2024 ᠣᠨ ᠤ 1 — 2 ᠰᠠᠷ᠎ᠠ ᠳᠤ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ ᠰᠡᠷᠭᠦᠪᠡ
ᠨᠡᠶᠢᠲᠡᠯᠡᠭᠰᠡᠨ ᠴᠠᠭ᠄
2024/3/22
    1 — 2 ᠰᠠᠷ᠎ᠠ ᠳᠤ᠂ ᠳ᠋ᠦᠩᠱᠧᠩ ᠲᠣᠭᠤᠷᠢᠭ ᠤᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ ᠶᠢᠨ ᠶᠡᠷᠦᠩᠬᠡᠢ ᠲᠤᠭ᠎ᠠ 39.51 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 3.5% ᠪᠠᠷ ᠨᠡᠮᠡᠭᠳᠡᠪᠡ᠃ ᠬᠢᠵᠠᠭᠠᠷᠯᠠᠯ ᠠᠴᠠ ᠳᠡᠭᠡᠭᠰᠢᠬᠢ ᠲᠠᠸᠠᠷ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ 18.91 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.9% ᠪᠠᠷ ᠨᠡᠮᠡᠭᠳᠡᠪᠡ᠃ ᠬᠢᠵᠠᠭᠠᠷᠯᠠᠯ  ᠠᠴᠠ ᠲᠡᠭᠡᠭᠰᠢᠬᠢ ᠭᠤᠤᠯᠲᠠᠯᠭ᠎ᠠ ᠲᠠᠢ ᠬᠢᠨᠠᠨ ᠬᠡᠮᠵᠢᠭᠰᠡᠨ 19 ᠲᠦᠷᠤᠯ ᠤᠨ ᠬᠢᠨᠢ ᠲᠠᠸᠠᠷ ᠤᠨ ᠲᠤᠲᠤᠷ᠎ᠠ᠂ 9 ᠲᠦᠷᠤᠯ ᠤᠨ ᠵᠢᠵᠢᠭᠯᠡᠨ ᠪᠤᠷᠤᠯᠠᠭᠤᠯᠤᠭᠰᠠᠨ ᠬᠡᠮᠵᠢᠶ᠎ᠡ ᠨᠡᠮᠡᠭᠲᠡᠵᠤ᠂ ᠨᠡᠮᠡᠭᠳᠡᠭᠰᠡᠨ ᠬᠡᠪᠴᠢᠶ᠎ᠠ ᠨᠢ 47.4% ᠪᠤᠯᠤᠨ᠎ᠠ᠃     ᠭᠤᠤᠯᠳᠠᠯᠭ᠎ᠠ ᠲᠠᠢ ᠲᠠᠸᠠᠷ ᠤᠨ ᠬᠤᠪᠢ ᠨᠡᠮᠡᠷᠢ ᠨᠢ ᠲᠣᠪᠤᠶᠢᠮ᠎ᠠ ᠪᠠᠶᠢᠵᠤ᠂ ᠬᠢᠵᠠᠭᠠᠷᠯᠠᠯ ᠠᠴᠠ ᠳᠡᠭᠡᠭᠰᠢᠬᠢ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ ᠶᠢᠨ ᠡᠵᠡᠯᠡᠬᠦ ᠬᠤᠪᠢ ᠶᠢᠨ ᠵᠢᠩ ᠨᠢ 49.3% ᠳᠤ ᠬᠦᠷᠦᠭᠰᠡᠨ ᠮᠠᠰᠢᠨ ᠲᠡᠷᠭᠡᠨ ᠤ ᠲᠥᠷᠥᠯ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 1.6% ᠪᠠᠷ ᠨᠡᠮᠡᠭᠳᠡᠵᠦ᠂ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ ᠶᠢᠨ ᠡᠵᠡᠯᠡᠬᠦ ᠬᠤᠪᠢ ᠶᠢᠨ ᠵᠢᠩ ᠨᠢ 20.7% ᠳᠤ ᠬᠦᠷᠦᠭᠰᠡᠨ ᠬᠤᠪᠴᠠᠰᠤ ᠬᠤᠨᠠᠷ᠂ ᠱᠠᠬᠠᠶ ᠮᠠᠯᠠᠭᠠᠶ᠂ ᠨᠡᠬᠡᠮᠡᠯ ᠤᠨ ᠲᠥᠷᠥᠯ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 30.1 ᠪᠠᠷ ᠨᠡᠮᠡᠭᠳᠡᠵᠦ᠂ ᠬᠤᠶᠠᠷ ᠶᠡᠭᠡ ᠲᠥᠷᠥᠯ ᠤᠨ ᠲᠠᠸᠠᠷ ᠤᠨ ᠬᠢᠵᠠᠭᠠᠷᠯᠠᠯ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠨᠡᠮᠡᠭᠳᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠣᠷᠮ᠎ᠠ ᠨᠢ 128.1% ᠳᠤ ᠬᠦᠷᠴᠦ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ ᠶᠢ 6.3 ᠵᠠᠭᠤᠨ ᠤ ᠬᠤᠪᠢ ᠳᠠᠶᠢᠴᠢᠯᠠᠪᠠ᠃     ᠠᠷᠠᠳ ᠤᠨ ᠠᠮᠢᠳᠤᠷᠠᠯ ᠤᠨ ᠲᠥᠷᠥᠯ ᠤᠨ ᠲᠠᠸᠠᠷ ᠲᠣᠭᠲᠠᠭᠤᠨ ᠪᠠᠶᠢᠬᠤ ᠶᠢ ᠪᠠᠳᠤᠯᠠᠪᠠ᠂ ᠡᠭᠦᠨ ᠳᠤ ᠢᠳᠡᠰᠢᠨ ᠨᠣᠭᠤᠭ᠎ᠠ 13.8% ᠪᠠᠷ ᠨᠡᠮᠡᠭᠳᠡᠪᠡ︔ ᠤᠮᠳᠠᠭᠠᠨ ᠤ ᠲᠥᠷᠥᠯ 1.2% ᠢᠶᠠᠷ ᠨᠡᠮᠡᠭᠳᠡᠪᠡ᠃ ᠳᠡᠰ ᠳᠡᠪᠰᠢᠬᠦ ᠲᠥᠷᠥᠯ ᠤᠨ ᠲᠠᠸᠠᠷ ᠪᠠ ᠪᠣᠬᠢᠷᠲᠤᠯ ᠥᠬᠡᠶ ᠲᠠᠸᠠᠷ ᠤᠨ ᠬᠡᠷᠡᠭᠯᠡᠭᠡᠨ ᠤ ᠬᠡᠷᠡᠭᠴᠡᠭᠡ ᠶᠢ ᠦᠷᠭᠦᠯᠵᠢᠯᠡᠨ ᠪᠠᠳᠠᠷᠠᠭᠤᠯᠵᠤ᠂ ᠬᠢᠵᠠᠭᠠᠷᠯᠠᠯ ᠠᠴᠠ ᠳᠡᠭᠡᠭᠰᠢᠬᠢ ᠨᠢᠭᠡᠴᠢ ᠶᠢᠨ ᠠᠯᠲᠠ ᠮᠦᠩᠬᠦ ᠰᠤᠪᠤᠳ ᠡᠷᠳᠡᠨᠢ ᠶᠢᠨ ᠲᠥᠷᠥᠯ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠥᠷᠥᠯ᠂ ᠠᠷᠢᠬᠢ ᠲᠠᠮᠠᠬᠢᠨ ᠤ ᠲᠥᠷᠥᠯ ᠤᠨ ᠲᠠᠸᠠᠷ ᠤᠨ ᠵᠢᠵᠢᠭᠯᠡᠨ ᠪᠤᠷᠤᠯᠠᠭᠤᠯᠤᠯᠳᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ ᠲᠣᠰ ᠲᠣᠰ 18.3%᠂ 31.5% ᠪᠠ 8.3% ᠪᠠᠷ ᠨᠡᠮᠡᠭᠳᠡᠪᠡ︔ ᠬᠢᠵᠠᠭᠠᠷᠯᠠᠯ ᠠᠴᠠ ᠳᠡᠭᠡᠭᠰᠢᠬᠢ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠪᠤᠷᠤᠯᠠᠭᠤᠯᠤᠯᠳᠠ  ᠶᠢᠨ ᠲᠤᠭ᠎ᠠ 2.55 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 28.3% ᠪᠠᠷ ᠨᠡᠮᠡᠭᠳᠡᠪᠡ᠃ ᠢᠳᠡᠭᠡᠨ ᠤᠮᠳᠠᠭᠠᠨ ᠤ ᠦᠢᠯᠡᠰ ᠲᠦᠷᠭᠡᠨ ᠰᠡᠷᠭᠦᠵᠦ᠂ ᠬᠢᠵᠠᠭᠠᠷᠯᠠᠯ ᠠᠴᠠ ᠳᠡᠭᠡᠭᠰᠢᠬᠢ ᠢᠳᠡᠭᠡᠨ ᠤᠮᠳᠠᠭᠠᠨ ᠤ ᠣᠷᠣᠯᠭ᠎ᠠ 1.37 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 30% ᠪᠠᠷ ᠨᠡᠮᠡᠭᠳᠡᠪᠡ᠃
ᠢᠷᠡᠯᠲᠡ᠄ ᠳ᠋ᠦᠩᠱᠧᠩ ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ