ︶ ᠠᠵᠤ ᠠᠬᠤᠢ ᠶᠢᠨ ᠲᠥᠷᠥᠯ ᠤᠨ ᠲᠦᠪᠯᠡᠷᠡᠬᠦᠯᠦᠨ ᠡᠷᠬᠢᠯᠳᠦᠬᠦᠯᠬᠦ ᠬᠡᠯᠪᠡᠷᠢ      ᠭᠠᠴᠠᠭᠠᠨ ᠤ ᠠᠷᠠᠳ ᠤᠨ ᠳᠤᠭᠤᠶᠢᠯᠠᠩ ᠢᠶᠠᠷ ᠭᠤᠣᠯ ᠴᠣᠭᠴᠠ ᠪᠣᠯᠭᠠᠨ᠂ ᠨᠢᠭᠡᠨᠲᠡ ᠪᠤᠴᠠᠭᠠᠨ ᠰᠡᠷᠬᠦᠬᠡᠵᠤ ᠬᠠᠭᠠᠯᠪᠤᠷᠢᠯᠠᠭᠰᠠᠨ ᠭᠠᠵᠠᠷ ᠰᠢᠷᠣᠢ ᠶᠢ ᠠᠵᠤ ᠠᠬᠤᠶᠢᠯᠠᠯ ᠳᠤ ᠲᠦᠷᠢᠶᠡᠰᠦᠯᠡᠬᠦᠯᠦᠨ᠂ ᠭᠠᠴᠠᠭᠠᠨ ᠤ ᠠᠷᠠᠳ ᠡᠷᠭᠢᠯᠲᠡ ᠶᠢᠨ ᠰᠦᠢᠳᠬᠡᠯ ᠤᠨ ᠪᠠᠷᠢᠮᠵᠢᠶ᠎ᠠ ᠪᠠ ᠲᠦᠷᠢᠶᠡᠰᠦᠯᠡᠭᠦᠯᠦᠭᠰᠡᠨ ᠲᠠᠯᠠᠪᠠᠢ ᠶᠢ ᠦᠨᠳᠦᠰᠦᠯᠡᠨ ᠨᠥᠬᠦᠪᠦᠷᠢ ᠣᠯᠵᠤ᠂ ᠲᠦᠷᠢᠶᠡᠰᠦᠯᠡᠭᠰᠡᠨ ᠠᠵᠤ ᠠᠬᠤᠶᠢᠯᠠᠯ ᠨᠢ ᠰᠡᠷᠭᠦᠭᠡᠨ ᠬᠠᠭᠠᠯᠪᠤᠷᠢᠯᠠᠭᠰᠠᠨ ᠭᠠᠵᠠᠷ ᠰᠢᠷᠣᠢ ᠶᠢ ᠠᠰᠢᠭᠯᠠᠨ ᠲᠠᠷᠢᠮᠠᠯ ᠲᠡᠵᠢᠭᠡᠪᠦᠷᠢ ᠶᠢᠨ ᠦᠢᠯᠡᠰ ᠢ ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠠ ᠰᠡᠷᠭᠦᠭᠡᠨ ᠬᠠᠭᠠᠯᠪᠤᠷᠢᠯᠠᠭᠰᠠᠨ ᠭᠠᠵᠠᠷ ᠰᠢᠷᠣᠢ ᠶᠢ ᠲᠠᠬᠢᠨ ᠠᠰᠢᠭᠯᠠᠬᠤ ᠶᠢ ᠪᠡᠶᠡᠯᠡᠭᠦᠯᠦᠨ᠎ᠡ᠃ ᠵᠢᠱᠢᠶᠡᠯᠡᠪᠡᠯ᠂ ᠴᠢᠨ᠋ᠸ᠎ᠠ ᠶᠢᠨ ᠰᠢᠯᠢ ᠲᠣᠰᠬᠤᠨ ᠤ ᠬᠢᠨ ᠰᠡᠷᠭᠦᠭᠡᠨ ᠬᠠᠭᠠᠯᠪᠤᠷᠢᠯᠠᠭᠰᠠᠨ ᠣᠷᠣᠨ ᠳᠤ ᠥᠪᠥᠷ ᠮᠣᠩᠭᠤᠯ ᠤᠨ ᠴᠦᠨ ᠵᠧᠩ ᠠᠮᠢ ᠠᠬᠤᠢ ᠶᠢᠨ ᠳᠠᠷᠢᠵᠤ ᠲᠡᠵᠢᠭᠡᠨ ᠦᠷᠡᠵᠢᠭᠦᠯᠬᠦ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠶᠡᠷᠦᠩᠬᠡᠢ ᠪᠡᠯᠡ ᠣᠷᠣᠭᠤᠯᠤᠯᠲᠠ ᠨᠢ 1850 ᠲᠦᠮᠡᠨ ᠲᠥᠭᠦᠷᠢᠭ᠂ ᠲᠦᠯᠦᠪᠯᠡᠭᠰᠡᠨ ᠶᠡᠷᠦᠩᠬᠡᠢ ᠲᠠᠯᠠᠪᠠᠶ ᠨᠢ ᠪᠠᠷᠤᠭ 276 ᠮᠦ ᠪᠠᠶᠢᠵᠤ᠂ ᠣᠳᠣᠬᠠᠨ ᠳᠤ ᠨᠢᠭᠡᠨᠲᠡ 10 ᠰᠠᠭᠤᠷᠢ ᠥᠨᠳᠥᠷ ᠪᠠᠷᠢᠮᠵᠢᠶᠠᠲᠤ ᠡᠨᠧᠷᠭᠢ ᠠᠷᠪᠢᠯᠠᠬᠤ ᠨᠡᠷᠡᠨ ᠬᠡᠷᠡᠯ ᠤᠨ ᠬᠦᠯᠡᠮᠵᠢ ᠪᠠᠶᠢᠭᠤᠯᠵᠤ᠂ ᠵᠢᠱᠢᠯᠲᠡ ᠪᠠᠷ ᠵᠢᠯ ᠪᠦᠷᠢ ᠲᠣᠰᠬᠤᠨ ᠤ ᠬᠠᠮᠲᠤ ᠶᠢᠨ ᠠᠵᠤ ᠠᠬᠤᠢ ᠳᠤ 5 ᠲᠦᠮᠡᠨ ᠲᠥᠭᠦᠷᠢᠭ ᠤᠨ ᠣᠷᠣᠯᠭ᠎ᠠ ᠡᠭᠦᠳᠴᠦ ᠥᠭᠭᠦᠨ᠎ᠡ︔ ᠯᠠᠪᠠᠢ ᠠᠭᠤᠯᠠ ᠳᠤᠰᠬᠤᠨ ᠤ ᠬᠢᠨ 8800 ᠮᠦ ᠰᠡᠷᠭᠦᠭᠡᠨ ᠬᠠᠭᠠᠯᠪᠤᠷᠢᠯᠠᠭᠰᠠᠨ ᠭᠠᠵᠠᠷ ᠰᠢᠷᠣᠢ ᠶᠢ ᠲᠦᠷᠢᠶᠡᠰᠦᠯᠡᠬᠦᠯᠬᠦ ᠬᠡᠯᠪᠡᠷᠢ ᠪᠠᠷ ᠮᠢᠨ ᠳ᠋ᠡ ᠨᠡᠭᠦᠷᠡᠰᠦᠨ ᠠᠭᠤᠷᠬᠠᠢ ᠳᠤ ᠰᠢᠯᠵᠢᠭᠦᠯᠦᠨ ᠲᠠᠷᠢᠵᠦ ᠲᠡᠵᠢᠭᠡᠨ ᠦᠷᠡᠵᠢᠭᠦᠯᠬᠦ ᠲᠦᠷᠦᠯ ᠵᠦᠢᠯ ᠢ ᠬᠡᠷᠡᠭᠵᠢᠭᠦᠯᠬᠦ ᠳᠤ ᠬᠡᠷᠡᠭᠯᠡᠵᠦ᠂ ᠲᠣᠰᠬᠤᠨ ᠤ ᠠᠷᠠᠳ ᠵᠢᠯ ᠪᠦᠷᠢ ᠳᠤᠮᠳᠠᠴᠢ ᠪᠠᠷ 5000 ᠰᠢᠬᠠᠮ ᠲᠥᠭᠦᠷᠢᠭ ᠤᠨ ᠲᠦᠷᠢᠶᠡᠰᠦᠨ ᠤᠷᠤᠯᠭ᠎ᠠ ᠣᠯᠵᠤ᠂ ᠮᠢᠨ ᠳ᠋ᠡ ᠨᠡᠭᠦᠷᠡᠰᠦᠨ ᠠᠭᠤᠷᠬᠠᠢ ᠶᠢᠨ ᠬᠢᠨ ᠲᠤᠰ ᠰᠡᠷᠭᠦᠭᠡᠨ ᠬᠠᠭᠠᠯᠪᠤᠷᠢᠯᠠᠭᠰᠠᠨ ᠭᠠᠵᠠᠷ ᠰᠢᠷᠣᠢ ᠶᠢ ᠲᠥᠪᠯᠡᠷᠡᠭᠦᠯᠦᠨ ᠨᠢᠬᠡᠳᠬᠡᠭᠰᠡᠨ ᠤ ᠳᠠᠷᠠᠭ᠎ᠠ ᠬᠦᠯᠡᠮᠵᠢ ᠪᠠᠶᠢᠭᠤᠯᠤᠨ ᠢᠳᠡᠰᠢᠨ ᠨᠤᠭᠤᠭ᠎ᠠ ᠳᠠᠷᠢᠬᠤ ᠪᠠ ᠭᠠᠭ᠋ᠠᠢ᠂ ᠦᠬᠡᠷ᠂ ᠬᠤᠨᠢ ᠶᠢ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ ᠲᠦᠷᠦᠯ ᠵᠦᠢᠯ ᠢ ᠬᠡᠷᠡᠭᠵᠢᠭᠦᠯᠵᠦ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠠᠬᠢᠭᠤᠯᠪᠠ᠃       ︵ᠬᠤᠶᠠᠷ︶ ᠠᠮᠢ ᠠᠬᠤᠢ ᠶᠢᠨ ᠲᠥᠷᠥᠯ ᠤᠨ ᠠᠭᠤᠷᠬᠠᠢ ᠶᠢᠨ ᠣᠷᠣᠨ ᠢ ᠵᠠᠰᠠᠬᠤ ᠬᠡᠯᠪᠡᠷᠢ       ︽ᠲᠣᠰᠬᠤᠨ ᠠᠵᠤ ᠠᠬᠤᠶᠢᠯᠠᠯ ᠬᠠᠮᠲᠤᠪᠠᠷ ᠪᠠᠶᠢᠭᠤᠯᠬᠤ︾ ᠵᠠᠭᠪᠤᠷ ᠢ ᠬᠡᠷᠡᠭᠯᠡᠨ᠂ ᠲᠣᠰᠬᠤᠨ ᠤ ᠬᠠᠮᠲᠤ ᠨᠡᠶᠢᠲᠡ ᠠᠴᠠ ᠬᠠᠷᠢᠶ᠎ᠠ ᠣᠷᠣᠨ ᠤ ᠳᠣᠲᠣᠷᠠᠬᠢ ᠦᠯᠡᠳᠡᠭᠳᠡᠯ ᠠᠭᠤᠷᠬᠠᠢ ᠶᠢᠨ ᠨᠦᠬᠡ ᠶᠢ ᠲᠥᠪᠯᠡᠷᠡᠭᠦᠯᠦᠨ ᠡᠭᠡᠭᠦᠯᠦᠨ ᠪᠥᠭᠯᠡᠵᠦ ᠵᠠᠰᠠᠬᠤ ᠪᠠ ᠠᠮᠢ ᠠᠬᠤᠢ ᠶᠢ ᠵᠠᠰᠠᠨ ᠰᠡᠷᠭᠦᠭᠡᠵᠦ᠂ ᠳᠠᠷᠠᠭ᠎ᠠ ᠳᠤᠨᠢ ᠠᠵᠤ ᠠᠬᠤᠶᠢᠯᠠᠯ ᠠᠴᠠ ᠪᠡᠯᠡ ᠮᠥᠩᠭᠦ ᠭᠠᠷᠭᠠᠵᠤ ᠠᠵᠤ ᠦᠢᠯᠡᠰ ᠤᠨ ᠲᠥᠷᠥᠯ ᠵᠦᠢᠯ ᠢ ᠰᠢᠨ᠎ᠡ ᠪᠠᠷ ᠪᠠᠶᠢᠭᠤᠯᠵᠤ᠂ ᠠᠮᠢ ᠠᠬᠤᠢ  ᠣᠷᠴᠢᠨ ᠲᠣᠭᠤᠷᠢᠨ ᠤ ᠶᠠᠰᠤ ᠴᠢᠨᠠᠷ᠂ ᠭᠠᠵᠠᠷ ᠰᠢᠷᠣᠢ ᠶᠢᠨ ᠠᠰᠢᠭᠯᠠᠯᠲᠠ ᠶᠢᠨ ᠨᠣᠷᠮ᠎ᠠ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠠᠰᠢᠭᠯᠠᠯᠲᠠ ᠶᠢᠨ ᠨᠣᠷᠮ᠎ᠠ᠂ ᠲᠣᠰᠬᠤᠨ ᠤ ᠬᠠᠮᠲᠤ ᠶᠢᠨ ᠲᠥᠷᠥᠯ ᠵᠦᠢᠯ ᠤᠨ ᠬᠥᠭᠵᠢᠯᠲᠡ᠂ ᠲᠠᠷᠢᠶᠠᠴᠢᠳ ᠤᠨ ᠠᠵᠤ ᠠᠬᠤᠢ ᠶᠢᠨ ᠦᠷ᠎ᠡ ᠠᠰᠢᠭ ᠤᠨ ︽ᠲᠠᠪᠤ ᠶᠢ ᠨᠡᠮᠡᠭᠳᠡᠬᠦᠯᠬᠦ︾ ᠶᠢ ᠪᠡᠶᠡᠯᠡᠬᠦᠯᠪᠡ᠃ ᠵᠢᠱᠢᠶᠡᠯᠡᠪᠡᠯ᠂ ᠯᠠᠪᠠᠢ ᠶᠢᠨ ᠠᠭᠤᠯᠠ ᠲᠣᠰᠬᠤᠨ ᠡᠩ ᠤᠨ ᠠᠵᠤ ᠦᠢᠯᠡᠳᠪᠦᠷᠢ ᠶᠢᠨ ᠡᠩ ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠦᠷᠦᠯ ᠵᠦᠢᠯ ᠢ ᠣᠷᠣᠭᠤᠯᠤᠨ ᠠᠪᠴᠢᠷᠠᠵᠤ᠂ ᠠᠵᠤ ᠦᠢᠯᠡᠳᠪᠦᠷᠢ ᠶᠢᠨ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠵᠤ᠂ ᠠᠵᠤ ᠠᠬᠤᠶᠢᠯᠠᠯ ᠤᠨ ᠠᠰᠢᠭ ᠣᠯᠵᠠᠪᠤᠷᠢ ᠶᠢ ᠪᠡᠶᠡᠯᠡᠭᠦᠯᠬᠦ ᠶᠢᠨ ᠬᠠᠮᠲᠤ᠂ ᠠᠷᠠᠳ ᠤᠯᠠᠨ ᠤ ᠰᠡᠷᠬᠦᠬᠡᠨ ᠬᠠᠭᠠᠯᠪᠤᠷᠢᠯᠠᠭᠰᠠᠨ ᠭᠠᠵᠠᠷ ᠰᠢᠷᠣᠢ ᠶᠢ ᠤᠷᠳᠤ ᠬᠤᠭᠤᠴᠠᠭ᠎ᠠ ᠪᠠᠷ ᠡᠷᠭᠢᠯᠲᠡ ᠳᠤ ᠣᠷᠣᠭᠤᠯᠬᠤ ᠶᠢᠨ ᠬᠠᠮᠲᠤ ᠠᠰᠢᠭ ᠣᠯᠵᠠᠪᠤᠷᠢ ᠲᠠᠢ ᠪᠣᠯᠭᠠᠵᠤ᠂ 2023 ᠣᠨ ᠳᠤ ᠲᠤᠰ ᠲᠦᠷᠦᠯ ᠵᠦᠢᠯ ᠨᠢ ᠲᠣᠰᠬᠤᠨ ᠤ ᠬᠠᠮᠲᠤ ᠶᠢᠨ ᠠᠵᠤ ᠠᠬᠤᠢ ᠳᠤ 27 ᠲᠦᠮᠡᠨ ᠲᠥᠭᠦᠷᠢᠭ ᠤᠨ ᠣᠷᠣᠯᠭ᠎ᠠ ᠣᠯᠭᠤᠵᠠᠢ︔ ᠰᠡᠷᠭᠦᠭᠡᠨ ᠬᠠᠭᠠᠯᠪᠤᠷᠢᠯᠠᠵᠤ ᠪᠤᠴᠠᠭᠠᠨ ᠥᠭᠬᠦ ᠣᠷᠣᠨ ᠳᠤ ᠤᠯᠤᠰ ᠤᠨ ᠴᠠᠬᠢᠯᠭᠠᠨ ᠬᠦᠴᠦᠨ ᠤ ᠢᠯᠴᠢ ᠶᠢᠨ ᠴᠠᠬᠢᠯᠭᠠᠨ ᠢ ᠠᠮᠢᠳᠤᠯᠢᠭ ᠢᠶᠠᠷ ᠦᠬᠡᠷᠡᠴᠢᠯᠡᠨ ᠰᠢᠨ᠎ᠡ ᠡᠨᠧᠷᠬᠢ ᠶᠢᠨ ᠬᠡᠷᠡᠯ ᠴᠡᠨᠡᠭ ᠢᠶᠠᠷ ᠴᠠᠬᠢᠯᠭᠠᠨ ᠭᠠᠷᠭᠠᠬᠤ ᠲᠦᠷᠦᠯ ᠵᠦᠢᠯ ᠢ ᠵᠠᠬ᠎ᠠ ᠳᠡᠯᠬᠡᠬᠦᠷᠴᠢᠯᠡᠨ ᠰᠢᠨᠹᠬᠡᠬᠡᠬᠦ  ᠶᠢ ᠠᠬᠢᠭᠤᠯᠵᠤ᠂ ᠨᠡᠶᠢᠲᠡ 11.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 8044 ᠮᠦ ᠭᠠᠵᠠᠷ ᠡᠵᠡᠯᠡᠨ᠂ 2023 ᠣᠨ ᠤ ᠡᠴᠦᠰ ᠲᠤ ᠨᠢᠭᠡᠨᠲᠡ ᠠᠩᠬ᠎ᠠ ᠤᠳᠠᠭ᠎ᠠ ᠲᠣᠣᠷ ᠲᠤ ᠨᠡᠶᠢᠯᠡᠭᠦᠯᠬᠦ ᠠᠵᠢᠯ ᠢ ᠪᠡᠶᠡᠯᠡᠭᠦᠯᠵᠦ᠂ ᠵᠢᠱᠢᠯᠲᠡ ᠪᠠᠷ ᠵᠢᠯ ᠪᠦᠷᠢ ᠲᠣᠰᠬᠤᠨ ᠤ ᠬᠠᠮᠲᠤ ᠶᠢᠨ ᠠᠵᠤ ᠠᠬᠤᠢ᠂ ᠲᠣᠰᠬᠤᠨ ᠤ ᠠᠷᠠᠳ ᠤᠨ ᠳᠤᠭᠤᠶᠢᠯᠠᠩ ᠳᠤ ᠲᠣᠰ ᠲᠣᠰ 40 ᠲᠦᠮᠡᠨ ᠲᠥᠭᠦᠷᠢᠭ ᠤᠨ ᠣᠷᠣᠯᠭ᠎ᠠ ᠡᠭᠦᠳᠴᠦ ᠥᠭᠭᠦᠨ᠎ᠡ᠃       ︵ᠭᠤᠷᠪᠠ︶ ᠡᠬᠢ ᠪᠠᠶᠠᠯᠢᠭ ᠤᠨ ᠲᠥᠷᠥᠯ ᠤᠨ ᠬᠤᠷᠰᠢᠨ ᠡᠵᠡᠩᠨᠡᠬᠦ ᠬᠡᠯᠪᠡᠷᠢ      ᠪᠠᠯᠭᠠᠰᠤ᠂ ᠲᠣᠰᠬᠤᠨ ᠬᠤᠶᠠᠷ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠣᠰᠬᠤᠨ ᠤ ᠠᠷᠠᠳ ᠤᠨ ᠳᠤᠭᠤᠶᠢᠯᠠᠩ ᠢ ᠬᠥᠲᠥᠯᠥᠨ ᠵᠢᠯᠤᠭᠤᠳᠴᠤ ᠪᠠᠶᠢᠭᠠᠳ ᠬᠠᠮᠲᠤ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠢ ᠪᠠᠶᠢᠭᠤᠯᠤᠨ᠂ ︽ᠨᠠᠮ ᠤᠨ ᠪᠠᠶᠢᠭᠤᠯᠤᠯᠲᠠ ᠪᠠᠷ ᠳᠤᠯᠤᠭᠠᠶᠢᠯᠠᠭᠤᠯᠬᠤ᠂ ᠡᠬᠢ ᠪᠠᠶᠠᠯᠢᠭ ᠲᠤ ᠲᠦᠰᠢᠭᠯᠡᠬᠦ᠂ ᠠᠵᠤ ᠠᠬᠤᠶᠢᠯᠠᠯ ᠣᠷᠣᠨ ᠨᠤᠲᠤᠭ ᠬᠠᠮᠲᠤᠷᠠᠯᠴᠠᠬᠤ᠂ ᠠᠭᠤᠷᠬᠠᠢ ᠶᠢᠨ ᠣᠷᠣᠨ ᠳᠤ ᠦᠢᠯᠡᠴᠢᠯᠡᠬᠦ︾ ᠵᠠᠭᠪᠤᠷ ᠢᠶᠠᠷ ᠳᠠᠮᠵᠢᠭᠤᠯᠵᠤ᠂ ᠬᠠᠷᠢᠶ᠎ᠠ ᠣᠷᠣᠨ ᠤ ᠨᠡᠭᠦᠷᠡᠰᠦᠨ ᠤ ᠠᠵᠤ ᠠᠬᠤᠶᠢᠯᠠᠯ ᠤᠨ ᠭᠠᠵᠠᠷ ᠰᠢᠷᠣᠢ ᠶᠢ ᠰᠡᠷᠭᠦᠭᠡᠨ ᠬᠠᠭᠠᠯᠪᠤᠷᠢᠯᠠᠬᠤ ᠵᠢᠴᠢ ᠬᠠᠮᠢᠶ᠎ᠠ ᠪᠦᠬᠦᠢ ᠢᠵᠢ ᠪᠦᠷᠢᠳᠦᠭᠰᠡᠨ ᠦᠢᠯᠡᠴᠢᠯᠡᠭᠡ ᠳᠤ ᠣᠷᠣᠯᠴᠠᠵᠤ᠂ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠦᠭᠰᠡᠨ ᠮᠥᠷᠲᠡᠭᠡᠨ ᠪᠠᠰᠠ ᠨᠡᠭᠦᠷᠡᠰᠦᠨ ᠤ ᠠᠵᠤ ᠠᠬᠤᠶᠢᠯᠠᠯ ᠤᠨ ᠬᠡᠪ ᠤᠨ ᠠᠵᠢᠯᠯᠠᠭᠠᠨ ᠢ ᠪᠠᠳᠤᠯᠠᠵᠤ᠂ ᠠᠵᠤ ᠠᠬᠤᠶᠢᠯᠠᠯ ᠣᠷᠣᠨ ᠨᠤᠲᠤᠭ ᠤᠨ ᠵᠥᠷᠢᠴᠡᠯ ᠢ ᠶᠡᠭᠡ ᠬᠡᠮᠵᠢᠶ᠎ᠡ ᠪᠠᠷ ᠨᠠᠮᠳᠠᠭᠤᠯᠵᠠᠢ᠃ ᠵᠢᠱᠢᠶᠡᠯᠡᠪᠡᠯ᠂ 2014 ᠣᠨ ᠳᠤ  ᠳᠡᠬᠡᠷᠡᠮ᠎ᠡ ᠶᠢᠨ ᠰᠢᠯᠢ ᠲᠣᠰᠬᠤᠨ ᠬᠠᠶᠢᠽᠢ ᠶᠢᠨ ᠭᠤᠤᠯ ᠲᠣᠰᠬᠤᠨ ᠤ ᠠᠷᠠᠳ ᠤᠨ ᠳᠤᠭᠤᠶᠢᠯᠠᠩ ᠤᠨ 176 ᠲᠠᠷᠢᠶᠠᠴᠢᠨ ᠡᠷᠦᠬᠡ ᠬᠤᠪᠢ ᠣᠷᠣᠭᠤᠯᠤᠨ ᠬᠠᠶᠢᠽᠢ ᠶᠢᠨ ᠭᠤᠤᠯ ᠬᠤᠷᠰᠢᠶᠠᠵᠢᠯ ᠤᠨ ᠬᠠᠮᠲᠤ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠢ ᠪᠠᠶᠢᠭᠤᠯᠵᠤ᠂ ᠨᠡᠶᠢᠳᠡ 380 ᠭᠠᠷᠤᠢ ᠲᠦᠮᠡᠨ ᠲᠥᠭᠦᠷᠢᠭ ᠤᠨ ᠪᠡᠯᠡ ᠮᠥᠩᠭᠦ ᠴᠤᠭᠯᠠᠭᠤᠯᠤᠨ ᠠᠰᠬᠠᠭᠤᠷᠳᠤ ᠮᠠᠰᠢᠨ᠂ ᠠᠴᠢᠶᠠᠨ ᠤ ᠮᠠᠰᠢᠨ᠂ ᠤᠰᠤ ᠰᠦᠷᠴᠢᠬᠦ ᠲᠡᠷᠭᠡ ᠵᠡᠷᠭᠡ ᠮᠠᠰᠢᠨ ᠮᠧᠬᠠᠨᠢᠭ ᠬᠤᠳᠠᠯᠳᠤᠨ ᠠᠪᠴᠤ᠂ ᠸᠠᠨ ᠯᠢ ᠨᠢᠭᠡᠳᠦᠭᠡᠷ ᠠᠭᠤᠷᠬᠠᠢ ᠶᠢᠨ ᠴᠢᠯᠠᠭᠤ ᠶᠢ ᠵᠥᠭᠡᠭᠡᠪᠦᠷᠢᠯᠡᠬᠦ᠂ ᠪᠤᠯᠠᠵᠤ ᠵᠠᠳᠠᠷᠠᠭᠤᠯᠬᠤ᠂ ᠤᠰᠤ ᠰᠦᠷᠴᠢᠵᠦ ᠲᠣᠭᠤᠰᠣ ᠶᠢ ᠳᠠᠷᠤᠬᠤ᠂ ᠬᠤᠭ ᠨᠣᠪᠰᠢ ᠶᠢ ᠴᠡᠪᠡᠷᠯᠡᠬᠦ ᠵᠡᠷᠭᠡ ᠲᠤᠬᠠᠶᠢᠯᠠᠭᠰᠠᠨ ᠠᠵᠢᠯ ᠢ ᠳᠠᠭᠠᠭᠠᠨ ᠠᠪᠴᠤ᠂ ᠡᠬᠢ ᠪᠠᠶᠠᠯᠢᠭ ᠢ ᠡᠳ᠋ ᠬᠥᠷᠥᠩᠭᠡ ᠪᠣᠯᠭᠠᠨ ᠬᠤᠪᠢᠷᠠᠭᠤᠯᠬᠤ᠂ ᠪᠡᠯᠡ ᠮᠥᠩᠭᠦ ᠶᠢ ᠬᠤᠪᠢ ᠣᠷᠣᠭᠤᠯᠤᠭᠰᠠᠨ ᠮᠥᠩᠭᠦ ᠪᠣᠯᠭᠠᠨ ᠬᠤᠪᠢᠷᠠᠭᠤᠯᠬᠤ᠂ ᠲᠣᠰᠬᠤᠨ ᠤ ᠠᠷᠠᠳ ᠢ ᠬᠤᠪᠢ ᠣᠷᠣᠭᠤᠯᠤᠭᠴᠢ ᠪᠣᠯᠭᠠᠨ ᠬᠤᠪᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ 2023 ᠣᠨ ᠳᠤ ᠪᠦᠬᠦ ᠬᠤᠷᠰᠢᠶᠠᠵᠢᠯ ᠤᠨ ᠭᠡᠰᠢᠭᠦᠳ ᠬᠥᠮᠥᠨ ᠪᠦᠷᠢ ᠳᠤ 4.3 ᠲᠦᠮᠡᠨ ᠲᠥᠭᠦᠷᠢᠭ ᠤᠨ ᠠᠰᠢᠭ ᠬᠤᠪᠢᠶᠠᠷᠢᠯᠠᠪᠠ᠃       ᠭᠤᠷᠪᠠ᠂ ᠲᠤᠷᠰᠢᠯᠭ᠎ᠠ ᠶᠢᠨ ᠰᠡᠩᠬᠡᠷᠡᠭᠦᠯᠦᠯ       ︵ᠨᠢᠭᠡ︶ ᠲᠠᠷᠢᠶᠠᠴᠢᠳ ᠤᠨ ᠡᠷᠬᠡ ᠠᠰᠢᠭ ᠲᠤ ᠠᠩᠬᠠᠷᠤᠯ ᠢᠶᠠᠨ ᠲᠥᠪᠯᠡᠷᠡᠭᠦᠯᠬᠦ ᠪᠣᠯ ᠦᠨᠳᠦᠰᠦᠨ ᠤᠷᠢᠲᠠᠯ ᠮᠥᠨ᠃       ᠭᠠᠵᠠᠷ ᠰᠢᠷᠣᠢ ᠪᠣᠯ ᠬᠥᠳᠡᠭᠡ ᠲᠣᠰᠬᠤᠨ ᠤ ᠬᠥᠭᠵᠢᠯᠲᠡ ᠶᠢᠨ ᠬᠠᠮᠤᠭ ᠤᠨ ᠦᠨᠳᠦᠰᠦᠨ ᠦᠢᠯᠡᠳᠪᠦᠷᠢᠯᠡᠯ ᠤᠨ ᠬᠡᠷᠡᠭᠰᠡᠯ ᠮᠥᠨ᠂ ᠪᠠᠰᠠ ᠴᠤ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠬᠦ ᠶᠢᠨ ᠬᠠᠮᠤᠭ ᠤᠨ ᠦᠨᠳᠦᠰᠦᠨ ᠬᠥᠷᠥᠩᠭᠡ ᠮᠥᠨ᠃ ᠭᠠᠭᠴᠠ ᠬᠦ ᠲᠠᠷᠢᠶᠠᠴᠢᠨ ᠢᠶᠠᠷ ᠭᠤᠣᠯ ᠴᠣᠭᠴᠠ ᠪᠣᠯᠭᠠᠵᠤ᠂ ᠲᠠᠷᠢᠶᠠᠴᠢᠳ ᠤᠨ ᠬᠦᠰᠡᠯ ᠰᠠᠨᠠᠭ᠎ᠠ ᠶᠢ ᠭᠦᠢᠴᠡᠳ ᠬᠦᠨᠳᠦᠳᠬᠡᠨ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠴᠡᠭᠴᠡᠯᠡᠨ ᠵᠠᠰᠠᠬᠤ ᠶᠠᠪᠤᠴᠠ ᠳᠤ ᠭᠦᠨᠵᠡᠭᠡᠢ ᠣᠷᠣᠯᠴᠠᠭᠤᠯᠵᠤ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠤᠨ ᠠᠰᠢᠭ ᠢ ᠡᠳ᠋ᠯᠡᠭᠦᠯᠪᠡᠯ᠂ ᠠᠭᠤᠷᠬᠠᠢ ᠶᠢᠨ ᠣᠷᠣᠨ ᠤ ᠰᠡᠷᠬᠦᠬᠡᠨ ᠬᠠᠭᠠᠯᠪᠤᠷᠢᠯᠠᠭᠰᠠᠨ ᠭᠠᠵᠠᠷ ᠰᠢᠷᠣᠢ ᠶᠢ ᠶᠡᠷᠦᠩᠬᠡᠶᠢᠯᠡᠨ ᠠᠰᠢᠭᠯᠠᠬᠤ ᠶᠢ ᠬᠦᠴᠦᠲᠡᠢ ᠠᠬᠢᠭᠤᠯᠵᠤ ᠴᠢᠳᠠᠨ᠎ᠠ ᠭᠡᠳᠡᠭ ᠢ ᠪᠣᠳᠠᠲᠤ ᠬᠡᠷᠡᠭ ᠭᠡᠷᠡᠴᠢᠯᠡᠪᠡ᠃      ︵ᠬᠤᠶᠠᠷ︶ ︽ᠰᠢᠢᠳᠪᠤᠷᠢᠯᠡᠬᠦ ᠰᠡᠳᠬᠢᠬᠦᠢ︾ ᠳᠤ ᠠᠩᠬᠠᠷᠤᠯ ᠢᠶᠠᠨ ᠲᠥᠪᠯᠡᠷᠡᠭᠦᠯᠬᠦ ᠪᠣᠯ ᠭᠤᠣᠯᠳᠠᠯᠭ᠎ᠠ ᠪᠣᠯᠣᠨ᠎ᠠ᠃       ᠭᠠᠵᠠᠷ ᠰᠢᠷᠣᠢ ᠶᠢᠨ ᠠᠰᠢᠭᠯᠠᠯᠲᠠ ᠶᠢᠨ ᠬᠥᠭᠵᠢᠯᠲᠡ ᠶᠢᠨ ᠣᠷᠣᠨ ᠵᠠᠢ ᠬᠢᠵᠠᠭᠠᠷᠯᠠᠭᠳᠠᠵᠤ᠂ ᠡᠬᠢ ᠪᠠᠶᠠᠯᠢᠭ ᠤᠨ ᠬᠢᠵᠠᠭᠠᠷᠯᠠᠯ ᠴᠢᠩᠭᠠᠷᠠᠬᠤ ᠬᠠᠨᠳᠤᠰᠢ ᠲᠠᠢ ᠪᠠᠶᠢᠬᠤ ᠨᠢ ᠨᠢᠭᠡᠨᠲᠡ ᠨᠡᠶᠢᠳᠡᠮ ᠲᠤᠯᠭᠠᠷᠠᠵᠤ ᠪᠠᠶᠢᠭ᠎ᠠ ᠨᠡᠶᠢᠲᠡᠯᠢᠭ ᠴᠢᠨᠠᠷᠲᠠᠢ ᠪᠡᠷᠬᠡ ᠰᠡᠳᠦᠪ ᠪᠣᠯᠵᠠᠢ᠃ ᠲᠥᠩᠴᠤᠸᠠᠨ ᠪᠠᠯᠭᠠᠰᠤᠨ ᠤ ᠬᠢᠨ ᠠᠰᠠᠭᠤᠳᠠᠯ ᠤᠨ ᠲᠤᠬᠠᠢ ᠤᠬᠠᠮᠰᠠᠷ ᠢᠶᠠᠨ ᠴᠢᠩᠭᠠᠳᠬᠠᠵᠤ᠂ ︽ᠰᠢᠢᠳᠪᠦᠷᠢᠯᠡᠬᠦ ᠰᠡᠳᠬᠢᠬᠦᠢ︾ ᠶᠢ ᠪᠠᠲᠤ ᠪᠠᠬᠢ ᠪᠣᠶ ᠪᠤᠯᠭᠠᠨ᠂ ᠬᠠᠷᠢᠶ᠎ᠠ ᠣᠷᠣᠨ ᠤ ᠡᠬᠢ ᠪᠠᠶᠠᠯᠢᠭ ᠤᠨ ᠡᠯᠧᠮᠧᠨ᠋ᠲ ᠢ ᠡᠮᠬᠢᠯᠡᠨ ᠨᠡᠶᠢᠯᠡᠭᠦᠯᠵᠦ᠂ ᠬᠠᠤᠯᠢ ᠴᠠᠭᠠᠵᠠ᠂ ᠲᠥᠷᠥ ᠶᠢᠨ ᠪᠣᠳᠣᠯᠭ᠎ᠠ᠂ ᠠᠵᠤ ᠠᠬᠤᠢ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠠᠵᠤ ᠠᠬᠤᠶᠢᠯᠠᠯ ᠤᠨ ᠠᠰᠢᠭ ᠣᠯᠵᠠᠪᠤᠷᠢ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠵᠡᠷᠭᠡ ᠭᠤᠷᠪᠠᠨ ᠲᠠᠯ᠎ᠠ ᠳᠤ ᠰᠠᠭᠤᠷᠢᠯᠠᠨ᠂ ᠡᠬᠢ ᠪᠠᠶᠠᠯᠢᠭ ᠤᠨ ᠡᠯᠧᠮᠧᠨ᠋ᠲ ᠢ ᠡᠮᠬᠢᠯᠡᠨ ᠨᠡᠶᠢᠯᠡᠭᠦᠯᠬᠦ᠂ ︽ᠨᠢᠭᠡ ᠴᠣᠭᠴᠠᠵᠢᠭᠤᠯᠬᠤ︾ ᠪᠠᠷ ᠭᠠᠵᠠᠷ ᠰᠢᠷᠣᠢ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠵᠤ᠂ ᠰᠡᠷᠭᠦᠭᠡᠨ ᠬᠠᠭᠠᠯᠪᠤᠷᠢᠯᠠᠬᠤ ᠭᠠᠵᠠᠷ ᠰᠢᠷᠣᠢ ᠶᠢᠨ ᠠᠵᠤ ᠠᠬᠤᠢ᠂ ᠨᠡᠶᠢᠭᠡᠮ᠂ ᠠᠮᠢ ᠠᠬᠤᠢ ᠵᠡᠷᠭᠡ ᠶᠢᠨ ᠥᠷᠲᠡᠭ ᠢ ᠶᠡᠷᠦᠩᠬᠡᠶᠢᠯᠡᠨ ᠳᠡᠭᠡᠭᠰᠢᠯᠡᠭᠦᠯᠬᠦ ᠶᠢ ᠪᠡᠶᠡᠯᠡᠭᠦᠯᠪᠡ᠃       ︵ᠭᠤᠷᠪᠠ︶ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠬᠦ ᠪᠣᠯ ᠵᠠᠩᠭᠢᠯᠠᠭ᠎ᠠ ᠶᠢᠨ ᠡᠯᠧᠮᠧᠨ᠋ᠲ ᠮᠥᠨ᠃       ᠰᠡᠷᠭᠦᠭᠡᠨ ᠬᠠᠭᠠᠯᠪᠤᠷᠢᠯᠠᠭᠰᠠᠨ ᠭᠠᠵᠠᠷ ᠰᠢᠷᠣᠢ ᠶᠢ ᠳᠠᠬᠢᠨ ᠠᠰᠢᠭᠯᠠᠬᠤ ᠶᠢᠨ ᠡᠮᠦᠨᠡᠬᠢ ᠬᠤᠭᠤᠴᠠᠭᠠᠨ ᠤ ᠲᠥᠯᠦᠪᠵᠢᠭᠦᠯᠭᠡ ᠪᠠ ᠭᠠᠵᠠᠷ ᠰᠢᠷᠣᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠢ ᠰᠠᠶᠢᠲᠤᠷ ᠬᠢᠬᠦ ᠪᠣᠯ ᠭᠠᠵᠠᠷ ᠰᠢᠷᠣᠢ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠶᠢᠨ ᠤᠷᠢᠲᠠᠯ ᠨᠥᠬᠦᠴᠡᠯ ᠮᠥᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠴᠢᠳᠠᠮᠠᠭᠠᠢ ᠪᠠᠷ ᠬᠦᠳᠦᠯᠦᠨ ᠵᠢᠯᠤᠭᠤᠳᠴᠤ᠂ ᠭᠠᠵᠠᠷ ᠰᠢᠷᠣᠢ ᠶᠢᠨ ᠪᠥᠬᠦ ᠬᠦᠴᠦᠨ ᠵᠦᠢᠯ ᠤᠨ  ᠪᠤᠳᠠᠳᠤ ᠪᠠᠶᠢᠳᠠᠯ ᠲᠠᠢ ᠤᠶᠠᠯᠳᠤᠭᠤᠯᠵᠤ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠠᠵᠤ ᠦᠢᠯᠡᠰ ᠤᠨ ᠬᠥᠭᠵᠢᠯᠲᠡ ᠶᠢᠨ ᠠᠰᠢᠭᠲᠠᠢ ᠨᠥᠬᠦᠴᠡᠯ ᠢ ᠴᠢᠩᠭ᠎ᠠ ᠠᠳᠬᠤᠨ᠂ ᠠᠵᠤ ᠦᠢᠯᠡᠰ ᠤᠨ ᠲᠥᠷᠥᠯ ᠵᠦᠢᠯ ᠢ ᠣᠯᠠᠨ ᠠᠷᠭ᠎ᠠ ᠵᠠᠮ᠂ ᠣᠯᠠᠨ ᠬᠦᠷᠢᠶ᠎ᠡ ᠴᠠᠷᠠᠭ᠎ᠠ᠂ ᠣᠯᠠᠨ ᠲᠠᠯ᠎ᠠ ᠪᠠᠷ ᠪᠠᠶᠢᠷᠢᠯᠠᠭᠤᠯᠪᠠ᠃ ᠪᠠᠯᠭᠠᠰᠤ᠂ ᠲᠣᠰᠬᠤᠨ᠂ ᠬᠤᠷᠰᠢᠶ᠎ᠠ᠂ ᠠᠵᠤ ᠠᠬᠤᠶᠢᠯᠠᠯ ᠤᠨ ᠡᠯ᠎ᠡ ᠲᠠᠯ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ᠂ ᠭᠠᠵᠠᠷ ᠰᠢᠷᠣᠢ ᠶᠢ ᠶᠡᠷᠦᠩᠬᠡᠶᠢᠯᠡᠨ ᠠᠰᠢᠭᠯᠠᠬᠤ ᠣᠯᠠᠨ ᠲᠠᠯ᠎ᠠ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠪᠡᠯ᠂ ᠭᠠᠵᠠᠷ ᠰᠢᠷᠣᠢ ᠶᠢᠨ ᠠᠰᠢᠭᠯᠠᠯᠲᠠ ᠪᠠ ᠠᠵᠤ ᠦᠢᠯᠡᠰ ᠤᠨ ᠬᠥᠭᠵᠢᠯᠲᠡ ᠶᠢᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠪᠥᠬᠦ ᠬᠦᠴᠦᠨ ᠢᠶᠠᠷ ᠢᠶᠠᠨ ᠪᠦᠷᠢᠯᠳᠦᠬᠦᠯᠵᠤ᠂ ᠭᠠᠵᠠᠷ ᠰᠢᠷᠣᠢ ᠶᠢᠨ ᠡᠬᠢ ᠪᠠᠶᠠᠯᠢᠭ ᠢ ᠥᠨᠳᠥᠷ ᠪᠦᠲᠦᠮᠵᠢᠲᠡᠶ ᠠᠰᠢᠭᠯᠠᠬᠤ ᠶᠢ ᠠᠬᠢᠭᠤᠯᠤᠨ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠳᠤ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ